| 2024 ᠣᠨ ᠤ 1 ᠰᠠᠷ᠎ᠠ ᠶᠢᠨ 9 ᠤ ᠡᠳᠦᠷ ᠂ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠳ᠋ᠠ ᠯᠤ᠋ ᠰᠢᠨᠡᠲ᠋ᠣᠭᠤᠷᠢᠭ ᠲᠤ ᠬᠤᠷᠠᠯᠳᠤᠪᠠ ᠃ | ᠬᠤᠷᠠᠯ ᠠᠴᠠ 2023 ᠣᠨ ᠤ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠢ ᠪᠥᠬᠦ ᠲᠠᠯ᠎ᠠ ᠪᠠᠷ ᠳ᠋ᠦᠩᠨᠡᠵᠦ ᠂ ᠣᠳᠣᠬᠠᠨ ᠤ ᠠᠵᠤ ᠠᠬᠤᠢ ᠶᠢᠨ ᠪᠠᠶᠢᠳᠠᠯ ᠢ | ᠭᠦᠨᠵᠡᠭᠡᠢ ᠵᠠᠳᠠᠯᠤᠭᠰᠠᠨ ᠰᠠᠭᠤᠷᠢᠨ ᠳᠡᠭᠡᠷ᠎ᠡ 2024 ᠣᠨ ᠤ ᠭᠤᠣᠯᠳᠠᠯᠭ᠎ᠠ ᠲᠠᠢ ᠠᠵᠢᠯ ᠪᠣᠯᠣᠨ ᠲᠡᠮᠡᠴᠡᠬᠦ ᠬᠠᠷᠠᠯᠲᠠ ᠶᠢ ᠲᠣᠭᠲᠠᠭᠠᠵᠠᠢ ᠂ ᠡᠨᠡ ᠨᠢ ᠬᠤᠰᠢᠭᠤ | ᠲᠠᠶᠠᠭᠠᠷ ᠤᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠂ ᠢᠲᠡᠭᠡᠯ ᠵᠣᠷᠢᠭ ᠢᠶᠠᠨ ᠪᠠᠲᠤᠳᠬᠠᠨ ᠂ ᠡᠨᠡ ᠵᠢᠯ ᠤᠨ ᠠᠵᠤ ᠠᠬᠤᠢ ᠶᠢᠨ ᠠᠵᠢᠯ ᠢ ᠦᠨᠡᠨ ᠬᠦ | ᠠᠳᠬᠤᠵᠤ ᠪᠣᠳᠠᠲᠠᠢ ᠬᠢᠬᠦ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠲᠠᠢ ᠶᠤᠮ ᠃ | 2023 ᠣᠨ ᠳᠤ ᠂ ᠵᠡᠭᠦᠨᠭᠠᠷ ᠬᠤᠰᠢᠭᠤ ᠶᠡᠷᠦ ᠪᠤᠰᠤ ᠶᠢᠨ ᠠᠮᠵᠢᠯᠲᠠ ᠣᠯᠵᠤ ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ︽ | ᠭᠤᠷᠪᠠᠨ ᠳᠥᠷᠪᠡ ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠤ | ᠵᠠᠭᠤᠨ ᠬᠦᠴᠦᠷᠬᠡᠭ ᠰᠢᠶᠠᠨ ᠬᠤᠲᠠ ᠶᠢᠨ 23 ᠳ᠋ᠤᠭᠠᠷ ᠲᠤ ᠳᠠᠪᠰᠢᠨ ᠤᠷᠤᠵᠤ ᠂ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠢ ᠬᠡᠮᠵᠢᠶ᠎ᠡ ᠂ ᠬᠤᠷᠳᠤᠴᠠ ᠂ | ᠴᠢᠨᠠᠷᠵᠢᠯ ᠨᠢ ᠪᠥᠬᠦ ᠣᠷᠣᠨ ᠳᠤ ᠦᠷᠭᠦᠯᠵᠢᠯᠡᠨ ᠲᠡᠷᠢᠭᠦᠯᠡᠵᠦ ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ | ᠬᠤᠰᠢᠭᠤᠴᠢ ᠂ ᠳᠤᠯᠭᠠᠭᠤᠷᠢᠯᠠᠬᠴᠢ ᠶᠢᠨ ᠪᠠᠶᠢᠷᠢ ᠰᠠᠭᠤᠷᠢ ᠶᠢ ᠪᠠᠬᠢᠵᠢᠭᠦᠯᠦᠭᠰᠡᠨ ᠪᠠᠶᠢᠨ᠎ᠠ ᠃ | ᠠᠮᠵᠢᠯᠲᠠ ᠪᠦᠳᠤᠮᠵᠢ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠠᠴᠠ ᠰᠠᠯᠵᠤ ᠴᠢᠳᠠᠬᠤ ᠦᠭᠡᠢ ᠶᠤᠮ ᠂ ︽ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ ᠂ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠬᠤ ︾ ᠨᠠᠮ ᠤᠨ ᠦᠨᠳᠦᠰᠦᠨ ᠱᠤᠭᠤᠮ ᠢ ᠭᠦᠨᠵᠡᠭᠡᠢ ᠳᠤᠭᠤᠰᠢᠯᠠᠭᠤᠯᠤᠨ | ᠬᠡᠷᠡᠭᠵᠢᠭᠦᠯᠦᠭᠰᠡᠨ ᠠᠴᠠ ᠰᠠᠯᠵᠤ ᠴᠢᠳᠠᠬᠤ ᠦᠭᠡᠢ ᠶᠤᠮ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ | ᠴᠢᠳᠠᠬᠤ ᠦᠭᠡᠢ ᠶᠤᠮ ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠴᠢᠷᠮᠠᠶᠢᠨ ᠲᠡᠮᠡᠴᠡᠭᠰᠡᠨ ᠠᠴᠠ ᠰᠠᠯᠵᠤ ᠴᠢᠳᠠᠬᠤ ᠦᠭᠡᠢ ᠶᠤᠮ ᠃ | ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠤᠯᠤᠨ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠠᠶᠢᠵᠤ ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ | ᠨᠢ ᠮᠡᠳᠡᠭᠡᠵᠢ ᠶᠢᠨ ᠬᠡᠷᠡᠭ ᠶᠤᠮ᠃ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠪᠥᠬᠦ ᠵᠢᠯ ᠤᠨ ᠠᠵᠢᠯ ᠤᠨ ᠴᠢᠭᠯᠡᠯ ᠪᠠ ᠬᠠᠷᠠᠯᠲᠠ ᠶᠢ | ᠲᠣᠳᠣᠷᠬᠠᠢ ᠵᠢᠭᠠᠭᠰᠠᠨ ᠪᠠᠶᠢᠨ᠎ᠠ ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠳᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ | ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ᠂ ᠲᠣᠭᠲᠠᠭᠤᠨ ᠤ ᠳᠤᠮᠳᠠ ᠤᠷᠤᠬᠰᠢᠯᠠᠨ | ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠶ ᠂ ᠪᠦᠬᠦ ᠲᠠᠯ᠎ᠠ | ᠪᠠᠷ ᠳᠤᠭᠤᠰᠢᠯᠠᠭᠤᠯᠵᠤ ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠶᠢ ᠲᠦᠷᠭᠡᠳᠬᠡᠨ ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ︽ ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ ᠂ ᠲᠦᠷᠭᠡᠨ ᠤᠷᠤᠬᠰᠢᠯᠠᠬᠤ ᠂ ᠲᠡᠷᠢᠭᠦᠨ ᠤ ᠬᠢ ᠪᠤᠯᠬᠤ ᠪᠠᠷ ᠳᠡᠮᠡᠴᠡᠬᠦ ᠂ ᠬᠤᠪᠢ ᠨᠡᠮᠡᠷᠢ ᠦᠵᠡᠭᠦᠯᠬᠦ ᠲᠡᠮᠡᠴᠡᠯ ᠤᠨ ᠳᠦᠷᠬᠦ | ᠪᠠᠶᠢᠳᠠᠯ ᠢᠶᠠᠷ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠵᠦ ᠂ ᠳᠦᠷᠦᠬᠦᠨ ᠳᠤᠨᠢ ᠶᠠᠪᠤᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠰᠠᠨ | ᠵᠡᠭᠦᠨᠭᠠᠷ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠡ᠃ ︽ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠵᠦ ᠂ ᠲᠦᠷᠦᠭᠦᠨ ᠳᠤᠨᠢ ᠶᠠᠪᠤᠬᠤ ︾ | ᠭᠡᠬᠦ ᠭᠤᠷᠪᠠᠨ ᠵᠠᠩᠭᠢᠯᠠᠭ᠎ᠠ ᠶᠢᠨ ᠦᠭᠡ ᠶᠢᠨ ᠲᠣᠭᠲᠠᠭᠰᠠᠨ ᠬᠡᠮᠵᠢᠶᠡᠨ ᠤ ᠥᠭᠦᠯᠡᠯᠲᠡ ᠪᠤᠯ ᠄ ᠭᠤᠣᠯ ᠵᠢᠱᠢᠭᠰᠡᠨ ᠬᠠᠷᠠᠯᠲᠠ ᠶᠢ ᠳᠤᠬᠳᠠᠭᠠᠵᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠭᠡᠢ ᠥᠷᠲᠡᠭ ᠢ 10% ᠠᠴᠠ ᠳᠡᠭᠡᠭᠰᠢ ᠨᠡᠮᠡᠭᠳᠡᠭᠦᠯᠵᠦ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠠᠴᠠ | ᠳᠡᠭᠡᠭᠰᠢ ᠨᠡᠮᠡᠭᠳᠡᠭᠦᠯᠦᠨ᠎ᠡ ᠃ | ᠬᠤᠰᠢᠭᠤᠨ ᠤ ᠨᠠᠮ ᠤᠨ ᠬᠤᠷᠢᠶ᠎ᠠ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠨᠠᠷᠢᠨ ᠬᠢᠨᠠᠮᠠᠭᠠᠢ ᠵᠠᠳᠠᠯᠤᠯᠲᠠ ᠬᠢᠭᠰᠡᠨ ᠤ ᠳᠠᠷᠠᠭ᠎ᠠ ᠴᠢᠬᠤᠯᠠ ᠠᠵᠢᠯ ᠤᠨ | ᠪᠠᠶᠢᠷᠢᠯᠠᠭᠤᠯᠤᠯᠲᠠ ᠶᠢ ᠬᠢᠵᠦ ᠂ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠭᠰᠠᠨ ᠪᠥᠭᠡᠳ ᠬᠠᠷᠠᠯᠲᠠ ᠶᠢ | ᠲᠣᠳᠣᠷᠬᠠᠶᠢᠯᠠᠬᠰᠠᠨ ᠪᠠᠶᠢᠨ᠎ᠠ ᠃ ᠵᠡᠭᠦᠨᠭᠠᠷ ᠬᠤᠰᠢᠭᠤᠨ ᠳᠤ ᠠᠪᠴᠤ ᠬᠡᠯᠡᠪᠡᠯ ᠂ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠵᠦ ᠂ ᠲᠦᠷᠦᠭᠦᠨ ᠳᠤᠨᠢ ᠶᠠᠪᠤᠬᠤ ᠂ | ᠡᠨᠡᠬᠦ ᠬᠠᠷᠠᠯᠲᠠ ᠶᠢ ᠪᠡᠶᠡᠯᠡᠭᠦᠯᠬᠦ ᠳᠤ ᠥᠪᠡᠷ ᠤᠨ ᠪᠡᠶ᠎ᠡ ᠳᠡᠭᠡᠨ ᠢᠲᠡᠭᠡᠯ ᠳᠡᠬᠦᠯᠳᠡᠷ ᠪᠠᠶᠢᠨ᠎ᠠ ᠃ | ᠵᠡᠭᠦᠨᠭᠠᠷ ᠬᠤᠰᠢᠭᠤ ᠪᠣᠯ ᠪᠥᠬᠦ ᠤᠯᠤᠰ ᠤᠨ ᠬᠠᠮᠤᠭ ᠤᠨ ᠲᠣᠮᠣ ᠨᠡᠭᠦᠷᠡᠰᠦ ᠭᠠᠷᠳᠠᠭ ᠬᠤᠰᠢᠭᠤ ᠰᠢᠶᠠᠨ ᠪᠠᠶᠢᠵᠤ ᠂ ᠨᠡᠭᠦᠷᠡᠰᠦᠨ ᠤ ᠭᠠᠷᠤᠯᠲᠠ ᠨᠢ ᠪᠥᠬᠦ | ᠤᠯᠤᠰ ᠤᠨ 8% ᠤᠷᠴᠢᠮ ᠢ ᠡᠵᠡᠯᠡᠨ᠎ᠡ ︔ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ ᠪᠥᠬᠦ ᠬᠤᠲᠠ ᠶᠢᠨ 40% ᠰᠢᠬᠠᠮ ᠢ ᠡᠵᠡᠯᠡᠵᠤ | ᠪᠤᠢ ︔ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠨᠢ ᠪᠦᠬᠦ ᠬᠤᠳᠠ ᠶᠢᠨ 25% ᠢ ᠡᠵᠡᠯᠡᠵᠦ ᠂ ᠪᠦᠬᠦ ᠬᠤᠳᠠ ᠶᠢᠨ | ᠳᠡᠯᠡᠬᠡᠢ ᠶᠢᠨ ᠲᠡᠰ ᠤᠨ 4 ᠠᠵᠤ ᠦᠢᠯᠡᠰ ᠨᠢ ᠵᠡᠬᠦᠠᠭᠠᠷ ᠬᠤᠰᠢᠭᠤᠨ ᠳᠤ 3 ᠪᠤᠢ᠃ ᠪᠥᠬᠦ ᠬᠤᠰᠢᠭᠤᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ 4 ᠲᠦᠮᠡ ᠭᠠᠷᠤᠢ ᠳᠤ ᠬᠦᠷᠴᠦ ᠂ ᠶᠡᠷᠦᠩᠬᠡᠢ ᠲᠤᠭ᠎ᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠨ᠎ᠠ ᠂ ᠡᠭᠦᠨ ᠳᠤ ᠠᠵᠤ ᠦᠢᠯᠡᠳᠪᠦᠷᠢ ᠶᠢᠨ ᠠᠵᠤ | ᠠᠬᠤᠶᠢᠯᠠᠯ 145 ᠂ ᠶᠡᠷᠦᠩᠬᠡᠢ ᠲᠤᠭ᠎ᠠ ᠨᠢ ᠪᠥᠬᠦ ᠬᠤᠲᠠ ᠳᠤ ᠳᠡᠷᠢᠬᠦᠯᠡᠨᠠ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠨᠢ ᠪᠥᠬᠦ | ᠬᠤᠲᠠ ᠳᠤ ᠳᠡᠷᠢᠬᠦᠯᠡᠨᠠ ᠃ 2023 ᠣᠨ ᠳᠤ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠭᠰᠠᠨ | ᠪᠠᠶᠢᠳᠠᠯ ᠳᠣᠣᠷ᠎ᠠ ᠂ ᠵᠡᠭᠦᠨᠭᠠᠷ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 16% ᠠᠴᠠ ᠳᠡᠭᠡᠭᠰᠢ ᠨᠡᠮᠡᠭᠳᠡᠵᠦ ᠂ ᠪᠥᠬᠦ ᠬᠤᠲᠠ ᠶᠢᠨ ᠠᠵᠤ | ᠠᠬᠤᠢ ᠶᠢᠨ ᠶᠡᠭᠡ ᠬᠡᠪᠴᠢᠶ᠎ᠡ ᠶᠢ ᠲᠣᠭᠲᠠᠪᠤᠷᠢᠵᠢᠭᠤᠯᠬᠤ ᠳᠤ ︽ ᠳᠤᠯᠭᠠᠭᠤᠷᠢᠯᠠᠬᠴᠢ ︾ ᠶᠢᠨ ᠦᠢᠯᠡᠳᠦᠯ ᠦᠵᠡᠭᠦᠯᠪᠡ ᠃ | ᠬᠥᠭᠵᠢᠯᠲᠡ ᠶᠢᠨ ᠬᠠᠨᠳᠤᠰᠢ ᠠᠴᠠ ᠠᠪᠴᠤ ᠦᠵᠡᠪᠡᠯ ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠨᠢ ᠪᠢᠳᠡᠨ ᠤ ᠬᠥᠭᠵᠢᠯᠲᠡ ᠶᠢᠨ ᠳᠠᠪᠠᠭᠤᠯᠢᠭ ᠢ | ᠳᠠᠪᠲᠠᠨ ᠪᠣᠯᠪᠠᠰᠤᠷᠠᠭᠤᠯᠬᠤ ᠰᠢᠨ᠎ᠡ ᠤᠷᠤᠯᠳᠤᠭᠠᠨ ᠤ ᠵᠠᠮ ᠪᠣᠯᠤᠭᠰᠠᠨ ᠪᠠᠶᠢᠨ᠎ᠠ᠃ ᠪᠢᠳᠡ ︽ ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠴᠠ ᠲᠡᠷᠭᠡ ︾ ᠶᠢᠨ | ᠠᠵᠤ ᠦᠢᠯᠡᠰ ᠤᠨ ᠰᠦᠷᠦᠭᠵᠢᠯ ᠢ ᠢᠳᠡᠪᠬᠢᠲᠡᠢ ᠪᠠᠷ ᠪᠠᠶᠢᠭᠤᠯᠵᠤ ᠂ ᠲᠢᠶᠠᠨ ᠾᠧ ᠂ ᠶᠤᠸᠠᠨ ᠵᠢᠩ ᠂ ᠢᠦᠢ ᠵᠢᠩ ᠵᠡᠷᠭᠡ ᠳᠤᠯᠤᠭᠠᠶᠢᠯᠠᠬᠴᠢ ᠠᠵᠤ ᠠᠬᠤᠶᠢᠯᠠᠯ ᠤᠨ | ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠵᠤ ᠂ ᠡᠷᠡᠮᠡᠭᠡᠶᠢᠯᠡᠨ ᠬᠦᠴᠦᠯᠡᠵᠦ ᠂ ᠬᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠂ ᠬᠡᠷᠡᠯ ᠴᠡᠨᠡᠭ ᠤᠨ ᠰᠡᠯᠪᠢᠭ | ᠲᠣᠨᠤᠭ ᠂ ᠬᠡᠷᠡᠯ ᠴᠡᠨᠡᠭ ᠤᠨ ᠰᠢᠯ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ ᠃ ᠪᠥᠬᠦ ᠳᠡᠯᠡᠬᠡᠢ ᠶᠢᠨ ᠬᠡᠷᠡᠯ ᠴᠡᠨᠡᠭ ᠤᠨ | ᠠᠵᠢᠯ ᠲᠥᠷᠥᠯ ᠤᠨ ᠠᠩᠬᠠᠳᠠᠭᠴᠢ ᠳᠡᠯᠡᠬᠡᠢ ᠶᠢᠨ 500 ᠬᠦᠴᠦᠷᠬᠡᠭ ᠠᠵᠤ ᠠᠬᠤᠶᠢᠯᠠᠯ ᠂ ᠣᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠲᠣᠮᠣ ᠠᠵᠤ | ᠠᠬᠤᠶᠢᠯᠠᠯ ᠵᠡᠭᠦᠨᠭᠠᠷ ᠬᠤᠰᠢᠭᠤᠨ ᠳᠤ ᠨᠤᠲᠤᠭᠰᠢᠵᠤ ᠂ ᠡᠨᠡ ᠵᠢᠯ ᠤᠨ ᠳᠡᠭᠡᠳᠤ ᠬᠠᠭᠠᠰ ᠵᠢᠯ ᠳᠤ ᠳᠠᠷᠤᠢ ᠠᠵᠢᠯ ᠢᠶᠠᠨ ᠡᠬᠢᠯᠡᠭᠦᠯᠬᠦ ᠪᠠᠷ ᠪᠤᠢ ᠃ ᠪᠦᠬᠦ ᠲᠠᠯ᠎ᠠ ᠶᠢ | ᠠᠵᠢᠭᠯᠠᠪᠠᠯ ᠂ ᠵᠡᠭᠦᠨᠭᠠᠷ ᠤᠨ ᠢᠷᠡᠭᠡᠳᠦᠢ ᠶᠢᠨ ᠪᠠᠶᠢᠷᠢᠰᠢᠯ ᠢ ᠲᠣᠭᠲᠠᠭᠠᠬᠤ ᠨᠢᠭᠡ ᠪᠦᠯᠦᠭ ᠠᠵᠤ ᠦᠢᠯᠡᠰ ᠤᠨ ᠲᠦᠷᠦᠯ ᠵᠦᠢᠯ ᠤᠨ ᠨᠥᠭᠡᠴᠡᠯᠡᠯᠲᠡ ᠶᠢ ᠳᠠᠷᠤᠢ | ᠳᠦᠷᠭᠡᠨ ᠡᠬᠢᠯᠡᠭᠦᠯᠵᠦ ᠂ ᠪᠢᠳᠡᠨ ᠤ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠬᠦ ᠂ ᠳᠦᠷᠦᠬᠦᠨ ᠳᠤᠨᠢ ᠶᠠᠪᠤᠬᠤ ᠳᠤ ᠬᠠᠲᠠᠭᠤ ᠲᠤᠯᠭᠠᠭᠤᠷᠢ ᠂ ᠬᠢᠵᠠᠭᠠᠯᠠᠰᠢ | ᠦᠭᠡᠢ ᠨᠥᠭᠡᠴᠡ ᠬᠦᠴᠦᠨ ᠢ ᠬᠠᠩᠭᠠᠵᠠᠢ᠃ | ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠪᠢᠳᠡ ᠢᠲᠡᠭᠡᠯ ᠲᠠᠢ ᠪᠥᠭᠡᠳ ᠵᠣᠷᠢᠭ ᠲᠠᠢ ᠪᠠᠶᠢᠨ᠎ᠠ᠃ ᠬᠦᠨᠳᠦ ᠪᠦᠭᠡᠳ ᠳᠤᠮᠤ ᠡᠭᠦᠷᠭᠡ ᠶᠢ | ᠡᠭᠦᠷᠭᠡᠯᠡᠵᠦ ᠂ ᠲᠦᠷᠦᠭᠦᠨ ᠳᠤᠨᠢ ᠶᠠᠪᠤᠬᠤ ᠳᠤ ᠂ ᠪᠢᠳᠡ ᠡᠷᠬᠡᠪᠰᠢ ᠶᠢᠰᠦᠨ ᠲᠠᠯ᠎ᠠ ᠶᠢᠨ ᠠᠵᠢᠯ ᠢ ᠲᠣᠪᠤᠶᠢᠯᠭᠠᠨ ᠰᠠᠶᠢᠲᠤᠷ ᠬᠢᠬᠦ ᠬᠡᠷᠡᠭᠲᠡᠢ ᠄ ᠭᠤᠣᠯ ᠰᠢᠵᠢᠮ ᠤᠨ | ᠱᠠᠭᠠᠷᠳᠠᠯᠭ᠎ᠠ ᠶᠢ ᠲᠤᠪᠤᠶᠢᠯᠭᠠᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠥᠨᠳᠥᠷ ᠪᠦᠲᠦᠮᠵᠢᠲᠡᠢ | ᠨᠠᠶᠢᠳᠠᠪᠤᠷᠢᠵᠢᠭᠤᠯᠬᠤ ᠬᠡᠷᠡᠭᠲᠡᠢ ︔ ᠲᠦᠷᠦᠯ ᠵᠦᠢᠯ ᠤᠨ ᠲᠤᠯᠭᠠᠭᠤᠷᠢᠯᠠᠯ ᠢ ᠳᠤᠪᠤᠶᠢᠯᠭᠠᠵᠤ ᠂ ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠬᠦᠯᠬᠦ ᠶᠢ | ᠠᠬᠢᠭᠤᠯᠵᠤ ᠣᠷᠴᠢᠨ ᠠᠬᠤᠢ ᠶᠢ ᠰᠢᠯᠢᠳᠡᠭᠵᠢᠭᠦᠯᠬᠦ ᠭᠡᠷᠡᠭᠳᠡᠢ ︔ ᠬᠡᠯᠬᠢᠶ᠎ᠡ ᠶᠢ ᠪᠠᠶᠢᠭᠤᠯᠵᠤ ᠰᠦᠷᠦᠭᠵᠢᠯ ᠢ ᠪᠤᠢ ᠪᠤᠯᠭᠠᠬᠤ ᠶᠢ ᠲᠤᠪᠤᠶᠢᠯᠭᠠᠵᠦ ᠂ ᠣᠳᠣᠬᠢᠴᠢᠯᠠᠭᠰᠠᠨ | ᠠᠵᠤ ᠦᠢᠯᠡᠰ ᠤᠨ ᠳᠤᠬᠳᠠᠯᠴᠠᠭ᠎ᠠ ᠶᠢ ᠪᠠᠶᠢᠭᠤᠯᠬᠤ ᠬᠡᠷᠡᠭᠲᠡᠢ︔ ᠠᠮᠢ ᠠᠬᠤᠢ ᠶᠢ ᠤᠷᠢᠳᠠᠪᠠᠷ ᠪᠤᠳᠤᠯᠬᠢᠯᠠᠬᠤ ᠶᠢ ᠲᠤᠪᠤᠶᠢᠯᠭᠠᠵᠦ ᠂ ᠬᠠᠳᠤᠨ ᠭᠤᠣᠯ ᠤᠨ ᠳᠤᠬᠤᠢ | ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ︔ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠶᠢ ᠲᠤᠪᠤᠶᠢᠯᠭᠠᠵᠦ ᠂ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠢ ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠤᠯᠤᠨ ᠳᠠᠭᠠᠭᠤᠯᠬᠤ ᠶᠢ ᠲᠤᠪᠤᠶᠢᠯᠭᠠᠵᠦ ᠂ | ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠤᠨ ᠢ ᠬᠦᠭᠵᠢᠭᠡᠬᠦ ᠭᠡᠷᠡᠭᠳᠡᠢ ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠲᠤᠪᠤᠶᠢᠯᠭᠠᠵᠦ ᠂ | ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ︔ ᠡᠶ᠎ᠡ ᠵᠤᠬᠢᠴᠠᠯ ᠲᠠᠢ ᠴᠢᠳᠠᠮᠠᠭᠠᠢ ᠪᠠᠷ ᠵᠠᠰᠠᠬᠤ ᠶᠢ ᠲᠤᠪᠤᠶᠢᠯᠭᠠᠵᠦ ᠂ | ᠪᠦᠬᠦ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ︔ ᠨᠠᠮ ᠤᠨ ᠤᠳᠤᠷᠢᠳᠤᠯᠭ᠎ᠠ ᠶᠢ ᠲᠤᠪᠤᠶᠢᠯᠭᠠᠵᠤ ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ | ᠲᠦᠷᠦᠯ ᠵᠦᠢᠯ ᠪᠠᠶᠢᠬᠤ ᠦᠭᠡᠢ ᠂ ᠪᠡᠯᠡ ᠣᠷᠣᠭᠤᠯᠤᠯᠲᠠ ᠪᠠᠶᠢᠬᠤ ᠦᠭᠡᠢ ᠪᠣᠯ ᠢᠷᠡᠭᠡᠳᠦᠢ ᠪᠠᠶᠢᠵᠤ ᠴᠢᠳᠠᠬᠤ ᠦᠭᠡᠢ ᠶᠤᠮ᠃ 2024 ᠣᠨ ᠤ ᠠᠵᠤ | ᠠᠬᠤᠢ ᠶᠢᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠲᠦᠷᠦᠯ ᠵᠦᠢᠯ ᠢ ᠶᠡᠭᠡ ᠪᠠᠷ ᠠᠳᠬᠤᠵᠤ ᠂ ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠵᠤ ᠂ ᠣᠷᠴᠢᠨ | ᠠᠬᠤᠢ ᠶᠢ ᠶᠡᠭᠡ ᠪᠠᠷ ᠠᠳᠬᠤᠵᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ ᠳᠠᠶᠢᠯᠠᠯᠳᠤᠭᠠᠨ ᠤ ᠲᠠᠯᠠᠪᠤᠷ ᠲᠤ ᠰᠢᠨ᠎ᠡ ᠡᠭᠦᠷᠭᠡᠯᠡᠯ ᠢ | ᠢᠯᠡᠷᠡᠭᠦᠯᠵᠦ ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ | ᠶᠠᠮᠠᠷᠪᠠ ᠬᠠᠷᠠᠯᠲᠠ ᠶᠢ ᠪᠡᠶᠡᠯᠡᠭᠦᠯᠬᠦ ᠪᠣᠯ ᠪᠡᠶᠡᠴᠢ ᠲᠠᠯ᠎ᠠ ᠠᠴᠠ ᠪᠤᠰᠤᠳᠴᠢ ᠪᠣᠯᠵᠤ ᠬᠤᠪᠢᠷᠠᠬᠤ ᠶᠠᠪᠤᠴᠠ ᠪᠠ ᠦᠷ᠎ᠡ ᠳ᠋ᠦᠩ ᠮᠥᠨ᠃ ᠬᠦᠨᠳᠦ ᠪᠦᠭᠡᠳ ᠳᠤᠮᠤ | ᠡᠬᠦᠷᠭᠡ ᠶᠢ ᠡᠭᠦᠷᠭᠡᠯᠡᠵᠦ ᠂ ᠲᠦᠷᠦᠭᠦᠨ ᠳᠤᠨᠢ ᠶᠠᠪᠤᠬᠤ ᠳᠤ ᠂ ᠵᠠᠩᠭᠢᠯᠠᠭ᠎ᠠ ᠨᠢ ᠬᠥᠮᠥᠨ ᠤ ᠪᠡᠶᠡᠴᠢ ᠴᠢᠷᠮᠠᠶᠢᠯᠭ᠎ᠠ ᠳᠤ ᠲᠦᠰᠢᠭᠯᠡᠵᠦ ᠂ ᠪᠦᠭᠦ ᠬᠤᠰᠢᠭᠤᠨ ᠤ ᠠᠷᠠᠳ | ᠤᠯᠠᠨ ᠤ ᠪᠦᠲᠦᠭᠡᠯᠴᠢ ᠴᠢᠳᠠᠪᠤᠷᠢ ᠂ ᠺᠠᠳ᠋ᠷ ᠤᠨ ᠡᠩᠨᠡᠭᠡ ᠶᠢᠨ ᠭᠦᠢᠴᠡᠳᠬᠡᠬᠦ ᠴᠢᠳᠠᠪᠤᠷᠢ ᠪᠠ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠳᠤ ᠲᠦᠰᠢᠭᠯᠡᠨ᠎ᠡ ᠃ | 2024 ᠣᠨ ᠳᠤ ᠂ ᠵᠡᠭᠦᠨᠭᠠᠷ ᠬᠤᠰᠢᠭᠤᠨ ᠤ ᠠᠵᠤ ᠠᠬᠤᠢ ᠶᠢᠨ ᠠᠵᠢᠯ ᠤᠨ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠪᠢᠳᠡ | ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠳᠤᠭᠤᠰᠢᠯᠠᠭᠤᠯᠵᠤ ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ︽ ᠠᠵᠢᠯ ᠬᠢᠪᠡᠯ | ᠬᠢᠯᠠᠶᠢᠳᠠᠯᠠ ᠬᠢᠵᠤ ᠂ ᠶᠠᠪᠤᠳᠠᠯ ᠪᠦᠳᠤᠭᠡᠪᠡᠯ ᠰᠠᠶᠢᠨ ᠪᠡᠶᠡᠯᠡᠬᠦᠯᠬᠦ ︾ ᠢᠲᠡᠭᠡᠯ ᠢᠶᠠᠷ ᠂ ︽ ᠲᠦᠷᠭᠡᠨ ᠤᠷᠤᠬᠰᠢᠯᠠᠨ ᠂ ᠲᠡᠷᠢᠭᠦᠨ ᠤ ᠬᠢ ᠪᠤᠯᠬᠤ ᠪᠠᠷ ᠳᠡᠮᠡᠴᠡᠵᠤ ᠂ | ᠬᠤᠪᠢ ᠨᠡᠮᠡᠷᠢ ᠦᠵᠡᠭᠦᠯᠬᠦ ︾ ᠡᠷᠡᠰ ᠵᠣᠷᠢᠭ ᠢᠶᠠᠷ ᠂ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠵᠦ ᠂ ᠲᠦᠷᠦᠭᠦᠨ ᠳᠤᠨᠢ ᠶᠠᠪᠤᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠬᠰᠠᠨ ᠵᠡᠭᠦᠨᠭᠠᠷ ᠤᠨ ᠰᠢᠨ᠎ᠠ ᠬᠠᠭᠤᠳᠠᠰᠤ ᠶᠢ ᠦᠷᠭᠦᠯᠵᠢᠯᠡᠨ ᠴᠢᠷᠮᠠᠶᠢᠨ ᠪᠢᠴᠢᠭᠯᠡᠵᠡᠭᠡᠶᠠ ᠃ | | | |