ᠪᠢᠳᠡᠭᠡᠢ ᠲᠡᠰᠪᠦᠷᠢᠯᠡᠭᠡᠳ ᠪᠠᠢ︕  ᠡᠶᠢᠮᠦ ᠡᠪᠡᠳᠴᠢᠨ ᠳᠤ 3 ᠳ᠋ᠦᠩᠰᠢᠭᠤᠷ ᠭᠠᠷᠤᠢ ᠬᠥᠮᠥᠨ ᠨᠡᠷᠪᠡᠭᠳᠡᠪᠡ︕ ︽ᠲᠡᠰᠪᠦᠷᠢᠯᠡᠬᠦ︾ ᠨᠢ ᠬᠤᠣᠷ ᠬᠥᠨᠥᠭᠡᠯ ᠠᠪᠴᠢᠷᠠᠬᠤ ᠪᠤᠶᠤ ᠨᠡᠩ ᠬᠦᠨᠳᠦ ᠬᠡᠴᠡᠭᠦᠦ ᠪᠣᠯᠭᠠᠨ᠎ᠠ ᠰᠢᠦ
ᠨᠡᠶᠢᠲᠡᠯᠡᠭᠰᠡᠨ ᠴᠠᠭ᠄
2024/1/24
    ᠠᠮᠢᠳᠤᠷᠠᠯ ᠳᠤᠮᠳᠠ᠂ ᠮᠠᠰᠢ ᠣᠯᠠᠨ ᠬᠥᠮᠥᠨ ᠳᠤ ᠨᠢᠷᠤᠭᠤ ᠡᠪᠡᠳᠬᠦ᠂ ᠲᠣᠯᠣᠭᠠᠢ ᠡᠪᠡᠳᠬᠦ᠂ ᠮᠡᠳᠡᠷᠡᠯ ᠡᠪᠡᠳᠬᠦ ᠵᠡᠷᠭᠡ ᠰᠢᠨᠵᠢ ᠪᠠᠶᠢᠳᠠᠯ ᠭᠠᠷᠳᠠᠭ᠂ ᠪᠦᠷᠢᠳᠬᠡᠯ ᠢ ᠦᠨᠳᠦᠰᠦᠯᠡᠪᠡᠯ᠂ ᠪᠦᠬᠦ ᠤᠯᠤᠰ ᠤᠨ 3 ᠳ᠋ᠦᠩᠰᠢᠭᠤᠷ ᠭᠠᠷᠤᠢ ᠬᠥᠮᠥᠨ ᠡᠯ᠎ᠡ ᠲᠥᠷᠥᠯ ᠤᠨ ᠡᠪᠡᠳᠬᠦ ᠶᠢ ᠳᠠᠭᠠᠭᠠᠵᠤ ᠪᠠᠶᠢᠨ᠎ᠠ᠃        ᠲᠤᠰᠬᠠᠢ ᠮᠡᠷᠭᠡᠵᠢᠯᠲᠡᠨ ᠲᠠᠨᠢᠯᠴᠠᠭᠤᠯᠤᠨ ᠬᠡᠯᠡᠬᠦ ᠳᠡᠭᠡᠨ᠂ ᠣᠳᠣᠬᠠᠨ ᠳᠤ ᠡᠪᠡᠳᠬᠦ ᠰᠠᠯᠠᠭᠠᠨ ᠤ ᠣᠨᠣᠰᠢᠯᠠᠨ ᠡᠮᠨᠡᠵᠦ ᠪᠠᠶᠢᠭ᠎ᠠ ᠡᠪᠡᠳᠴᠢᠲᠡᠨ ᠳᠤ ᠤᠳᠠᠭᠠᠨ ᠴᠢᠨᠠᠷᠲᠠᠢ ᠡᠪᠡᠳᠬᠦ ᠡᠪᠡᠳᠴᠢᠲᠡᠨ ᠢᠶᠠᠷ ᠭᠤᠣᠯᠯᠠᠭᠤᠯᠵᠤ ᠪᠠᠶᠢᠨ᠎ᠠ᠂ ᠡᠭᠦᠨ ᠳᠤ ᠬᠦᠵᠦᠭᠦᠦ ᠰᠡᠭᠡᠷ ᠤᠨ ᠡᠪᠡᠳᠴᠢᠨ᠂ ᠨᠢᠷᠤᠭᠤ ᠬᠥᠯ ᠡᠪᠡᠳᠬᠦ᠂ ᠮᠥᠷᠥ ᠶᠢᠨ ᠲᠣᠭᠤᠷᠢᠨ ᠤ ᠦᠷᠪᠢᠰᠦᠯ᠂ ᠭᠤᠷᠪᠠᠯᠠᠭᠰᠠᠨ ᠮᠡᠳᠡᠷᠡᠯ ᠡᠪᠡᠳᠬᠦ ᠵᠡᠷᠭᠡ ᠪᠠᠭᠲᠠᠵᠤ ᠪᠤᠢ᠃ ᠭᠡᠪᠡᠴᠦ ᠴᠥᠭᠡᠨ ᠪᠤᠰᠤ ᠡᠪᠡᠳᠴᠢᠲᠡᠨ᠂ ᠲᠡᠰᠪᠦᠷᠢᠯᠡᠵᠦ ᠪᠠᠶᠢᠪᠠᠯ ᠠᠶᠠᠨᠳᠠᠭᠠᠨ ᠰᠠᠶᠢᠨ ᠪᠣᠯᠣᠨ᠎ᠠ ᠭᠡᠵᠦ ᠦᠵᠡᠵᠦ ᠪᠠᠶᠢᠬᠤ ᠪᠤᠶᠤ ᠡᠰᠡᠬᠦᠯ᠎ᠡ ᠤᠷᠲᠤ ᠬᠤᠭᠤᠴᠠᠭ᠎ᠠ ᠪᠠᠷ ᠡᠪᠡᠳᠬᠦ ᠶᠢ ᠵᠣᠭᠰᠤᠭᠠᠬᠤ ᠡᠮ ᠤᠤᠭᠤᠬᠤ ᠳᠤ ᠲᠦᠰᠢᠭᠯᠡᠵᠦ ᠪᠠᠶᠢᠨ᠎ᠠ︔ ᠪᠠᠰᠠ ᠵᠠᠷᠢᠮ ᠡᠪᠡᠳᠴᠢᠲᠡᠨ ᠨᠢ ᠡᠪᠡᠳᠬᠦ ᠪᠣᠯ ᠡᠪᠡᠳᠴᠢᠨ ᠤ ᠢᠯᠡᠷᠡᠯ ᠮᠥᠨ᠂ ᠡᠪᠡᠳᠴᠢᠨ ᠢᠶᠠᠨ ᠰᠠᠶᠢᠲᠤᠷ ᠵᠠᠰᠠᠭᠤᠯᠪᠠᠯ ᠳᠠᠷᠤᠢ ᠡᠪᠡᠳᠬᠦ ᠨᠢ ᠠᠷᠢᠯᠤᠨ᠎ᠠ ᠭᠡᠬᠦ ᠮᠡᠲᠦ  ᠶᠢᠨ ᠨᠢ ᠡᠪᠡᠳᠬᠦ ᠲᠤᠬᠠᠢ ᠪᠤᠷᠤᠭᠤ ᠲᠠᠨᠢᠯᠲᠠ ᠲᠠᠢ ᠪᠠᠶᠢᠭᠰᠠᠭᠠᠷ᠃ ᠤᠷᠲᠤ ᠬᠤᠭᠤᠴᠠᠭ᠎ᠠ ᠪᠠᠷ ᠡᠪᠡᠳᠬᠦ ᠶᠢ ᠲᠡᠰᠪᠦᠷᠢᠯᠡᠬᠦ ᠨᠢ ᠨᠠᠩ ᠬᠦᠨᠳᠦ ᠨᠣᠴᠢᠲᠠᠢ ᠬᠤᠣᠷ ᠬᠥᠨᠥᠭᠡᠯ ᠢ ᠠᠪᠴᠢᠷᠠᠵᠤ ᠮᠡᠳᠡᠨ᠎ᠡ ᠭᠡᠪᠡ᠃        ᠱᠠᠩᠬᠠᠢ ᠶᠢᠨ ᠳ᠋ᠦᠩ ᠹᠠᠩ ᠡᠮᠨᠡᠯᠭᠡ ᠶᠢᠨ ᠬᠤᠷᠢᠶᠠᠨ ᠤ ᠡᠪᠡᠳᠬᠦ ᠰᠠᠯᠠᠭᠠᠨ ᠤ ᠡᠷᠬᠢᠯᠡᠭᠴᠢ ᠡᠮᠴᠢ ᠸᠠᠩ ᠰᠢᠶᠠᠩ ᠷᠦᠢ᠄ ᠡᠪᠡᠳᠬᠦ ᠨᠢ ᠣᠬᠤᠷ ᠬᠤᠭᠤᠴᠠᠭᠠᠨ ᠳᠤ ᠵᠢᠷᠦᠬᠡᠨ ᠴᠣᠬᠢᠯᠭ᠎ᠠ ᠴᠢᠰᠤᠨ ᠳᠠᠷᠤᠯᠲᠠ ᠶᠢᠨ ᠬᠤᠪᠢᠷᠠᠯᠲᠠ ᠶᠢ ᠨᠥᠯᠥᠭᠡᠯᠡᠳᠡᠭ᠂ ᠬᠡᠷᠪᠡ ᠰᠢᠬᠢᠷ ᠰᠢᠵᠢᠩ ᠡᠪᠡᠳᠴᠢᠨ ᠳᠠᠪᠬᠤᠴᠠᠪᠠᠯ ᠴᠢᠰᠤᠨ ᠰᠢᠬᠢᠷ ᠢ ᠬᠡᠪ ᠤᠨ ᠬᠡᠪᠴᠢᠶᠡᠨ ᠳᠤ ᠬᠢᠵᠠᠭᠠᠷᠯᠠᠵᠤ ᠳᠡᠶᠢᠯᠬᠦ ᠦᠭᠡᠢ᠂ ᠣᠷᠳᠣ ᠬᠤᠭᠤᠴᠠᠭ᠎ᠠ ᠪᠠᠷ ᠡᠪᠡᠳᠬᠦ ᠨᠢ ᠪᠦᠬᠦ᠋ᠢᠯᠡ ᠲᠠᠷᠢᠬᠢᠨ ᠤ ᠬᠡᠰᠡᠭ ᠤᠨ ᠬᠤᠪᠢᠷᠠᠯᠲᠠ ᠶᠢ ᠨᠥᠯᠥᠭᠡᠯᠡᠨ᠎ᠡ ᠭᠡᠵᠡᠢ᠃     ᠲᠤᠭ᠎ᠠ ᠪᠠᠷᠢᠮᠲᠠ ᠠᠴᠠ ᠦᠵᠡᠪᠡᠯ᠂ ᠪᠥᠬᠦ ᠳᠡᠯᠡᠬᠡᠢ ᠶᠢᠨ ᠤᠳᠠᠭᠠᠨ ᠴᠢᠨᠠᠷᠲᠠᠢ ᠡᠪᠡᠳᠬᠦ ᠡᠪᠡᠳᠴᠢᠨ ᠳᠤ ᠨᠡᠷᠪᠡᠭᠳᠡᠬᠦ ᠨᠣᠷᠮ᠎ᠠ ᠪᠠᠷᠤᠭ 38 % ᠪᠠᠶᠢᠵᠤ᠂ ᠳᠤᠮᠳᠠᠳᠤ ᠤᠯᠤᠰ ᠤᠨ ᠤᠳᠠᠭᠠᠨ ᠴᠢᠨᠠᠷᠲᠠᠢ ᠡᠪᠡᠳᠬᠦ ᠡᠪᠡᠳᠴᠢᠲᠡᠨ 3 ᠳ᠋ᠦᠩᠰᠢᠭᠤᠷ ᠢ ᠳᠠᠪᠠᠵᠤ ᠪᠠᠶᠢᠬᠤ ᠪᠥᠭᠡᠳ ᠵᠢᠯ ᠪᠦᠷᠢ 2000 ᠲᠦᠮᠡᠨ ᠬᠥᠮᠥᠨ ᠤ ᠬᠤᠷᠳᠤᠴᠠ ᠪᠠᠷ ᠨᠡᠮᠡᠭᠳᠡᠵᠦ ᠪᠠᠶᠢᠨ᠎ᠠ᠃ ᠡᠪᠡᠳᠬᠦ ᠨᠢ ᠨᠢᠭᠡᠨᠲᠡ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠬᠠᠪᠤᠳᠠᠷ ᠤᠨ ᠳᠠᠷᠠᠭᠠᠬᠢ ᠭᠤᠷᠪᠠᠳᠤᠭᠠᠷ ᠶᠡᠭᠡ ᠡᠷᠡᠭᠦᠯ ᠮᠡᠨᠳᠦ ᠶᠢᠨ ᠠᠰᠠᠭᠤᠳᠠᠯ ᠪᠣᠯᠵᠠᠢ᠃ 2007 ᠣᠨ ᠳᠤ᠂ ᠤᠤᠯ ᠤᠨ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠠᠴᠠ ︽ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠵᠦᠢᠯ ᠤᠨ ᠨᠡᠷᠡᠰ︾ ᠲᠤ ︽ᠡᠪᠡᠳᠬᠦ ᠰᠠᠯᠠᠭ᠎ᠠ︾ ᠶᠢ ᠨᠢᠭᠡᠳᠦᠭᠡᠷ ᠳᠡᠰ ᠤᠨ ᠣᠨᠣᠰᠢᠯᠠᠨ ᠡᠮᠨᠡᠬᠦ ᠵᠦᠢᠯ ᠪᠣᠯᠭᠠᠨ ᠨᠡᠮᠡᠵᠦ ᠣᠷᠣᠭᠤᠯᠪᠠ᠃         ᠱᠠᠩᠬᠠᠢ ᠶᠢᠨ ᠬᠤᠸᠠ ᠳ᠋ᠦᠩ ᠡᠮᠨᠡᠯᠭᠡ ᠶᠢᠨ ᠬᠤᠷᠢᠶᠠᠨ ᠤ ᠡᠪᠡᠳᠬᠦ ᠰᠠᠯᠠᠭᠠᠨ ᠤ ᠡᠷᠬᠢᠯᠡᠭᠴᠢ ᠡᠮᠴᠢ ᠵᠧᠩ ᠶᠦᠩ ᠵᠢᠶᠦ᠋ᠨ᠄ ᠡᠩ ᠲᠡᠷᠢᠭᠦᠨ ᠳᠤ᠂ ᠡᠪᠡᠳᠬᠦ ᠰᠠᠯᠠᠭ᠎ᠠ ᠨᠢ ᠡᠪᠡᠳᠴᠢᠲᠡᠨ ᠤ ᠵᠢᠩᠬᠢᠨᠢ ᠡᠪᠡᠳᠬᠦ ᠰᠢᠯᠲᠠᠭᠠᠨ ᠢ ᠨᠠᠷᠢᠨ ᠨᠢᠭᠲᠠ ᠡᠷᠢᠵᠦ ᠣᠯᠳᠠᠭ︔ ᠳᠠᠷᠠᠭ᠎ᠠ ᠨᠢ ᠨᠢᠭᠡ ᠢᠵᠢ ᠮᠠᠰᠢ ᠪᠦᠷᠢᠨ ᠲᠡᠭᠦᠯᠳᠡᠷ ᠡᠮᠴᠢᠯᠡᠭᠡᠨ ᠤ ᠰᠢᠰᠲ᠋ᠧᠮ ᠢ ᠬᠡᠷᠡᠭᠯᠡᠵᠦ᠂ ᠪᠦᠬᠦ ᠲᠠᠯ᠎ᠠ ᠶᠢᠨ ᠲᠣᠬᠢᠷᠠᠭᠤᠯᠤᠯᠲᠠ ᠬᠢᠬᠦ ᠪᠤᠶᠤ ᠵᠠᠰᠠᠳᠠᠭ ᠭᠡᠪᠡ᠃   
ᠢᠷᠡᠯᠲᠡ᠄ ᠠᠷᠠᠳ ᠤᠨ ᠮᠣᠩᠭᠤᠯ ᠰᠦᠯᠵᠢᠶ᠎ᠡ