ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠸᠢᠳᠢᠤ᠋ ᠬᠤᠷᠠᠯ ᠬᠤᠷᠠᠯᠳᠤᠪᠠ ᠵᠧᠩ ᠬᠤᠩ ᠹᠠᠨ ᠬᠤᠷᠠᠯ ᠳᠤ ᠣᠷᠣᠯᠴᠠᠵᠦ ᠶᠠᠷᠢᠶ᠎ᠠ ᠲᠠᠯᠪᠢᠪᠠ ᠶᠠᠩ ᠶᠢᠨ ᠬᠤᠷᠠᠯ ᠢ ᠡᠷᠭᠢᠯᠡᠭᠰᠡᠨ ᠪᠥᠭᠡᠳ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ
ᠨᠡᠶᠢᠲᠡᠯᠡᠭᠰᠡᠨ ᠴᠠᠭ᠄
2024/1/16
    1 ᠰᠠᠷ᠎ᠠ ᠶᠢᠨ 12 ᠤᠨ ᠦᠳᠡ ᠶᠢᠨ ᠡᠮᠦᠨ᠎ᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠸᠢᠳᠢᠤ᠋ ᠬᠤᠷᠠᠯ ᠬᠤᠷᠠᠯᠳᠤᠪᠠ ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠩ ᠬᠤᠩ ᠹᠠᠨ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠰᠣᠶᠣᠯ ᠤᠨ ᠥᠪ ᠢ ᠬᠠᠮᠠᠭᠠᠯᠠᠬᠤ ᠪᠣᠯ ᠪᠠᠰᠠ ᠴᠤ ᠵᠠᠰᠠᠭ ᠤᠨ ᠠᠵᠢᠯ ᠤᠨ ᠪᠦᠲᠦᠮᠵᠢ ᠪᠤᠯᠬᠤ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠢ ᠪᠠᠲᠤ ᠴᠣᠭᠴᠠᠯᠠᠵᠤ ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠂ ᠤᠯᠠᠮᠵᠢᠯᠠᠬᠤ ᠶᠢ ᠲᠡᠷᠢᠭᠦᠨ ᠳᠤ ᠲᠠᠯᠪᠢᠬᠤ ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠭᠤᠷᠢ ᠂ ᠡᠷᠲᠡᠨ ᠤ ᠪᠠᠷᠢᠯᠭ᠎ᠠ ᠂ ᠨᠠᠷᠠᠲᠤ ᠬᠤᠲᠠ ᠨᠠᠷᠠᠲᠤ ᠪᠠᠯᠭᠠᠰᠤ ᠂ ᠲᠡᠦᠬᠡ ᠶᠢᠨ ᠵᠡᠭᠡᠯᠢ ᠲᠣᠭᠤᠷᠢᠭ ᠂ ᠤᠯᠠᠮᠵᠢᠯᠠᠯᠲᠤ ᠬᠥᠳᠡᠭᠡ ᠲᠣᠰᠬᠤᠨ ᠂ ᠰᠣᠶᠣᠯ ᠤᠨ ᠦᠵᠡᠮᠵᠢ ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠠᠬᠢᠭᠤᠯᠵᠤ ᠂ ᠶᠡᠭᠡ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠤᠨ ᠂ ᠲᠡᠦᠬᠡ ᠰᠣᠶᠣᠯ ᠪᠠ ᠣᠲᠣ ᠦᠶ᠎ᠡ ᠶᠢᠨ ᠠᠮᠢᠳᠤᠷᠠᠯ ᠢ ᠨᠢᠭᠡ ᠴᠣᠭᠴᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠶᠢᠨ ᠬᠤᠷᠠᠯ ᠢ ᠡᠷᠭᠢᠯᠡᠭᠰᠡᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ