ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/1/24
      1 ᠳ᠋ᠦ᠋ᠭᠡᠷ ᠰᠠᠷ᠎ᠠ ᠶᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠪᠠ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ︽ ᠬᠤᠶᠠᠷ ᠬᠤᠷᠠᠯ ︾ ᠤᠨ ᠪᠡᠯᠡᠳᠬᠡᠯ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ ᠃    ᠬᠤᠷᠠᠯ ᠳᠤ ᠵᠢᠭᠠᠵᠤ ᠭᠠᠷᠭᠠᠭᠰᠠᠨ ᠨᠢ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ ᠂ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠃ ︽ ᠬᠤᠶᠠᠷ ᠢ ᠲᠣᠭᠲᠠᠭᠠᠭᠰᠠᠨ ︾ ᠪᠣᠯ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠰᠢᠢᠳᠪᠦᠷᠢᠯᠡᠭᠴᠢ ᠴᠢᠨᠠᠷᠲᠠᠢ ᠪᠠᠲᠤᠯᠠᠭ᠎ᠠ ᠪᠣᠯᠬᠤ ᠶᠢ ᠭᠦᠨᠵᠡᠭᠡᠢ ᠲᠠᠨᠢᠵᠤ ᠂ ᠨᠠᠮ ᠤᠨ ᠲᠥᠪ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠬᠢᠨᠠᠮᠠᠭᠠᠢ ᠬᠡᠷᠡᠭᠯᠡᠵᠦ ᠂ ︽ ᠨᠠᠢᠮᠠ ᠶᠢ ᠪᠠᠷᠢᠮᠲᠠᠯᠠᠬᠤ ︾ ᠶᠢᠨ ᠠᠮᠢᠨ ᠰᠦᠨᠡᠰᠦ ᠪᠠ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠨ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠰᠠᠶᠢᠲᠤᠷ ᠠᠳᠬᠤᠬᠤ ᠬᠡᠷᠡᠭᠲᠡᠢ ᠃ ︽ ᠲᠠᠪᠤᠨ ᠶᠡᠭᠡ ᠡᠭᠦᠷᠭᠡ ︾ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠵᠤ ᠂ ︽ ᠵᠢᠷᠭᠤᠭᠠᠨ ᠢᠨᠵᠧᠨᠧᠷᠢᠩ ︾ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠂ ᠦᠷ᠎ᠡ ᠠᠰᠢᠭ ᠢ ᠳᠡᠭᠡᠭᠰᠢᠯᠡᠭᠦᠯᠬᠦ ᠂ ᠪᠦᠲᠦᠴᠡ ᠶᠢ ᠲᠣᠬᠢᠷᠠᠭᠤᠯᠬᠤ ᠂ ᠲᠠᠪᠴᠠᠩ ᠢ ᠴᠢᠩᠭᠠᠳᠬᠠᠬᠤ ᠂ ᠲᠣᠭᠲᠠᠴᠠ ᠶᠢ ᠥᠭᠡᠷᠡᠴᠢᠯᠡᠬᠦ ᠳᠡᠭᠡᠷ᠎ᠡ ᠬᠦᠴᠦᠯᠡᠵᠦ ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠲᠣᠭᠲᠠᠴᠠ ᠶᠢᠨ ᠬᠦᠴᠦᠨ ᠢ ᠨᠡᠩ ᠰᠠᠶᠢᠲᠤᠷ ᠬᠡᠷᠡᠭᠯᠡᠵᠦ ᠪᠠᠶᠢᠭᠠᠳ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠡᠷᠡᠭᠲᠡᠢ ᠃ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠦᠷᠭᠡᠪᠴᠢᠯᠡᠨ ᠰᠢᠢᠳᠪᠦᠷᠢᠯᠡᠵᠦ ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠢᠯᠭᠠᠷᠠᠭᠤᠯᠤᠨ ᠭᠠᠷᠭᠠᠬᠤ ᠶᠠᠪᠤᠳᠠᠯ ᠢ ᠠᠬᠢᠭᠤᠯᠬᠤ ᠬᠡᠷᠡᠭᠲᠡᠢ ᠃ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠬᠦ ᠬᠡᠷᠡᠭᠲᠡᠢ ᠭᠡᠵᠡᠢ ᠃    ᠬᠤᠷᠠᠯ ᠳᠤ ᠴᠢᠬᠤᠯᠠᠴᠢᠯᠠᠭᠰᠠᠨ ᠨᠢ ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠪᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ ᠂ ᠬᠠᠤᠯᠢ ᠪᠠᠷ ᠵᠠᠰᠠᠬᠤ ᠥᠪᠥᠷ ᠮᠣᠩᠭᠤᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠵᠦ ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠤᠰᠠᠯᠠᠨ ᠦᠢᠯᠡᠴᠢᠯᠡᠬᠦ ᠬᠡᠷᠡᠭᠲᠡᠢ ᠭᠡᠵᠡᠢ ᠃    ᠬᠤᠷᠠᠯ ᠳᠤ ᠴᠢᠬᠤᠯᠠᠴᠢᠯᠠᠭᠰᠠᠨ ᠨᠢ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠡᠳᠦᠷ ᠤᠳ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠶᠢ ᠪᠠᠷᠢᠮᠲᠠᠯᠠᠵᠤ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠠᠶᠤᠯ ᠲᠦᠭᠰᠢᠭᠦᠷᠢ ᠶᠢᠨ ᠳᠠᠯᠳᠠ ᠭᠡᠮ ᠢ ᠴᠢᠩᠭ᠎ᠠ ᠠᠩᠬᠠᠷᠴᠤ ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ ᠂ ᠳᠣᠣᠷ᠎ᠠ ᠳᠤᠯᠠᠭᠠᠨ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠡᠯ᠎ᠡ ᠬᠦᠷᠢᠶ᠎ᠡ ᠡᠯ᠎ᠡ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠨᠠᠷᠢᠨ ᠪᠣᠳᠠᠲᠠᠢ ᠰᠠᠶᠢᠲᠤᠷ ᠬᠢᠵᠦ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ ᠃    ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ︽ ᠤᠯᠤᠰ ᠤᠨ ᠢᠨᠵᠧᠨᠧᠷ ᠤᠨ ᠱᠠᠩᠨᠠᠯ ︾ ᠢ ᠠᠩᠬ᠎ᠠ ᠤᠳᠠᠭ᠎ᠠ ᠰᠢᠯᠭᠠᠷᠠᠭᠤᠯᠵᠤ ᠬᠥᠬᠢᠭᠦᠯᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠴᠢᠳᠠᠪᠤᠷᠢᠲᠠᠨ ᠳᠤ ᠶᠣᠰᠣᠷᠬᠠᠭ ᠬᠠᠨᠳᠤᠬᠤ ᠳᠦᠷᠢᠮ ᠲᠣᠭᠲᠠᠴᠠ ᠶᠢ ᠪᠦᠷᠢᠨᠰᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ︽ ᠰᠢᠪᠲᠤᠯᠤᠯᠲᠠ ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠵᠤ ᠂ ᠳᠡᠭᠡᠳᠦ ᠲᠡᠰ ᠤᠨ ᠴᠢᠳᠠᠪᠤᠷᠢᠲᠠᠨ ᠪᠣᠯᠣᠨ ᠥᠨᠳᠥᠷ ᠪᠣᠯᠪᠠᠰᠤᠷᠠᠯ ᠲᠠᠢ ᠮᠡᠷᠭᠡᠵᠢᠯᠲᠡᠨ ᠢ ᠬᠠᠨᠳᠤᠯᠭᠠᠲᠤ ᠴᠢᠨᠠᠷᠲᠠᠢ ᠪᠠᠷ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠠᠮᠧᠷᠢᠺᠠ ᠶᠢᠨ ᠠᠶᠢᠤᠸᠠ ᠵᠧᠦ ᠶᠢᠨ ᠨᠠᠶᠢᠵᠢ ᠰᠠᠷᠠᠾ · ᠯᠠᠨᠳᠧ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ ᠃    ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠣᠯᠣᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠂ ᠥᠪᠡᠷᠲᠡᠭᠡᠨ ᠵᠠᠰᠠᠬᠤ ᠣᠷᠣᠨ ᠤ ︽ ᠬᠤᠶᠠᠷ ᠬᠤᠷᠠᠯ ︾ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠬᠤ ᠶᠢᠨ ᠬᠠᠮᠲᠤ ︽ ᠬᠤᠶᠠᠷ ᠬᠤᠷᠠᠯ ︾ ᠢ ᠰᠠᠶᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠪᠠ ᠃    ᠬᠤᠷᠠᠯ ᠳᠤ ᠥᠪᠡᠷᠲᠡᠭᠡᠨ ᠵᠠᠰᠠᠬᠤ ᠣᠷᠣᠨ ᠤ 2023 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠂ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠰᠤᠳᠤᠯᠵᠤ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ︾ ᠶᠢ ᠬᠢᠨᠠᠨ ᠵᠥᠪᠯᠡᠵᠦ ᠂ ᠪᠥᠬᠦ ᠣᠷᠣᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ ᠃    ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ ᠃         
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ