| | 1 ᠰᠠᠷ᠎ᠠ ᠶᠢᠨ 10 ᠤ ᠡᠳᠦᠷ ᠂ ᠳᠥᠷᠪᠡᠳᠦᠭᠡᠷ ᠤᠳᠠᠭ᠎ᠠ ᠶᠢᠨ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢᠶᠠᠷ ᠂ ᠬᠤᠰᠢᠭᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠸᠠᠩ ᠭᠦᠸᠧ ᠴᠢᠤᠸᠠᠨ ᠬᠤᠰᠢᠭᠤᠨ ᠤ ᠳᠥᠷᠪᠡᠨ ᠶᠡᠭᠡ | ᠤᠳᠤᠷᠢᠳᠬᠤ ᠪᠠᠭ ᠢ ᠲᠥᠯᠥᠭᠡᠯᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠂ ᠡᠮᠦᠨ᠎ᠠ ᠹᠷᠣᠨᠲ ᠲᠠᠬᠢ ᠺᠠᠳ᠋ᠷ ᠴᠠᠭᠳᠠᠭ᠎ᠠ ᠶᠢ | ᠪᠣᠯᠭᠤᠭᠠᠨ ᠲᠣᠬᠤᠨᠢᠭᠤᠯᠵᠦ ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠲᠤᠰᠠᠯᠠᠬᠤ ᠴᠠᠭᠳᠠᠭ᠎ᠠ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ | ᠴᠢᠩ ᠰᠡᠳᠭᠢᠯ ᠤᠨ ᠲᠠᠯᠠᠷᠬᠠᠯ ᠳᠡᠪᠰᠢᠭᠦᠯᠵᠦ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠷᠳᠣ ᠬᠤᠭᠤᠴᠠᠭᠠᠨ ᠤ ᠲᠤᠷᠰᠢᠬᠢ ᠡᠭᠦᠷᠭᠡ ᠲᠤᠰᠢᠶᠠᠯ ᠢᠶᠠᠨ | ᠬᠢᠴᠢᠶᠡᠩᠭᠦ᠋ᠢᠯᠡᠨ ᠭᠦᠢᠴᠡᠳᠭᠡᠭᠰᠡᠨ ᠪᠠ ᠰᠢᠷᠭᠠᠭᠤ ᠬᠠᠲᠠᠭᠤᠵᠢᠯᠲᠠᠶ ᠵᠢᠳᠬᠦᠭᠰᠡᠨ ᠳᠤ ᠴᠢᠩ ᠰᠡᠳᠭᠢᠯ ᠤᠨ ᠲᠠᠯᠠᠷᠬᠠᠯ ᠢᠶᠠᠨ ᠢᠯᠡᠳᠭᠡᠪᠡ ᠃ ᠵᠠᠰᠠᠭ ᠤᠨ ᠣᠷᠳᠣᠨ ᠤ | ᠬᠤᠰᠢᠭᠤᠨ ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠤᠶᠤᠨᠪᠢᠯᠢᠭ᠌ ᠠᠵᠢᠯᠯᠠᠭ᠎ᠠ ᠳᠤ ᠣᠷᠣᠯᠴᠠᠪᠠ ᠃ | | | ᠵᠢᠷᠤᠭ ᠤᠨ ᠲᠠᠶᠢᠯᠪᠤᠷᠢ ᠄ 1 ᠰᠠᠷ᠎ᠠ ᠶᠢᠨ 10 ᠤ ᠡᠳᠦᠷ ᠂ ᠳᠥᠷᠪᠡᠳᠦᠭᠡᠷ ᠤᠳᠠᠭ᠎ᠠ ᠶᠢᠨ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢᠶᠠᠷ ᠂ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠸᠠᠩ ᠭᠦᠸᠧ ᠴᠢᠤᠸᠠᠨ ᠬᠤᠰᠢᠭᠤᠨ ᠤ | ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠤ ᠂ ᠡᠮᠦᠨ᠎ᠠ ᠹᠷᠣᠨᠲ ᠲᠠᠬᠢ ᠺᠠᠳ᠋ᠷ ᠴᠠᠭᠳᠠᠭ᠎ᠠ ᠶᠢ | ᠪᠣᠯᠭᠤᠭᠠᠨ ᠲᠣᠬᠤᠨᠢᠭᠤᠯᠪᠠ ᠃ ᠼᠤᠤ ᠸᠧᠨ ᠶᠢᠨ ᠰᠡᠭᠦᠳᠡᠷᠯᠡᠪᠡ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠵᠢᠯᠯᠠᠬᠤ ᠭᠠᠵᠠᠷ ᠲᠤ ᠂ | ᠸᠠᠩ ᠭᠦᠸᠧ ᠴᠢᠤᠸᠠᠨ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠦᠬᠦ᠋ᠢᠯᠡ ᠪᠠᠶᠢᠳᠠᠯ ᠵᠢᠴᠢ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ | ᠴᠢᠳᠠᠮᠵᠢᠳᠤ ᠬᠡᠷ ᠪᠠᠶᠢᠰᠢᠩ ᠂ ᠴᠠᠭᠳᠠᠭᠠᠨ ᠤ ᠬᠡᠷᠡᠭᠰᠡᠬᠦ ᠲᠥᠬᠦᠭᠡᠷᠦᠮᠵᠢ ᠶᠢᠨ ᠲᠣᠬᠢᠷᠠᠭᠤᠯᠤᠯᠲᠠ ᠂ ᠴᠠᠭᠳᠠᠭᠠᠨ ᠤ ᠡᠩᠨᠡᠭᠡᠨ ᠤ ᠪᠠᠶᠢᠭᠤᠯᠤᠯᠲᠠ ᠵᠡᠷᠭᠡ | ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ ᠃ | ᠲᠡᠷᠡ ᠵᠢᠭᠠᠵᠤ ᠭᠠᠷᠭᠠᠬᠤ ᠳᠠᠭᠠᠨ ᠂ ᠣᠶᠢᠷ᠎ᠠ ᠶᠢᠨ ᠵᠢᠯ ᠠᠴᠠ ᠨᠠᠭᠠᠰᠢ ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠭᠦᠷᠭᠡ | ᠲᠤᠰᠢᠶᠠᠯ ᠢᠶᠠᠨ ᠦᠨᠡᠨᠴᠢ ᠰᠢᠳᠤᠷᠭᠤ ᠪᠠᠷ ᠭᠦᠢᠴᠡᠳᠭᠡᠵᠦ ᠂ ᠯᠠᠪᠳᠠᠭᠤᠨ ᠪᠠᠲᠤᠲᠠᠶ ᠠᠵᠢᠯᠯᠠᠨ ᠂ ᠪᠥᠬᠦ ᠬᠦᠴᠦᠨ ᠢᠶᠠᠷ ᠢᠶᠠᠨ ᠠᠮᠤᠷ ᠲᠦᠪᠰᠢᠨ ᠢ ᠪᠠᠲᠤᠯᠠᠨ | ᠬᠥᠭᠵᠢᠯᠲᠡ ᠶᠢ ᠬᠠᠮᠠᠭᠠᠯᠠᠵᠤ ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠦᠴᠦᠳᠡᠢ ᠴᠣᠬᠢᠯᠲᠠ ᠥᠭᠴᠦ ᠂ ᠨᠡᠶᠢᠭᠡᠮ ᠤᠨ ᠶᠡᠭᠡ | ᠲᠠᠯ᠎ᠠ ᠶᠢᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠦᠴᠦᠲᠡᠶ ᠬᠠᠮᠠᠭᠠᠯᠠᠪᠠ ᠃ ᠬᠤᠶᠢᠰᠢᠳᠠ ᠵᠣᠷᠢᠭᠲᠠᠢ ᠪᠠᠷ ᠬᠠᠳᠠᠭᠤᠵᠢᠯᠳᠡᠢ ᠳᠠᠶᠢᠯᠠᠯᠳᠤᠭᠠᠨ ᠬᠢᠬᠦ ᠰᠢᠯᠢᠳᠡᠭ | ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ ᠂ ᠤᠨᠢᠨ ᠳᠡᠭᠡᠷ᠎ᠡ ᠨᠢ ᠬᠦᠴᠦᠯᠡᠵᠦ ᠂ ᠴᠢᠨᠠᠷ ᠰᠠᠶᠢᠲᠠᠢ ︽ | ᠠᠮᠤᠭᠤᠯᠠᠩᠲᠤ ᠵᠡᠭᠦᠨᠭᠠᠷ ︾ ᠢ ᠪᠦᠳᠦᠬᠡᠨ ᠪᠠᠶᠢᠭᠤᠯᠬᠤ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠪᠠ ᠃ | | ᠵᠢᠷᠤᠭ ᠤᠨ ᠲᠠᠶᠢᠯᠪᠤᠷᠢ ᠄ 1 ᠰᠠᠷ᠎ᠠ ᠶᠢᠨ 10 ᠤ ᠡᠳᠦᠷ ᠂ ᠳᠥᠷᠪᠡᠳᠦᠭᠡᠷ ᠤᠳᠠᠭ᠎ᠠ ᠶᠢᠨ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢᠶᠠᠷ ᠂ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠸᠠᠩ ᠭᠦᠸᠧ ᠴᠢᠤᠸᠠᠨ ᠬᠤᠰᠢᠭᠤᠨ ᠤ | ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠤ ᠂ ᠡᠮᠦᠨ᠎ᠠ ᠹᠷᠣᠨᠲ ᠤᠨ ᠺᠠᠳ᠋ᠷ ᠴᠠᠭᠳᠠᠭ᠎ᠠ ᠶᠢ | ᠪᠣᠯᠭᠤᠭᠠᠨ ᠲᠣᠬᠤᠨᠢᠭᠤᠯᠪᠠ ᠃ ᠼᠤᠤ ᠸᠧᠨ ᠶᠢᠨ ᠰᠡᠭᠦᠳᠡᠷᠯᠡᠪᠡ | ᠸᠠᠩ ᠭᠦᠸᠧ ᠴᠢᠤᠸᠠᠨ ᠴᠢᠬᠤᠯᠠᠴᠢᠯᠠᠬᠤ ᠳᠠᠭᠠᠨ ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠂ ᠭᠡᠨᠡᠳᠲᠡ ᠶᠢᠨ ᠬᠡᠷᠡᠭ ᠢ | ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠪᠦᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠬᠦᠴᠦᠲᠡᠶ ᠮᠦᠷᠳᠡᠬᠡᠨ ᠪᠦᠲᠦᠮᠵᠢᠲᠡᠶ ᠪᠠᠲᠤᠯᠠᠵᠤ ᠂ ᠣᠯᠠᠨ ᠲᠦᠮᠡᠨ ᠤ ᠠᠮᠤᠷ ᠲᠠᠶᠢᠪᠤᠩ ᠂ ᠨᠡᠶᠢᠭᠡᠮ ᠤᠨ ᠡᠶ᠎ᠡ ᠵᠤᠬᠢᠴᠠᠯ ᠲᠣᠭᠲᠠᠭᠤᠨ | ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠶ ᠃ | ᠲᠤᠬᠠᠶᠢᠯᠠᠭᠰᠠᠨ ᠠᠵᠢᠯ ᠳᠠᠭᠠᠨ ᠬᠡᠷᠡᠭᠰᠡᠬᠦ ᠬᠡᠷ ᠪᠠᠶᠢᠰᠢᠩ ᠤᠨ ᠴᠢᠳᠠᠮᠵᠢ ᠶᠢ ᠨᠡᠮᠡᠭᠳᠡᠬᠦᠯᠬᠦ ᠪᠠ ᠠᠵᠢᠯᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠴᠠᠭᠳᠠᠭ᠎ᠠ ᠶᠢᠨ ᠡᠩᠨᠡᠭᠡᠨ ᠤ ᠴᠠᠭᠳᠠᠭᠠᠨ ᠤ ᠶᠠᠪᠤᠳᠠᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠ ᠬᠢᠨᠠᠠ | ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠳᠣᠲᠣᠭᠠᠳᠤ ᠶᠢ | ᠬᠠᠮᠠᠭᠠᠯᠠᠬᠤ ᠠᠵᠢᠯ ᠳᠤ ᠴᠠᠭᠠᠷᠠᠭᠰᠠᠨ ᠡᠩᠨᠡᠭᠡ ᠶᠢ ᠬᠦᠴᠦᠯᠡᠨ ᠪᠦᠷᠢᠯᠳᠦᠬᠦᠯᠬᠦ ᠬᠡᠷᠡᠭᠲᠡᠶ ︔ | ᠠᠷᠠᠳ ᠤᠨ ᠴᠠᠭᠳᠠᠭ᠎ᠠ ᠂ ᠲᠤᠰᠠᠯᠠᠬᠤ ᠴᠠᠭᠳᠠᠭ᠎ᠠ ᠶᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠵᠤ ᠂ ᠪᠣᠳᠠᠲᠠᠶ ᠬᠦᠴᠢᠷᠳᠡᠯ ᠢ ᠨᠢ ᠢᠳᠡᠪᠬᠢᠲᠡᠶ ᠪᠠᠷ | ᠬᠠᠪᠰᠤᠷᠤᠨ ᠰᠢᠢᠳᠪᠦᠷᠢᠯᠡᠵᠦ ᠂ ᠲᠣᠨᠣᠭᠯᠠᠯ ᠪᠠᠭᠠᠵᠢ ᠬᠡᠷᠡᠭᠰᠡᠯ ᠂ ᠲᠡᠷᠭᠡ ᠬᠥᠰᠭᠡ ᠵᠡᠷᠭᠡ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠪᠠᠳᠤ ᠪᠠᠬᠢ ᠪᠠᠲᠤᠯᠠᠭ᠎ᠠ ᠬᠠᠩᠭᠠᠬᠤ | ᠬᠡᠷᠡᠭᠲᠡᠶ ᠬᠡᠪᠡ ᠃ | |