| ᠣᠶᠢᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠠᠷᠯᠠᠯ ᠨᠡᠶᠢᠲᠡᠯᠡᠵᠦ ᠂ ᠪᠤᠭᠤᠲᠤ ᠬᠤᠲᠠ ᠶᠢᠨ ᠶᠢᠩ | ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ︾ ᠣᠯᠭᠤᠪᠠ ᠃ | ᠡᠨᠡ ᠬᠦ ᠢᠷᠠᠭᠤ ᠠᠯᠳᠠᠷ ᠢ ᠭᠥᠷᠳᠡᠭᠰᠡᠨ ᠳᠥᠷᠪᠡᠨ ᠠᠵᠤ ᠠᠬᠤᠶᠢᠯᠠᠯ ᠪᠣᠯ ᠲᠣᠰ ᠲᠣᠰ ᠪᠤᠭᠤᠲᠤ ᠬᠤᠲᠠ ᠶᠢᠨ ᠶᠢᠩ ᠰᠧ ᠲᠧ ᠬᠤᠪᠣᠷ ᠰᠣᠷᠢᠨᠵᠢᠨ ᠰᠢᠨ᠎ᠡ | ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠂ ᠥᠪᠥᠷ ᠮᠣᠩᠭᠤᠯ ᠤᠨ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠂ ᠥᠪᠥᠷ ᠮᠣᠩᠭᠤᠯ ᠤᠨ ᠶᠢᠦ ᠷᠠᠨ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ ᠵᠢᠴᠢ ᠥᠪᠥᠷ | ᠮᠣᠩᠭᠤᠯ ᠤᠨ ᠵᠥᠩ ᠬᠤᠸᠠᠨ ᠲᠠᠯᠠᠰᠲᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠪᠣᠯᠣᠨ᠎ᠠ ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠪᠣᠯᠣᠨ᠎ᠠ ᠂ ᠬᠤᠶᠠᠷ ᠵᠢᠯ ᠳᠤ ᠨᠢᠭᠡ ᠤᠳᠠᠭ᠎ᠠ ᠰᠢᠯᠭᠠᠷᠠᠭᠤᠯᠵᠤ ᠂ ᠣᠲᠣ ᠪᠤᠯᠲᠠᠯ᠎ᠠ | ᠨᠢᠭᠡᠨᠲᠡ ᠶᠢᠰᠦᠨ ᠬᠤᠭᠤᠴᠠᠭ᠎ᠠ ᠰᠢᠯᠭᠠᠷᠠᠭᠤᠯᠵᠤ ᠂ ᠪᠦᠭᠦ ᠣᠷᠣᠨ ᠤ ᠨᠡᠶᠢᠲᠡ 41 ᠨᠢᠭᠡᠴᠢ ᠱᠠᠩᠨᠠᠯ ᠭᠦᠷᠳᠡᠪᠡ ᠃ | 2023 ᠣᠨ ᠳᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠢ ᠥᠪᠡᠷᠲᠡᠭᠡᠨ ᠵᠠᠰᠠᠬᠤ | ᠣᠷᠣᠨ ᠤ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠰᠠᠶᠢᠨ | ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠂ ᠠᠶᠢᠮᠠᠭ ᠬᠤᠲᠠ ᠠᠴᠠ ᠲᠠᠨᠢᠯᠴᠠᠭᠤᠯᠬᠤ ᠂ ᠬᠢᠷᠢ ᠭᠡᠮ ᠢ ᠬᠢᠨᠠᠨ ᠪᠠᠶᠢᠴᠠᠭᠠᠬᠤ ᠂ ᠮᠠᠲ᠋ᠧᠷᠢᠶᠠᠯ ᠢ ᠬᠢᠨᠠᠨ ᠲᠣᠭᠲᠠᠭᠠᠬᠤ ᠂ | ᠲᠤᠬᠠᠢ ᠶᠢᠨ ᠲᠠᠯᠠᠪᠠᠶ ᠳᠤ ᠬᠢᠨᠠᠨ ᠲᠣᠭᠲᠠᠭᠠᠬᠤ ᠂ ᠲᠣᠭᠠᠴᠢᠨ ᠬᠠᠷᠢᠭᠤᠯᠬᠤ ᠂ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠢᠨᠠᠨ ᠲᠣᠭᠲᠠᠭᠠᠬᠤ ᠵᠡᠷᠭᠡ 7 | ᠵᠦᠢᠯ ᠤᠨ ᠭᠤᠭᠴᠤᠭ᠎ᠠ ᠶᠢᠨ ᠲᠠᠰ ᠳᠠᠷᠠᠭᠠᠯᠠᠯ ᠪᠠ 7 ᠤᠳᠠᠭ᠎ᠠ ᠢᠯᠡ ᠨᠡᠶᠢᠲᠡᠯᠡᠵᠦ ᠰᠠᠨᠠᠯ ᠬᠤᠷᠢᠶᠠᠬᠤ ᠪᠠᠷ ᠳᠡᠮᠵᠢᠨ ᠂ 12 ᠠᠶᠢᠮᠠᠭ ᠬᠤᠲᠠ ᠶᠢᠨ | ᠲᠠᠨᠢᠯᠴᠠᠭᠤᠯᠤᠭᠰᠠᠨ 71 ᠨᠢᠭᠡᠴᠢ ᠶᠢᠨ ᠳᠣᠲᠣᠷ᠎ᠠ ᠠᠴᠠ ᠱᠠᠩᠨᠠᠯ ᠭᠥᠷᠳᠡᠭᠰᠡᠨ 4 ᠨᠢᠭᠡᠴᠢ ᠶᠢ ᠰᠢᠯᠭᠠᠷᠠᠭᠤᠯᠤᠨ ᠭᠠᠷᠭᠠᠪᠠ ᠃ | ᠲᠠᠨᠢᠯᠴᠠᠭᠤᠯᠤᠭᠰᠠᠨ ᠢᠶᠠᠷ ᠂ ᠶᠠᠰᠤ ᠴᠢᠨᠠᠷ ᠤᠨ ᠱᠠᠩᠨᠠᠯ ᠤᠨ ᠳᠦᠷᠢᠮ ᠢ ᠲᠣᠭᠲᠠᠭᠠᠬᠤ ᠪᠣᠯ ᠳᠡᠯᠡᠬᠡᠢ ᠶᠢᠨ ᠡᠯ᠎ᠡ ᠤᠯᠤᠰ ᠤᠨ ᠶᠠᠰᠤ ᠴᠢᠨᠠᠷ ᠤᠨ ᠳᠠᠪᠰᠢᠯᠲᠠ ᠶᠢ | ᠵᠣᠷᠢᠭᠵᠢᠭᠤᠯᠬᠤ ᠨᠡᠶᠢᠳᠡᠮ ᠬᠡᠷᠡᠭᠯᠡᠬᠦ ᠠᠷᠭ᠎ᠠ ᠪᠠᠷᠢᠯ ᠮᠥᠨ ᠂ ᠱᠠᠩᠨᠠᠯ ᠤᠨ ᠵᠦᠢᠯ ᠢ ᠰᠢᠯᠭᠠᠷᠠᠭᠤᠯᠬᠤ ᠪᠠᠷ ᠳᠠᠮᠵᠢᠭᠤᠯᠤᠨ ᠂ ᠨᠡᠶᠢᠭᠡᠮ ᠳᠠᠶᠠᠭᠠᠷ ᠲᠤ ᠬᠡᠪ ᠳᠠᠭᠤᠷᠢᠶᠠᠯ | ᠪᠣᠯᠵᠤ ᠂ ᠥᠷᠭᠡᠨ ᠣᠯᠠᠨ ᠠᠵᠤ ᠠᠬᠤᠶᠢᠯᠠᠯ ᠤᠨ ᠭᠠᠷᠮᠠᠭᠠᠢ ᠬᠠᠮᠢᠶᠠᠷᠤᠯᠲᠠ ᠶᠢ ᠬᠥᠭᠡᠭᠡᠴᠡᠯᠳᠦᠬᠦ ᠶᠢ ᠵᠣᠷᠢᠭᠵᠢᠭᠤᠯᠵᠤ ᠂ ᠶᠠᠰᠤ ᠴᠢᠨᠠᠷ ᠤᠨ ᠬᠠᠮᠢᠶᠠᠷᠤᠯᠲᠠ ᠶᠢᠨ | ᠠᠷᠭ᠎ᠠ ᠶᠢ ᠲᠠᠰᠤᠷᠠᠯᠲᠠ ᠦᠭᠡᠢ ᠰᠠᠶᠢᠵᠢᠷᠠᠭᠤᠯᠤᠨ ᠂ ᠦᠢᠯᠡᠳᠬᠦᠨ ᠤ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠵᠦ ᠂ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ | | | | |