︽ᠠᠵᠤ ᠠᠬᠤᠢ ᠶᠢᠨ ᠡᠳᠦᠷ ᠤᠨ ᠰᠣᠨᠢᠨ︾ ᠵᠡᠭᠦᠨᠭᠠᠷ ᠬᠤᠰᠢᠭᠤᠨ ᠤ ᠴᠠᠬᠢᠯᠭᠠᠨ ᠨᠡᠭᠦᠷᠡᠰᠦ ᠶᠢᠨ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠳᠤᠯᠠᠬᠰᠠᠨ ᠢ ᠮᠡᠳᠡᠬᠡᠯᠡᠨ ᠰᠠᠶᠢᠰᠢᠶᠠᠪᠠ
ᠨᠡᠶᠢᠲᠡᠯᠡᠭᠰᠡᠨ ᠴᠠᠭ᠄
2024/1/13
    1 ᠰᠠᠷ᠎ᠠ ᠶᠢᠨ 11 ᠤ ᠡᠳᠦᠷ ᠂ ︽ ᠠᠵᠤ ᠠᠬᠤᠶ ᠶᠢᠨ ᠡᠳᠦᠷ ᠤᠨ ᠰᠣᠨᠢᠨ ︾ ᠤ ᠬᠢᠨ ︽ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠨᠥᠭᠡᠴᠡ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠬᠦᠯᠬᠦ ᠶᠢ ᠠᠬᠢᠭᠤᠯᠪᠠ ︾ ᠭᠡᠬᠦ ᠵᠤᠬᠢᠶᠠᠯ ᠨᠡᠶᠢᠲᠡᠯᠡᠵᠦ ᠂ ᠥᠪᠥᠷ ᠮᠣᠩᠭᠤᠯ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠢᠳᠡᠪᠬᠢᠲᠡᠶ ᠳᠡᠭᠡᠭᠰᠢᠯᠡᠭᠦᠯᠬᠦ ᠶᠢᠨ ᠲᠠᠭᠠᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠨᠥᠭᠡᠴᠡ ᠶᠢ ᠨᠡᠮᠡᠭᠳᠡᠭᠦᠯᠦᠨ ᠭᠠᠷᠤᠯᠲᠠ ᠶᠢ ᠦᠷᠭᠦᠯᠵᠢᠯᠡᠨ ᠨᠡᠮᠡᠭᠳᠡᠬᠦᠯᠬᠦ ᠶᠢ ᠠᠬᠢᠭᠤᠯᠪᠠ ᠭᠡᠵᠦ ᠮᠡᠳᠡᠭᠡᠯᠡᠪᠠ ᠃ ᠲᠤᠰ ᠵᠣᠬᠢᠶᠠᠯ ᠳᠤ ᠥᠪᠥᠷ ᠮᠣᠩᠭᠤᠯ ᠤᠨ ᠤᠷᠳᠤᠰ ᠬᠤᠳᠠ ᠶᠢᠨ ᠵᠡᠭᠦᠨᠭᠠᠷ ᠬᠤᠰᠢᠭᠤᠨ ᠳᠤ ᠪᠠᠶᠢᠭ᠎ᠠ ᠤᠷᠳᠤᠰ ᠬᠤᠳᠠ ᠶᠢᠨ ᠭᠦᠸᠧ ᠶᠤᠸᠠᠨ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠳᠤ ᠺᠣᠮᠫᠠᠨᠢ ᠶᠢᠨ ᠯᠦᠩ ᠸᠠᠩ ᠭᠸᠤ ᠨᠡᠭᠦᠷᠡᠰᠦᠨ ᠠᠭᠤᠷᠬᠠᠢ ᠪᠠᠷ ᠵᠢᠱᠢᠶᠡᠯᠡᠬᠦ ᠳᠤ ᠂ ᠨᠡᠭᠦᠷᠡᠰᠦᠨ ᠤ ᠠᠵᠤ ᠠᠬᠤᠶᠢᠯᠠᠯ ᠨᠢ ᠤᠷᠳᠤ ᠬᠤᠭᠤᠴᠠᠭ᠎ᠠ ᠪᠠᠷ ᠬᠠᠨᠭ᠍ᠭᠠᠬᠤ ᠬᠡᠯᠡᠯᠴᠡᠬᠡᠷ ᠲᠤᠬᠳᠠᠬᠰᠠᠨ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠂ ᠦᠢᠯᠡᠳᠪᠦᠷᠢᠯᠡᠯ ᠤᠨ ᠴᠢᠳᠠᠪᠤᠷᠢ ᠪᠠᠨ ᠬᠠᠮᠤᠭ ᠤᠨ ᠶᠡᠭᠡ ᠬᠡᠮᠵᠢᠶ᠎ᠠ ᠪᠠᠷ ᠪᠠᠳᠠᠷᠠᠭᠤᠯᠤᠨ ᠂ ᠴᠠᠬᠢᠯᠭᠠᠨ ᠨᠡᠭᠦᠷᠡᠰᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠠᠷᠠᠳ ᠤᠯᠠᠨ ᠤ ᠳᠤᠯᠠᠭᠠᠨ ᠡᠪᠦᠯᠵᠢᠬᠦ ᠶᠢ ᠪᠠᠲᠤᠯᠠᠵᠦ ᠪᠠᠶᠢᠨ᠎ᠠ ᠬᠡᠵᠦ ᠮᠡᠳᠡᠭᠡᠯᠡᠪᠠ ᠃   ᠤᠢᠢᠷ᠎ᠠ ᠶᠢᠨ ᠡᠳᠦᠷ ᠂ ᠥᠪᠥᠷ ᠮᠣᠩᠭᠤᠯ ᠤᠨ ᠤᠷᠳᠤᠰ ᠬᠤᠳᠠ ᠶᠢᠨ ᠵᠡᠭᠦᠨᠭᠠᠷ ᠬᠤᠰᠢᠭᠤᠨ ᠳᠤ ᠪᠠᠶᠢᠭ᠎ᠠ ᠤᠷᠳᠤᠰ ᠬᠤᠳᠠ ᠶᠢᠨ ᠭᠦᠸᠧ ᠶᠤᠸᠠᠨ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠦᠩ ᠸᠠᠩ ᠭᠸᠤ ᠨᠡᠭᠦᠷᠡᠰᠦᠨ ᠠᠭᠤᠷᠬᠠᠢ ᠳᠤ ᠂ ᠳᠦᠭᠦᠷᠳᠠᠯ᠎ᠠ ᠨᠡᠭᠦᠷᠡᠰᠦ ᠲᠡᠭᠡᠭᠡᠭᠰᠡᠨ ᠭᠠᠯᠲᠤ ᠲᠡᠷᠭᠡ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠦ ᠭᠠᠷᠠᠮ ᠵᠦᠭ ᠲᠡᠬᠡᠬᠡᠪᠦᠷᠢᠯᠡᠨ᠎ᠠ ᠃ ︽ ᠺᠣᠮᠫᠠᠨᠢ ᠨᠢᠭᠡᠨᠲᠡ ᠼᠤᠤ ᠹᠸᠢ ᠳ᠋ᠢᠶᠠᠨ ᠂ ᠴᠢᠨ ᠬᠤᠸᠠᠩ ᠳ᠋ᠤᠤ ᠬᠤᠶᠠᠷ ᠭᠠᠷᠠᠮ ᠢ ᠨᠡᠬᠡᠬᠡᠵᠦ ᠂ ᠤᠷᠳᠤ ᠬᠤᠭᠤᠴᠠᠭ᠎ᠠ ᠪᠠᠷ ᠬᠠᠨᠭ᠍ᠭᠠᠬᠤ ᠬᠡᠯᠡᠯᠴᠡᠬᠡᠷ ᠲᠤᠬᠳᠠᠬᠰᠠᠨ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠠᠶᠢᠨ᠎ᠠ ᠃ ᠪᠢᠳᠡ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠬᠦ ᠴᠢᠳᠠᠪᠤᠷᠢ ᠪᠠᠨ ᠬᠠᠮᠤᠭ ᠤᠨ ᠶᠡᠭᠡ ᠬᠡᠮᠵᠢᠶ᠎ᠠ ᠪᠠᠷ ᠪᠠᠳᠠᠷᠠᠭᠤᠯᠵᠤ ᠂ ᠴᠠᠬᠢᠯᠭᠠᠨ ᠨᠡᠭᠦᠷᠡᠰᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ ︾ ᠭᠡᠵᠦ ᠺᠣᠮᠫᠠᠨᠢ ᠶᠢᠨ ᠨᠡᠭᠦᠷᠡᠰᠦ ᠡᠵᠡᠩᠨᠡᠨ ᠪᠣᠷᠣᠯᠠᠭᠤᠯᠬᠤ ᠲᠥᠪ ᠤᠨ ᠡᠷᠬᠢᠯᠡᠭᠴᠢ ᠯᠢᠦ ᠪᠥᠸᠧ ᠸᠧᠢ ᠬᠡᠯᠡᠪᠡ ᠃    
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ