| 1 ᠳ᠋ᠤᠭᠡᠷ ᠰᠠᠷ᠎ᠠ ᠶᠢᠨ 18 ᠤ ᠡᠳᠦᠷ ᠂ 2024 ᠣᠨ ᠤ ᠪᠥᠬᠦ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠬᠤᠷᠠᠯ ᠬᠥᠬᠡᠬᠤᠲᠠ ᠳᠤ | ᠬᠤᠷᠠᠯᠳᠤᠵᠤ ᠂ 2023 ᠣᠨ ᠤ ᠪᠥᠬᠦ ᠣᠷᠣᠨ ᠤ ᠵᠡᠮᠳᠡᠭᠴᠦᠳ ᠤᠨ ᠠᠵᠢᠯ ᠢ ᠳ᠋ᠦᠩᠨᠡᠵᠦ ᠂ 2024 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ ᠃ | ᠲᠠᠨᠢᠯᠴᠠᠭᠤᠯᠤᠭᠰᠠᠨ ᠢᠶᠠᠷ ᠂ 2023 ᠣᠨ ᠳᠤ ᠂ ᠪᠦᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠵᠡᠮᠳᠡᠭᠴᠦᠳ ᠤᠨ ᠠᠵᠢᠯ ᠤᠨ ᠬᠢᠯᠠᠰ ᠴᠡᠭ ᠵᠠᠯᠭᠠᠭ᠎ᠠ ᠪᠠᠷ ᠢᠯᠡᠷᠡᠵᠦ ᠂ ᠢᠯᠡᠳᠲᠡ ᠦᠷ᠎ᠡ | ᠪᠦᠲᠦᠮᠵᠢ ᠣᠯᠵᠠᠢ ᠃ 63058 ᠨᠡᠷᠡᠰ ᠵᠡᠮᠳᠡᠭᠴᠦᠳ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠦᠷᠲᠡᠵᠦ ᠂ 30388 ᠨᠡᠷᠡᠰ ᠵᠡᠮᠳᠡᠭᠴᠦᠳ ᠲᠤᠰᠠᠯᠠᠮᠵᠢ | ᠪᠠᠭᠠᠵᠢ ᠶᠢᠨ ᠲᠣᠬᠢᠷᠠᠭᠤᠯᠭ᠎ᠠ ᠶᠢᠨ ᠦᠢᠯᠡᠴᠢᠯᠡᠭᠡ ᠬᠦᠷᠲᠡᠵᠦ ᠂ 6135 ᠨᠡᠷᠡᠰ ᠵᠡᠮᠳᠡᠭ ᠬᠡᠦᠬᠡᠳ ᠡᠷᠡᠭᠦᠯᠵᠢᠯ ᠤᠨ ᠲᠤᠰᠠᠯᠠᠮᠵᠢ ᠬᠦᠷᠲᠡᠵᠡᠢ ︔ ᠬᠤᠲᠠ | ᠬᠥᠳᠡᠭᠡ ᠶᠢᠨ 11118 ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠵᠤ ᠂ ᠡᠭᠦᠨ ᠳᠤ ᠬᠤᠲᠠ ᠪᠠᠯᠭᠠᠰᠤ ᠶᠢᠨ 4557 ᠬᠥᠮᠥᠨ ᠳᠤ ᠰᠢᠨ᠎ᠡ ᠪᠠᠷ ᠠᠵᠢᠯ | ᠣᠯᠭᠤᠵᠤ ᠂ ᠮᠠᠯᠵᠢᠬᠤ ᠲᠠᠷᠢᠶᠠᠯᠠᠬᠤ ᠣᠷᠣᠨ ᠤ 6561 ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠪᠥᠬᠦ ᠣᠷᠣᠨ ᠤ ᠡᠯ᠎ᠡ ᠱᠠᠲᠤᠨ ᠤ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠢ 1792 ᠨᠡᠷᠡᠰ ᠵᠡᠮᠳᠡᠭᠴᠦᠳ ᠲᠤ ᠠᠵᠢᠯ ᠣᠯᠭᠤᠪᠠ ︔ ᠬᠡᠷᠡᠭᠴᠡᠭᠡ ᠱᠠᠭᠠᠷᠳᠠᠯᠭ᠎ᠠ ᠲᠠᠢ 11290 ᠨᠡᠷᠡᠰ ᠵᠡᠮᠳᠡᠭᠴᠦᠳ ᠲᠤ | ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠪᠠ ︔ ᠬᠦᠴᠢᠷᠳᠡᠯᠲᠡᠢ ᠬᠦᠨᠳᠦ ᠳᠡᠰ ᠤᠨ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢ ᠥᠭᠡᠷᠡᠴᠢᠯᠡᠯᠲᠡ ᠶᠢ | ᠦᠷᠭᠦᠯᠵᠢᠯᠡᠨ ᠥᠷᠨᠢᠭᠦᠯᠵᠦ ᠂ 12184 ᠡᠷᠦᠬᠡ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠪᠡ ︔ 33.7 ᠲᠦᠮᠡᠨ ᠬᠥᠮᠥᠨ ᠳᠤ ᠬᠦᠴᠢᠷᠳᠡᠯᠲᠡᠢ ᠵᠡᠮᠳᠡᠭᠴᠦᠳ ᠤᠨ | ᠠᠮᠢᠳᠤᠷᠠᠯ ᠤᠨ ᠨᠥᠬᠦᠪᠦᠷᠢ ᠣᠯᠭᠤᠵᠤ ᠂ 30.83 ᠲᠦᠮᠡᠨ ᠬᠥᠮᠥᠨ ᠳᠤ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠤᠯᠭᠤᠪᠠ ︔ ᠪᠥᠬᠦ | ᠣᠷᠣᠨ ᠤ 0 ᠠᠴᠠ ᠪᠦᠬᠦᠯᠢ 59 ᠨᠠᠰᠤᠨ ᠤ 41.3 ᠲᠦᠮᠡᠨ ᠬᠦᠨᠳᠦ ᠳᠡᠰ ᠤᠨ ᠬᠦᠴᠢᠷᠳᠡᠯᠲᠡᠢ ᠵᠡᠮᠳᠡᠭᠴᠦᠳ ᠲᠤ ᠰᠠᠨᠠᠭᠠᠨ ᠳᠤ ᠦᠭᠡᠢ ᠰᠢᠷᠬᠠᠲᠤᠯ ᠤᠨ | ᠳᠠᠭᠠᠳᠬᠠᠯ ᠠᠪᠴᠤ ᠦᠭᠪᠡ ᠂ 26 ᠲᠦᠮᠡᠨ ᠵᠡᠮᠳᠡᠭᠴᠦᠳ ᠲᠤ ᠦᠨᠳᠦᠰᠦᠨ ᠨᠠᠰᠤᠵᠢᠯ ᠤᠨ ᠳᠠᠭᠠᠳᠬᠠᠯ ᠢ ᠣᠷᠣᠯᠠᠨ ᠲᠤᠰᠢᠶᠠᠵᠤ ᠂ 38.9 ᠲᠦᠮᠡᠨ | ᠵᠡᠮᠳᠡᠭᠴᠦᠳ ᠲᠤ ᠦᠨᠳᠦᠰᠦᠨ ᠡᠮᠴᠢᠯᠡᠭᠡᠨ ᠤ ᠳᠠᠭᠠᠳᠬᠠᠯ ᠢ ᠣᠷᠣᠯᠠᠨ ᠲᠤᠰᠢᠶᠠᠵᠤ ᠥᠭᠪᠡ ᠃ | ᠬᠤᠷᠠᠯ ᠳᠤ ᠱᠠᠭᠠᠷᠳᠠᠭᠰᠠᠨ ᠨᠢ ᠂ 2024 ᠣᠨ ᠳᠤ ᠂ ᠪᠦᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠤᠯᠠᠮ ᠴᠢᠨᠠᠭᠰᠢᠳᠠ ᠪᠠᠲᠤ ᠰᠠᠬᠢᠵᠤ ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠪᠠᠨ ᠰᠢᠯᠢᠳᠡᠭᠵᠢᠭᠦᠯᠵᠦ ᠂ ᠵᠡᠮᠳᠡᠭᠴᠦᠳ ᠤᠨ | ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠨᠡᠮᠡᠭᠳᠡᠭᠦᠯᠵᠦ ᠂ ᠵᠡᠮᠳᠡᠭᠴᠦᠳ ᠤᠨ ᠬᠤᠯᠪᠣᠭ᠎ᠠ ᠶᠢᠨ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠵᠡᠮᠳᠡᠭᠴᠦᠳ ᠤᠨ | ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ ᠃ | | |