| ᠨᠢᠭᠡ ᠂ ᠨᠣᠣᠷᠠᠭᠯᠠᠭᠰᠠᠨ ᠠᠬᠤᠢ ᠪᠠᠶᠢᠳᠠᠯ | 1998 ᠣᠨ ᠳᠤ ︽ ᠴᠢᠰᠤ ᠬᠠᠨᠳᠢᠪᠯᠠᠬᠤ ᠬᠠᠤᠯᠢ ︾ ᠶᠢ ᠨᠡᠶᠢᠲᠡᠯᠡᠨ ᠬᠡᠷᠡᠭᠵᠢᠭᠦᠯᠵᠦ ᠂ ᠮᠠᠨ ᠤ ᠤᠯᠤᠰ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ | ᠳᠦᠷᠢᠮ ᠢ ᠪᠦᠬᠦ ᠲᠠᠯ᠎ᠠ ᠪᠠᠷ ᠪᠠᠶᠢᠭᠤᠯᠵᠠᠢ ᠃ ᠡᠯ᠎ᠡ ᠱᠠᠲᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠵᠣᠬᠢᠶᠠᠨ | ᠪᠠᠶᠢᠭᠤᠯᠤᠯᠲᠠ ᠤᠳᠤᠷᠢᠳᠤᠯᠭ᠎ᠠ ᠪᠠ ᠠᠷᠠᠳ ᠣᠯᠠᠨ ᠤ ᠢᠳᠡᠪᠬᠢᠲᠡᠢ ᠣᠷᠣᠯᠴᠠᠭᠰᠠᠨ ᠢᠶᠠᠷ ᠂ ︽ ᠵᠠᠰᠠᠭ ᠤᠨ ᠣᠷᠳᠣᠨ ᠤᠳᠤᠷᠢᠳᠴᠤ ᠂ ᠰᠠᠯᠠᠭ᠎ᠠ ᠮᠥᠴᠢᠷ ᠤᠳ | ᠬᠠᠮᠵᠢᠯᠴᠠᠨ ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ ︾ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠤᠨ ᠵᠠᠭᠪᠤᠷ ᠢ ᠪᠦᠲᠦᠭᠡᠵᠦ ᠂ ᠡᠮᠴᠢᠯᠡᠭᠡᠨ ᠳᠤ | ᠬᠡᠷᠡᠭᠯᠡᠬᠦ ᠴᠢᠰᠤ ᠨᠢ ᠴᠥᠮ ᠢᠷᠭᠡᠳ ᠤᠨ ᠰᠠᠶᠢᠨ ᠳᠤᠷ᠎ᠠ ᠠᠴᠠ ᠪᠠᠨ ᠲᠥᠯᠥᠪᠦᠷᠢ ᠦᠭᠡᠢ ᠪᠠᠷ ᠬᠠᠨᠳᠢᠪᠯᠠᠭᠰᠠᠨ ᠠᠴᠠ ᠢᠷᠡᠭᠰᠡᠨ ᠢ ᠪᠡᠶᠡᠯᠡᠭᠦᠯᠵᠦ ᠂ ᠲᠥᠯᠥᠪᠦᠷᠢ | ᠦᠭᠡᠢ ᠪᠠᠷ ᠴᠢᠰᠤ ᠬᠠᠨᠳᠢᠪᠯᠠᠭᠰᠠᠨ ᠶᠡᠷᠦᠩᠬᠡᠢ ᠬᠡᠮᠵᠢᠶ᠎ᠡ ᠪᠠ ᠴᠢᠰᠤ ᠬᠠᠨᠳᠢᠪᠯᠠᠭᠰᠠᠨ ᠤ ᠳᠠᠪᠬᠤᠷᠳᠠᠭᠰᠠᠨ ᠲᠤᠭ᠎ᠠ 20 ᠭᠠᠷᠤᠢ ᠵᠢᠯ ᠤᠨ ᠨᠡᠮᠡᠭᠳᠡᠯ ᠢ ᠪᠠᠲᠤᠯᠠᠵᠤ ᠂ | ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠢᠯᠡᠳᠲᠡ ᠪᠦᠲᠦᠮᠵᠢ ᠣᠯᠪᠠ ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ | ᠨᠡᠶᠢᠲᠡᠯᠡᠭᠰᠡᠨ ︽ 2021 ᠣᠨ ᠤ ᠪᠦᠬᠦ ᠪᠥᠮᠪᠥᠷᠴᠡᠭ ᠤᠨ ᠴᠢᠰᠤᠨ ᠤ ᠠᠮᠤᠷ ᠲᠦᠪᠰᠢᠨ ᠪᠣᠯᠣᠨ ᠬᠦᠷᠲᠡᠬᠦ᠋ᠢᠴᠡ ᠣᠳᠣᠬᠢ ᠪᠠᠶᠢᠳᠠᠯ ᠤᠨ ᠮᠡᠳᠡᠭᠦᠯᠦᠯᠲᠡ ︾ ᠠᠴᠠ | ᠦᠵᠡᠪᠡᠯ ᠂ ᠮᠠᠨ ᠤ ᠤᠯᠤᠰ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠶᠡᠷᠦᠩᠬᠡᠢ ᠬᠡᠮᠵᠢᠶ᠎ᠡ ᠂ ᠴᠢᠰᠤᠨ ᠤ ᠴᠢᠨᠠᠷ ᠤᠨ ᠠᠮᠤᠷ ᠲᠦᠪᠰᠢᠨ ᠪᠣᠯᠣᠨ | ᠡᠮᠴᠢᠯᠡᠭᠡᠨ ᠳᠤ ᠬᠡᠷᠡᠭᠯᠡᠬᠦ ᠴᠢᠰᠤᠨ ᠤ ᠵᠣᠬᠢᠰᠲᠠᠢ ᠲᠦᠪᠰᠢᠨ ᠵᠡᠷᠭᠡ ᠲᠠᠯ᠎ᠠ ᠪᠠᠷ ᠢᠶᠠᠨ ᠪᠦᠬᠦ ᠪᠥᠮᠪᠥᠷᠴᠡᠭ ᠤᠨ ᠡᠮᠦᠨ᠎ᠡ ᠡᠩᠨᠡᠭᠡᠨ ᠳᠤ ᠣᠷᠣᠵᠠᠢ ᠃ | ︽ ᠴᠢᠰᠤ ᠬᠠᠨᠳᠢᠪᠯᠠᠬᠤ ᠬᠠᠤᠯᠢ ︾ ᠳᠤ ︽ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠴᠢᠰᠤ | ᠬᠠᠨᠳᠢᠪᠯᠠᠬᠤ ᠳᠤ ᠢᠳᠡᠪᠬᠢᠯᠡᠭᠰᠡᠨ ᠪᠠ ᠴᠢᠰᠤ ᠬᠠᠨᠳᠢᠪᠯᠠᠬᠤ ᠠᠵᠢᠯ ᠳᠤ ᠢᠯᠡᠳᠲᠡ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠱᠠᠩᠨᠠᠨ ᠬᠥᠬᠢᠭᠦᠯᠦᠨ᠎ᠡ ︾ | ᠭᠡᠵᠦ ᠲᠣᠭᠲᠠᠭᠠᠵᠠᠢ ᠂ ᠪᠦᠬᠦ ᠤᠯᠤᠰ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠢ ᠬᠥᠬᠢᠭᠦᠯᠬᠦ ᠠᠵᠢᠯᠯᠠᠭ᠎ᠠ ᠶᠢ ᠬᠤᠶᠠᠷ ᠵᠢᠯ ᠳᠤ ᠨᠢᠭᠡ ᠤᠳᠠᠭ᠎ᠠ | ᠥᠷᠨᠢᠭᠦᠯᠬᠦ ᠪᠥᠭᠡᠳ ᠨᠡᠶᠢᠳᠡ 10 ᠭᠠᠷᠤᠢ ᠤᠳᠠᠭ᠎ᠠ ᠥᠷᠨᠢᠭᠦᠯᠵᠦ ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ ᠳᠠᠪᠬᠤᠷᠳᠠᠭᠰᠠᠨ ᠲᠤᠭ᠎ᠠ ᠪᠠᠷ 250 | ᠲᠦᠮᠡᠨ ᠬᠥᠮᠥᠨ ᠠᠴᠠ ᠳᠡᠭᠡᠭᠰᠢ ᠬᠥᠬᠢᠭᠦᠯᠪᠡ ᠃ ᠣᠳᠣᠬᠠᠨ ᠳᠤ ᠪᠥᠬᠦ ᠤᠯᠤᠰ ᠤᠨ ᠮᠠᠰᠢ ᠣᠯᠠᠨ ᠮᠤᠵᠢ ᠣᠷᠣᠨ ︽ ᠭᠤᠷᠪᠠ ᠶᠢ ᠬᠡᠯᠲᠦᠷᠢᠭᠦᠯᠬᠦ ᠲᠥᠷᠥ ᠶᠢᠨ | ᠪᠣᠳᠣᠯᠭ᠎ᠠ ︾ ︵ ᠲᠤᠬᠠᠶᠢᠯᠠᠪᠠᠯ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠲᠥᠯᠥᠪᠦᠷᠢ ᠦᠭᠡᠢ ᠪᠠᠷ ᠰᠠᠭᠤᠬᠤ ᠂ ᠵᠠᠰᠠᠭ ᠤᠨ ᠣᠷᠳᠣᠨ ᠤ ᠪᠡᠯᠡ ᠣᠷᠣᠭᠤᠯᠵᠤ | ᠭᠤᠣᠯᠯᠠᠨ ᠡᠷᠭᠢᠯᠡᠭᠰᠡᠨ ᠴᠡᠴᠡᠷᠯᠢᠭ ᠢᠶᠠᠷ ᠲᠥᠯᠥᠪᠦᠷᠢ ᠦᠭᠡᠢ ᠪᠠᠷ ᠵᠤᠭᠠᠴᠠᠬᠤ ᠪᠠ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠡᠩ ᠤᠨ ᠡᠭᠦᠳᠡᠨ ᠡᠮᠨᠡᠯᠭᠡ ᠶᠢᠨ | ᠣᠨᠣᠰᠢᠯᠠᠨ ᠪᠠᠶᠢᠴᠠᠭᠠᠬᠤ ᠰᠦᠢᠳᠬᠡᠯ ᠢ ᠲᠤᠰᠢᠶᠠᠬᠤ ᠦᠭᠡᠢ ︶ ᠶᠢ ᠬᠡᠷᠡᠭᠵᠢᠭᠦᠯᠵᠦ ᠂ ᠮᠠᠰᠢ ᠰᠠᠶᠢᠨ ᠤᠷᠮᠠᠰᠢᠭᠤᠯᠬᠤ ᠦᠢᠯᠡᠳᠦᠯ ᠪᠠᠳᠠᠷᠠᠭᠤᠯᠪᠠ ᠃ | ︽ ᠴᠢᠰᠤ ᠬᠠᠨᠳᠢᠪᠯᠠᠬᠤ ᠬᠠᠤᠯᠢ ︾ ᠶᠢ ᠤᠯᠠᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠤᠨ ᠬᠤᠪᠢ | ᠨᠡᠮᠡᠷᠢ ᠦᠵᠡᠭᠦᠯᠬᠦ ᠦᠢᠯᠡ ᠠᠵᠢᠯᠯᠠᠭ᠎ᠠ ᠶᠢ ᠨᠤᠲᠠᠯᠠᠨ ᠪᠠᠳᠠᠷᠠᠭᠤᠯᠵᠤ ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠤᠨ ᠢᠷᠠᠭᠤ ᠠᠯᠳᠠᠷ ᠤᠨ ᠲᠥᠷᠥᠭᠳᠡᠯ ᠪᠠ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ ᠂ ᠨᠡᠩ ᠣᠯᠠᠨ ᠨᠡᠶᠢᠭᠡᠮ ᠤᠨ ᠣᠯᠠᠨ ᠲᠦᠮᠡᠨ ᠤ ᠬᠠᠯᠠᠮᠵᠢᠯᠠᠬᠤ ᠪᠠ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ | ᠠᠵᠢᠯᠯᠠᠭ᠎ᠠ ᠳᠤ ᠣᠷᠣᠯᠴᠠᠬᠤ ᠶᠢ ᠤᠷᠮᠠᠰᠢᠭᠤᠯᠬᠤ ᠶᠢᠨ ᠲᠥᠯᠥᠭᠡ ᠂ ᠡᠯ᠎ᠡ ᠭᠠᠵᠠᠷ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠶᠢ ᠤᠷᠮᠠᠰᠢᠭᠤᠯᠤᠨ ᠬᠥᠬᠢᠭᠦᠯᠬᠦ | ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠭᠰᠡᠨ ᠰᠠᠭᠤᠷᠢᠨ ᠳᠡᠭᠡᠷ᠎ᠡ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠥᠪ ᠤᠨ ᠤᠬᠠᠭᠤᠯᠬᠤ | ᠬᠡᠯᠲᠡᠰ ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠂ ᠳᠤᠮᠳᠠᠳᠤ ᠤᠯᠤᠰ ᠤᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠶᠡᠷᠦᠩᠬᠡᠢ ᠡᠪᠯᠡᠯ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠬᠡᠯᠲᠡᠰ ᠤᠨ ᠡᠷᠡᠭᠦᠯ ᠬᠠᠮᠠᠭᠠᠯᠠᠯ ᠤᠨ ᠲᠣᠪᠴᠢᠶ᠎ᠠ ᠲᠠᠢ ᠬᠠᠮᠲᠤᠷᠠᠨ ︽ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ ᠤᠷᠮᠠᠰᠢᠭᠤᠯᠤᠨ ᠬᠥᠬᠢᠭᠦᠯᠬᠦ ᠠᠵᠢᠯ ᠢ | ᠤᠯᠠᠮ ᠰᠠᠶᠢᠲᠤᠷ ᠬᠢᠬᠦ ᠲᠤᠬᠠᠢ ᠮᠡᠳᠡᠭᠳᠡᠯ ︾ ︵ ᠳᠣᠷᠣᠭᠰᠢ ︽ ᠮᠡᠳᠡᠭᠳᠡᠯ ︾ ᠭᠡᠵᠦ ᠲᠣᠪᠴᠢᠯᠠᠪᠠ ︶ ᠢ ᠨᠣᠣᠷᠠᠭᠯᠠᠪᠠ ᠃ | ᠬᠤᠶᠠᠷ ᠂ ︽ ᠮᠡᠳᠡᠭᠳᠡᠯ ︾ ᠤᠨ ᠭᠤᠣᠯ ᠠᠭᠤᠯᠭ᠎ᠠ | ︵ ᠨᠢᠭᠡ ︶ ︽ ᠴᠢᠰᠤ ᠬᠠᠨᠳᠢᠪᠯᠠᠬᠤ ᠬᠠᠤᠯᠢ ︾ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠢ ᠬᠥᠬᠢᠭᠦᠯᠬᠦ ᠠᠵᠢᠯ ᠢ | ᠰᠠᠶᠢᠲᠤᠷ ᠬᠢᠨ᠎ᠡ ᠃ ︽ ᠮᠡᠳᠡᠭᠳᠡᠯ ︾ ᠳᠤ ︽ ᠪᠥᠬᠦ ᠤᠯᠤᠰ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠢ ᠬᠥᠬᠢᠭᠦᠯᠬᠦ ᠠᠷᠭ᠎ᠠ ︵ 2022 ᠣᠨ ᠤ ᠬᠡᠪᠯᠡᠯ ︶ | ︾ ᠳᠤ ᠳᠤᠷᠠᠳᠤᠭᠰᠠᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠱᠠᠩᠨᠠᠯ ᠤᠨ ᠨᠠᠰᠤᠨ ᠲᠤᠷᠰᠢᠲᠠ ᠶᠢᠨ ᠢᠷᠠᠭᠤ ᠠᠯᠳᠠᠷ ᠢ ᠬᠦᠷᠲᠡᠭᠴᠢ ᠨᠢ ᠦᠷᠭᠦᠯᠵᠢᠯᠡᠨ | ᠱᠠᠭᠠᠷᠳᠠᠯᠭ᠎ᠠ ᠶᠣᠰᠣᠭᠠᠷ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠱᠠᠩᠨᠠᠯ ᠤᠨ ᠪᠤᠰᠤᠳ ᠱᠠᠩᠨᠠᠯ ︵ ᠭᠠᠤᠯᠢ ᠂ ᠮᠥᠩᠭᠦ ᠂ ᠠᠯᠲᠠᠨ ᠮᠧᠳᠠᠯ ︶ ᠢ | ᠭᠤᠶᠤᠴᠢᠯᠠᠵᠤ ᠪᠣᠯᠣᠨ᠎ᠠ ᠭᠡᠵᠦ ᠤᠯᠠᠮ ᠲᠣᠳᠣᠷᠬᠠᠢ ᠲᠣᠭᠲᠠᠭᠠᠪᠠ ᠃ ᠡᠭᠦᠨ ᠠᠴᠠ ᠭᠠᠳᠠᠨ᠎ᠠ ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯ | ᠥᠷᠨᠢᠭᠦᠯᠦᠭᠰᠡᠨ ᠪᠠᠶᠢᠳᠠᠯ ᠢ ᠡᠯ᠎ᠡ ᠭᠠᠵᠠᠷ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠂ ᠪᠣᠯᠪᠠᠰᠤᠨ | ᠨᠢᠭᠡᠴᠢ ᠶᠢ ᠰᠢᠯᠭᠠᠷᠠᠭᠤᠯᠬᠤ ᠵᠡᠷᠭᠡ ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ ᠶᠢ ᠵᠣᠷᠢᠭᠵᠢᠭᠤᠯᠤᠨ᠎ᠠ ᠃ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ ᠢ ᠰᠢᠯᠢᠳᠡᠭ ᠰᠢᠯᠭᠠᠷᠠᠭᠤᠯᠬᠤ ᠳᠤ ᠤᠷᠢᠳᠴᠢᠯᠠᠨ ᠪᠣᠳᠣᠯᠬᠢᠯᠠᠬᠤ ᠶᠢ ᠰᠠᠨᠠᠭᠠᠴᠢᠯᠠᠨ᠎ᠠ ᠃ | ︵ ᠬᠤᠶᠠᠷ ︶ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ ᠬᠥᠬᠢᠭᠦᠯᠬᠦ ᠠᠷᠭ᠎ᠠ ᠶᠢ ᠢᠳᠡᠪᠬᠢᠲᠡᠢ ᠪᠠᠷ ᠰᠦᠪᠡᠭᠴᠢᠯᠡᠨ ᠲᠡᠭᠦᠯᠳᠡᠷᠵᠢᠭᠦᠯᠬᠦ ᠶᠢ | ᠵᠣᠷᠢᠭᠵᠢᠭᠤᠯᠤᠨ᠎ᠠ ᠃ ᠡᠯ᠎ᠡ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ︽ ᠭᠤᠷᠪᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ︾ ᠶᠢᠨ | ᠨᠠᠶᠢᠳᠠᠪᠤᠷᠢᠵᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠵᠤ ᠂ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠠᠩ ᠣᠯᠠᠨ ᠪᠦᠲᠦᠮᠵᠢᠲᠡᠶ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠤᠨ | ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠨᠠᠩ ᠣᠯᠠᠨ ᠨᠡᠶᠢᠭᠡᠮ ᠤᠨ ᠣᠯᠠᠨ ᠲᠦᠮᠡᠨ ᠢ ᠲᠥᠯᠥᠪᠦᠷᠢ ᠦᠭᠡᠢ ᠪᠠᠷ ᠴᠢᠰᠤ | ᠬᠠᠨᠳᠢᠪᠯᠠᠬᠤ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ ᠃ | ︵ ᠭᠤᠷᠪᠠ ︶ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠦᠢᠯᠡᠴᠢᠯᠡᠭᠡᠨ ᠤ ᠴᠢᠨᠠᠷ ᠪᠠ ᠲᠦᠪᠰᠢᠨ ᠢ ᠤᠯᠠᠮ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ ᠃ ︽ | ᠴᠢᠰᠤ ᠬᠠᠨᠳᠢᠪᠯᠠᠭᠴᠢ ᠪᠠᠷ ᠭᠤᠣᠯᠯᠠᠬᠤ ︾ ᠦᠢᠯᠡᠴᠢᠯᠡᠭᠡᠨ ᠤ ᠦᠵᠡᠯ ᠪᠣᠳᠣᠯ ᠢ ᠪᠣᠶ ᠪᠣᠯᠭᠠᠵᠤ ᠂ ᠴᠢᠰᠤ ᠬᠠᠨᠳᠢᠪᠯᠠᠭᠴᠢ ᠶᠢᠨ ᠠᠩᠬᠠᠷᠴᠤ ᠪᠠᠶᠢᠭ᠎ᠠ ᠠᠰᠠᠭᠤᠳᠠᠯ ᠢ | ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ ᠃ ᠦᠢᠯᠡᠴᠢᠯᠡᠭᠡᠨ ᠤ ᠶᠠᠪᠤᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠂ ᠴᠢᠰᠤ ᠬᠠᠨᠳᠢᠪᠯᠡᠬᠤ ᠣᠷᠴᠢᠨ | ᠲᠣᠭᠤᠷᠢᠨ ᠢ ᠰᠠᠶᠢᠵᠢᠷᠠᠭᠤᠯᠬᠤ ᠂ ᠪᠣᠯᠵᠣᠵᠤ ᠴᠢᠰᠤ ᠬᠠᠨᠳᠢᠪᠯᠡᠬᠤ ᠶᠢ ᠠᠬᠢᠭᠤᠯᠬᠤ ᠂ ᠬᠦᠯᠢᠶᠡᠬᠦ ᠴᠠᠭ ᠢ ᠪᠣᠭᠤᠨᠢᠰᠬᠠᠬᠤ ᠪᠠᠷ ᠳᠠᠮᠵᠢᠭᠤᠯᠤᠨ ᠂ ᠲᠥᠯᠥᠪᠦᠷᠢ | ᠦᠭᠡᠢ ᠪᠠᠷ ᠴᠢᠰᠤ ᠬᠠᠨᠳᠢᠪᠯᠠᠭᠰᠠᠳ ᠤᠨ ᠣᠶᠢᠯᠠᠭᠠᠯᠲᠠ ᠪᠠ ᠬᠠᠨᠤᠮᠵᠢ ᠶᠢ ᠳᠡᠭᠡᠭᠰᠢᠯᠡᠭᠦᠯᠦᠨ᠎ᠡ ᠃ ︽ ᠢᠨᠲ᠋ᠧᠷ ᠰᠦᠯᠵᠢᠶ᠎ᠡ + ᠲᠥᠯᠥᠪᠦᠷᠢ ᠦᠭᠡᠢ ᠪᠠᠷ ᠴᠢᠰᠤ | ᠬᠠᠨᠳᠢᠪᠯᠠᠬᠤ ︾ ᠦᠢᠯᠡᠴᠢᠯᠡᠭᠡᠨ ᠤ ᠵᠠᠭᠪᠤᠷ ᠢ ᠠᠬᠢᠭᠤᠯᠵᠤ ᠂ ᠴᠢᠰᠤ ᠬᠠᠨᠳᠢᠪᠯᠠᠭᠴᠢ ᠳᠤ ᠥᠪᠡᠷᠮᠢᠴᠡ ᠂ ᠨᠠᠷᠢᠯᠢᠭ ᠦᠢᠯᠡᠴᠢᠯᠡᠭᠡ ᠬᠠᠩᠭᠠᠨ᠎ᠠ ᠃ ᠲᠥᠯᠥᠪᠦᠷᠢ | ᠦᠭᠡᠢ ᠪᠠᠷ ᠴᠢᠰᠤ ᠬᠠᠨᠳᠢᠪᠯᠠᠭᠰᠠᠨ ᠲᠡᠷᠢᠭᠦᠨ ᠤ ᠬᠥᠮᠥᠰ ᠪᠠ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠨᠡᠶᠢᠭᠡᠮ ᠤᠨ | ᠢᠳᠡᠪᠬᠢ ᠬᠦᠴᠦᠨ ᠢ ᠳᠠᠮᠵᠢᠭᠤᠯᠵᠤ ᠂ ᠮᠠᠨ ᠤ ᠤᠯᠤᠰ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ ᠃ | | | | |