ᠥᠷᠯᠥᠭᠡ ᠴᠣᠬᠤᠮ ᠶᠠᠭᠤ ᠢᠳᠡᠪᠡᠯ ᠪᠡᠶ᠎ᠡ ᠳᠤ ᠰᠠᠶᠢᠨ ᠪᠣᠢ︖
ᠨᠡᠶᠢᠲᠡᠯᠡᠭᠰᠡᠨ ᠴᠠᠭ᠄
2023/9/7
    ᠰᠢᠮ᠎ᠡ ᠲᠡᠵᠢᠭᠡᠯ ᠰᠠᠶᠢᠳᠠᠢ ᠥᠷᠯᠥᠭᠡ ᠶᠢᠨ ᠴᠠᠢ ᠬᠤᠭᠤᠯᠠᠨ ᠳᠤ ᠨᠡᠭᠦᠷᠡᠰᠦ ᠤᠰᠤᠨ ᠤ ᠨᠢᠭᠡᠳᠪᠦᠷᠢ ᠂ ᠤᠭᠤᠷᠠᠭ ᠂ ᠥᠨᠳᠡᠭᠡᠨ ᠹᠣᠰᠹᠣᠷᠲᠤ ᠥᠭᠡᠬᠦ ᠂ ᠸᠢᠲ᠋ᠠᠮᠢᠨ ᠪᠠ ᠡᠷᠦᠳᠡᠰᠦ ᠪᠣᠳᠠᠰ ᠢ ᠪᠠᠭᠲᠠᠭᠠᠨ᠎ᠠ ᠃ 1 ᠂ ᠨᠡᠭᠦᠷᠡᠰᠦ ᠤᠰᠤᠨ ᠤ ᠨᠢᠭᠡᠳᠪᠦᠷᠢ ᠶᠢ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ ᠂ ᠲᠠᠯᠬ᠎ᠠ ᠂ ᠮᠠᠨᠲᠠᠤ ᠂ ᠬᠤᠯᠢᠮᠠᠭ ᠠᠮᠤ ᠶᠢᠨ ᠰᠢᠩᠭᠡᠨ ᠪᠤᠳᠠᠭ᠎ᠠ ᠵᠡᠷᠭᠡ ᠭᠤᠣᠯ ᠢᠳᠡᠭᠡᠨ ᠃ ᠡᠳᠡᠭᠡᠷ ᠨᠢ ᠨᠡᠭᠦᠷᠡᠰᠦ ᠤᠰᠤᠨ ᠤ ᠨᠢᠭᠡᠳᠪᠦᠷᠢ ᠶᠢ ᠠᠭᠤᠯᠵᠣ ᠂ ᠲᠠᠷᠢᠬᠢᠨ ᠳᠤ ᠬᠡᠷᠡᠭᠴᠡᠭᠡ ᠲᠠᠢ ︽ ᠲᠦᠯᠡᠰᠢ ︾ — ᠦᠵᠦᠮ ᠤᠨ ᠰᠢᠬᠢᠷ ᠪᠣᠯᠭᠠᠨ ᠬᠤᠪᠢᠷᠠᠭᠤᠯᠵᠤ ᠂ ᠶᠡᠭᠡ ᠲᠠᠷᠢᠬᠢ ᠶᠢᠨ ᠰᠡᠳᠬᠢᠬᠦ ᠂ ᠴᠡᠭᠡᠵᠢᠯᠡᠬᠦ ᠪᠠ ᠠᠰᠠᠭᠤᠳᠠᠯ ᠢ ᠰᠢᠢᠳᠪᠦᠷᠢᠯᠡᠬᠦ ᠵᠡᠷᠭᠡ ᠶᠠᠪᠤᠳᠠᠯ ᠳᠤ ᠲᠤᠰᠠᠯᠠᠵᠦ ᠪᠣᠯᠤᠨ᠎ᠠ ᠃ 2 ᠂ ᠤᠭᠤᠷᠠᠭ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ ᠂ ᠮᠢᠬ᠎ᠠ ᠂ ᠵᠢᠭᠠᠰᠤ ᠂ ᠦᠨᠢᠶᠡᠨ ᠰᠦ ᠵᠡᠷᠭᠡ ᠨᠢ ᠴᠢᠰᠤᠨ ᠰᠢᠬᠢᠷ ᠢ ᠠᠭᠠᠵᠢᠮ ᠢᠶᠠᠷ ᠳᠡᠭᠡᠭᠰᠢᠯᠡᠭᠦᠯᠦᠭᠰᠡᠨ ᠤ ᠳᠠᠷᠠᠭ᠎ᠠ ᠲᠣᠭᠲᠠᠭᠤᠨ ᠪᠠᠶᠢᠳᠠᠯ ᠢ ᠪᠠᠲᠤᠯᠠᠨ᠎ᠠ ᠃ ᠤᠭᠤᠷᠠᠭ ᠳᠣᠲᠣᠷᠠᠬᠢ ᠲᠠᠷᠠᠭ ᠤᠨ ᠰᠢᠪᠲᠦᠷᠲᠦ ᠬᠦᠴᠢᠯ ᠨᠢ ᠪᠠᠰᠠ ᠬᠥᠮᠦᠨ ᠤ ᠪᠡᠶ᠎ᠡ ᠶᠢᠨ ᠳᠤᠫᠠᠮᠢᠨ ᠪᠠ ᠪᠥᠭᠡᠷ᠎ᠡ ᠶᠢᠨ ᠳᠡᠭᠡᠳᠦ ᠪᠤᠯᠴᠢᠷᠬᠠᠶ ᠶᠢᠨ ᠡᠳ᠋ ᠰᠢᠭᠦᠷᠡᠭᠦᠯᠬᠦ ᠶᠢ ᠠᠬᠢᠭᠤᠯᠵᠤ ᠂ ᠬᠥᠮᠦᠰ ᠤᠨ ᠰᠡᠳᠬᠢᠬᠦᠶ ᠶᠢ ᠬᠤᠷᠴᠠ ᠰᠡᠷᠭᠡᠭ ᠪᠣᠯᠭᠠᠳᠠᠭ ᠃ 3 ᠂ ᠥᠨᠳᠡᠭᠡᠨ ᠹᠣᠰᠹᠣᠷᠲᠤ ᠥᠭᠡᠬᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ ᠂ ᠲᠠᠬᠢᠶᠠᠨ ᠥᠨᠳᠡᠭᠡ ᠂ ᠪᠤᠷᠴᠠᠭ ᠤᠨ ᠢᠳᠡᠭᠡᠨ ᠵᠡᠷᠭᠡ ᠥᠨᠳᠡᠭᠡᠨ ᠹᠣᠰᠹᠣᠷᠲᠤ ᠥᠭᠡᠬᠦ ᠰᠢᠩᠭᠡᠭᠡᠭᠳᠡᠭᠰᠡᠨ ᠤ ᠳᠠᠷᠠᠭ᠎ᠠ ᠰᠥᠰᠥᠨ ᠤ ᠱᠦᠯᠲᠦ ᠢᠯᠭᠠᠷᠠᠭᠤᠯᠵᠤ ᠂ ᠡᠭᠦᠨ ᠤ ᠤᠯᠠᠮ ᠠᠴᠠ ᠮᠡᠳᠡᠷᠡᠯ ᠤᠨ ᠵᠠᠭᠤᠴᠢ ᠳᠠᠮᠵᠢᠭᠤᠯᠤᠭᠴᠢ ᠡᠳ᠋ ᠤᠨ ᠡᠲ᠋ᠠ ᠡᠰᠢᠯᠲᠦ ᠰᠥᠰᠥᠨ ᠤ ᠱᠦᠯᠲᠦ ᠶᠢ ᠨᠡᠶᠢᠯᠡᠭᠦᠯᠦᠨ ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠠᠬᠢᠭᠤᠯᠤᠨ ᠰᠠᠶᠢᠵᠢᠷᠠᠭᠤᠯᠳᠠᠭ ᠃ 4 ᠂ ᠸᠢᠲ᠋ᠠᠮᠢᠨ ᠂ ᠡᠷᠦᠳᠡᠰᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ ᠂ ᠰᠢᠨ᠎ᠡ ᠰᠣᠷᠭᠤᠭ ᠵᠢᠮᠢᠰ ᠨᠣᠭᠤᠭ᠎ᠠ ᠂ ᠸᠢᠲ᠋ᠠᠮᠢᠨ ᠪᠣᠯᠤᠨ ᠡᠷᠦᠳᠡᠰᠦ ᠪᠣᠳᠠᠰ ᠪᠣᠯ ᠶᠡᠭᠡ ᠲᠠᠷᠢᠬᠢᠨ ᠳᠤ ᠳᠤᠲᠠᠭᠳᠠᠵᠤ ᠪᠣᠯᠤᠰᠢ ᠦᠭᠡᠢ ︽ ᠪᠠᠷᠢᠯᠭ᠎ᠠ ᠶᠢᠨ ᠮᠠᠲ᠋ᠧᠷᠢᠶᠠᠯ ︾ ᠮᠥᠨ ᠂ ᠤᠷᠭᠤᠮᠠᠯ ᠤᠨ ᠬᠢᠮᠢ ᠶᠢᠨ ᠪᠣᠳᠠᠰ ᠨᠢ ᠶᠡᠭᠡ ᠲᠠᠷᠢᠬᠢᠨ ᠳᠤ ᠤᠴᠠᠷᠠᠭᠤᠯᠬᠤ ᠴᠢᠯᠥᠭᠡᠲᠦ ᠡᠰ ᠤᠨ ᠬᠤᠬᠢᠷᠠᠯ ᠢ ᠡᠰᠡᠷᠭᠦᠴᠡᠵᠦ ᠂ ᠴᠡᠭᠡᠵᠢᠯᠡᠬᠦ ᠴᠢᠳᠠᠪᠤᠷᠢ ᠶᠢ ᠬᠠᠮᠠᠭᠠᠯᠠᠳᠠᠭ ᠃     
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ