| 1 ᠰᠠᠷ᠎ᠠ ᠶᠢᠨ 27 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ︽ ᠳᠥᠷᠪᠡ ᠦᠭᠡᠢ ᠬᠤᠶᠠᠷ ᠰᠢᠭᠤᠳ ︾ ᠭᠡᠯᠪᠡᠷᠢ ᠪᠠᠷ ᠂ ᠭᠦᠭᠡᠬᠤᠲᠠ ᠳᠤ ︽ ᠶᠢᠰᠦᠨ ᠵᠢᠵᠢᠭ ᠲᠠᠯᠠᠪᠤᠷ ᠭᠠᠵᠠᠷ ︾ ᠪᠣᠯᠣᠨ ᠬᠥᠮᠥᠨ ᠬᠠᠷ᠎ᠠ ᠣᠯᠠᠨ | ᠴᠤᠭᠯᠠᠷᠠᠬᠤ ᠲᠠᠯᠠᠪᠤᠷ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠠᠯᠳᠠᠭᠤᠷ ᠰᠤᠷᠪᠤᠯᠵᠢᠯᠠᠵᠤ ᠪᠠᠶᠢᠴᠠᠭᠠᠪᠠ ᠃ | ᠰᠢᠨ ᠹᠧᠩ ᠪᠤᠤ ᠂ ᠯᠠᠨ ᠱᠢ ᠵᠢᠶᠧ ᠰᠦᠯᠵᠢᠶᠡᠨ ᠤ ᠪᠠᠭᠠᠷ ᠤᠨ ᠪᠠᠶᠢᠷᠢᠯᠠᠵᠤ ᠪᠠᠶᠢᠭ᠎ᠠ ᠬᠤᠳᠠᠯᠳᠤᠭᠠᠨ ᠳᠤ ᠬᠡᠷᠡᠭᠯᠡᠬᠦ ᠪᠠ ᠣᠷᠣᠨ ᠰᠠᠭᠤᠴᠠ ᠬᠤᠯᠢᠯᠳᠤᠭᠰᠠᠨ | ᠠᠰᠠᠷ ᠲᠤ ᠂ ᠸᠠᠩ ᠯᠢ ᠰᠢᠶᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠵᠦ ᠪᠠᠶᠢᠬᠤ ᠡᠰᠡᠬᠦ ᠂ ᠠᠮᠤᠷ ᠲᠦᠪᠰᠢᠨ ᠤ ᠲᠡᠮᠳᠡᠭ ᠢᠯᠡᠷᠬᠡᠶᠢᠯᠡᠯ | ᠵᠢᠷᠤᠮᠵᠢᠩᠭᠤᠢ ᠪᠥᠭᠡᠳ ᠢᠯᠡ ᠪᠠᠶᠢᠬᠤ ᠡᠰᠡᠬᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ ᠂ ᠰᠦᠯᠵᠢᠶᠡᠨ ᠤ ᠪᠠᠭᠠᠷ ᠡᠵᠡᠩᠨᠡᠬᠦ ᠶᠢᠨ ᠳᠠᠭᠠᠤ ᠪᠠᠷᠢᠯᠭ᠎ᠠ ᠶᠢᠨ ᠠᠵᠢᠯ | ᠬᠢᠵᠦ ᠪᠠᠶᠢᠬᠤ ᠂ ᠵᠠᠶᠢᠯᠠᠭᠤᠯᠤᠨ ᠲᠠᠷᠬᠠᠭᠠᠬᠤ ᠵᠠᠮ ᠪᠥᠭᠯᠡᠭᠳᠡᠵᠦ ᠡᠵᠡᠯᠡᠭᠳᠡᠭᠰᠡᠨ ᠂ ᠴᠠᠭᠢᠯᠭᠠᠨ ᠤᠲᠠᠰᠤ ᠨᠢ ᠭᠠᠳᠠᠨ᠎ᠠ ᠢᠯᠡ ᠭᠠᠷᠴᠤ ᠪᠠᠶᠢᠬᠤ ᠂ ᠤᠳᠤᠭ᠎ᠠ ᠶᠢ ᠰᠡᠷᠡᠵᠦ | ᠲᠦᠭᠰᠢᠭᠦᠷᠢ ᠶᠢ ᠮᠡᠳᠡᠭᠡᠯᠡᠬᠦ ᠪᠠᠭᠠᠵᠢ ᠶᠢᠨ ᠠᠵᠢᠯᠯᠠᠭᠠᠨ ᠨᠢ ᠬᠡᠪ ᠤᠨ ᠪᠤᠰᠤ ᠪᠠᠶᠢᠬᠤ ᠂ ᠰᠠᠯᠬᠢ ᠨᠡᠪᠲᠡᠷᠡᠭᠦᠯᠬᠦ ᠦᠷ᠎ᠡ ᠪᠦᠲᠦᠮᠵᠢ ᠨᠢ ᠠᠨᠠᠢ ᠪᠠᠶᠢᠬᠤ ᠵᠡᠷᠭᠡ ᠪᠠᠶᠢᠳᠠᠯ ᠢ | ᠢᠯᠡᠷᠡᠭᠦᠯᠵᠦ ᠂ ᠳᠠᠷᠤᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠪᠥᠭᠡᠳ ᠲᠤᠬᠠᠢ ᠶᠢᠨ ᠲᠠᠯᠠᠪᠠᠶ ᠶᠢᠨ ᠬᠠᠷᠢᠭᠤᠴᠠᠯᠭᠠᠲᠠᠨ ᠳᠤ ᠣᠶᠢᠷ᠎ᠠ ᠶᠢᠨ | ᠬᠤᠭᠤᠴᠠᠭᠠᠨ ᠳᠤ ᠡᠭᠦᠰᠦᠭᠰᠡᠨ ᠬᠦᠨᠳᠦ ᠶᠡᠭᠡ ᠭᠠᠯ ᠤᠨ ᠭᠠᠮᠰᠢᠭ ᠠᠳᠡᠯ ᠠᠴᠠ ᠰᠤᠷᠭᠠᠮᠵᠢ ᠠᠪᠴᠤ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ | ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠂ ᠶᠠᠭᠠᠬᠢᠭᠰᠠᠨ ᠴᠤ ᠠᠰᠠᠭᠤᠳᠠᠯ ᠠᠳᠡᠯ ᠭᠠᠷᠴᠤ ᠪᠤᠯᠬᠤ ᠦᠭᠡᠢ | ᠭᠡᠵᠦ ᠵᠠᠬᠢᠪᠠ ᠃ | ᠳᠠᠷᠠᠭ᠎ᠠ ᠨᠢ ᠂ ᠸᠠᠩ ᠯᠢ ᠰᠢᠶᠠ ᠲᠤᠰ ᠠᠰᠠᠷ ᠤᠨ ᠠᠢ ᠵᠢᠶᠠ ᠪᠠᠭᠤᠳᠠᠯ ᠳᠤ ᠬᠦᠷᠴᠦ ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ | ᠲᠥᠬᠦᠭᠡᠷᠦᠮᠵᠢ ᠨᠢ ᠡᠪᠳᠡᠷᠡᠭᠰᠡᠨ ᠂ ᠵᠠᠶᠢᠯᠠᠭᠤᠯᠤᠨ ᠲᠠᠷᠬᠠᠭᠠᠬᠤ ᠵᠠᠮ ᠤᠨ ᠥᠷᠭᠡᠨ ᠤ ᠬᠡᠮᠵᠢᠶ᠎ᠡ ᠬᠦᠷᠦᠯᠴᠡᠬᠦ ᠦᠭᠡᠢ ᠂ ᠴᠣᠩᠬᠤ ᠨᠢ ᠵᠠᠷ ᠮᠡᠳᠡᠭᠡᠨ ᠤ ᠫᠠᠶᠢᠰᠠ ᠳᠤ | ᠬᠠᠯᠬᠠᠯᠠᠭᠳᠠᠵᠤ ᠂ ᠲᠣᠭᠲᠠᠭᠠᠯ ᠠᠴᠠ ᠵᠥᠷᠢᠴᠡᠨ ᠠᠰᠠᠷ ᠢ ᠳᠠᠪᠬᠤᠷᠭ᠎ᠠ ᠨᠡᠮᠡᠵᠦ ᠪᠠᠶᠢᠭᠤᠯᠤᠭᠰᠠᠨ ᠵᠡᠷᠭᠡ ᠠᠰᠠᠭᠤᠳᠠᠯ ᠢ ᠢᠯᠡᠷᠡᠭᠦᠯᠪᠡ ᠂ ᠲᠡᠷᠡ ᠳᠠᠭᠠᠵᠤ ᠶᠠᠪᠤᠭ᠎ᠠ ᠭᠠᠯ | ᠰᠡᠷᠭᠡᠶᠢᠯᠡᠵᠦ ᠭᠠᠯ ᠤᠨᠲᠠᠷᠠᠭᠠᠬᠤ ᠶᠡᠷᠦᠩᠬᠡᠢ ᠠᠩᠭᠢ ᠶᠢᠨ ᠬᠠᠷᠢᠭᠤᠴᠠᠯᠭᠠᠲᠠᠨ ᠨᠥᠬᠦᠳ ᠲᠤ ᠠᠰᠠᠭᠤᠳᠠᠯ ᠤᠨ ᠭᠡᠮ ᠰᠣᠭᠤᠭ ᠤᠨ ᠨᠠᠷᠢᠨ ᠲᠠᠩᠰᠠ ᠶᠢ ᠱᠠᠯᠠᠪᠳᠠᠨ | ᠡᠮᠬᠢᠯᠡᠵᠦ ᠂ ᠪᠠᠭᠤᠳᠠᠯ ᠢ ᠴᠢᠩᠭ᠎ᠠ ᠠᠩᠬᠠᠷᠴᠤ ᠪᠠᠶᠢᠭᠠᠳ ᠱᠠᠭᠠᠷᠳᠠᠯᠭ᠎ᠠ ᠶᠣᠰᠣᠭᠠᠷ ᠲᠤᠭᠤᠰᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠲᠤᠰᠢᠶᠠᠪᠠ ᠃ | ᠭᠦᠭᠡᠬᠤᠲᠠ ᠶᠢᠨ ᠭᠦᠸᠧ ᠮᠣᠣ ᠬᠤᠳᠠᠯᠳᠤᠭᠠᠨ ᠤ ᠭᠠᠵᠠᠷ ᠲᠤ ᠬᠥᠮᠥᠨ ᠬᠠᠷ᠎ᠠ ᠤᠯᠠᠨ ᠴᠤᠭᠯᠠᠷᠠᠵᠤ ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ ᠃ ᠸᠠᠩ ᠯᠢ | ᠰᠢᠶᠠ ᠬᠤᠳᠠᠯᠳᠤᠭᠠᠨ ᠤ ᠡᠷᠦᠭᠡ ᠂ ᠳᠡᠯᠭᠡᠭᠡ ᠬᠤᠳᠠᠯᠳᠤᠭ᠎ᠠ ᠪᠠᠷ ᠪᠠᠶᠢᠴᠠᠭᠠᠵᠤ ᠂ ᠣᠶᠢᠷ᠎ᠠ ᠶᠢᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠂ ︽ ᠭᠤᠷᠪᠠ ᠦᠭᠡᠢ ︾ ᠴᠠᠭᠢᠯᠭᠠᠨ ᠬᠡᠷᠡᠭᠰᠡᠯ ᠢ ᠪᠠᠶᠢᠴᠠᠭᠠᠨ ᠰᠢᠢᠳᠪᠦᠷᠢᠯᠡᠵᠦ ᠪᠠᠶᠢᠭ᠎ᠠ ᠪᠠᠶᠢᠳᠠᠯ ᠂ | ᠬᠤᠳᠠᠯᠳᠤᠭᠠᠨ ᠤ ᠡᠷᠦᠭᠡ ᠶᠢᠨ ᠴᠠᠭᠢᠯᠭᠠᠨ ᠬᠡᠷᠡᠭᠯᠡᠬᠦ ᠶᠢ ᠵᠢᠷᠤᠮᠵᠢᠭᠤᠯᠵᠤ ᠪᠠᠶᠢᠭ᠎ᠠ ᠪᠠᠶᠢᠳᠠᠯ ᠵᠡᠷᠭᠡ ᠶᠢ ᠨᠠᠷᠢᠯᠢᠭ ᠠᠰᠠᠭᠤᠵᠤ ᠂ ᠣᠷᠣᠰᠢᠵᠤ ᠪᠠᠶᠢᠭ᠎ᠠ ᠠᠮᠤᠷ | ᠲᠦᠪᠰᠢᠨ ᠤ ᠭᠡᠮ ᠰᠣᠭᠤᠭ ᠢ ᠳᠠᠷᠤᠢ ᠳᠤᠨᠢ ᠵᠢᠭᠠᠨ ᠭᠠᠷᠭᠠᠵᠤ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠴᠠᠭᠢᠯᠭᠠᠨ ᠲᠤᠯᠠᠭᠠᠯᠠᠭᠤᠷ ᠂ | ᠴᠠᠭᠢᠯᠭᠠᠨ ᠡᠭᠦᠰᠬᠡᠭᠴᠢ ᠶᠢᠨ ᠤᠭᠯᠠᠭᠤᠷᠭ᠎ᠠ ᠂ ᠵᠤᠤᠬ᠎ᠠ ᠶᠢᠨ ᠨᠡᠭᠡᠯᠡᠭᠡᠢ ᠵᠡᠷᠭᠡ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ | ᠴᠢᠩᠭᠠᠳᠬᠠᠵᠤ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ | ᠱᠠᠭᠠᠷᠳᠠᠪᠠ ᠃ ᠸᠠᠩ ᠯᠢ ᠰᠢᠶᠠ ᠪᠠᠰᠠ ᠲᠤᠬᠠᠢ ᠶᠢᠨ ᠲᠠᠯᠠᠪᠠᠢ ᠳᠤ ᠭᠠᠯ ᠰᠡᠷᠭᠡᠶᠢᠯᠡᠬᠦ ᠡᠪᠬᠡᠮᠡᠯ ᠡᠭᠦᠳᠡ ᠂ ᠤᠳᠤᠭ᠎ᠠ ᠶᠢ ᠰᠡᠷᠡᠵᠦ ᠲᠦᠭᠰᠢᠭᠦᠷᠢ ᠶᠢ ᠮᠡᠳᠡᠭᠡᠯᠡᠬᠦ | ᠲᠥᠬᠦᠭᠡᠷᠦᠮᠵᠢ ᠶᠢ ᠬᠡᠷᠡᠭᠯᠡᠬᠦ ᠪᠠ ᠬᠤᠳᠠᠯᠳᠤᠭᠠᠨ ᠤ ᠬᠤᠲᠠ ᠶᠢᠨ ᠵᠢᠵᠢᠭ ᠭᠡᠯᠪᠡᠷᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ ᠶᠢᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠂ ᠡᠳᠦᠷ ᠲᠤᠲᠤᠮ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠢ ᠪᠠᠶᠢᠴᠠᠭᠠᠵᠤ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠲᠠᠶᠢᠪᠤᠰᠢᠷᠠᠬᠤ ᠦᠵᠡᠯ | ᠰᠠᠨᠠᠭ᠎ᠠ ᠪᠠ ᠠᠵᠠ ᠬᠠᠷᠠᠬᠤ ᠰᠡᠳᠬᠢᠴᠡ ᠶᠢ ᠢᠯᠠᠨ ᠳᠠᠪᠠᠵᠤ ᠂ ᠠᠩᠬᠠᠷᠤᠯ ᠢᠶᠠᠨ ᠲᠥᠪᠯᠡᠷᠡᠭᠦᠯᠦᠨ ᠂ ︽ ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ ︾ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠪᠦᠭᠦ ᠣᠷᠣᠨ ᠳᠤ ᠲᠥᠪᠯᠡᠷᠡᠭᠦᠯᠦᠨ ᠶᠡᠭᠡ ᠵᠢᠭᠰᠠᠭᠠᠨ ᠪᠠᠶᠢᠴᠠᠭᠠᠯᠲᠠ ᠂ ᠶᠡᠭᠡ ᠪᠠᠷ ᠴᠡᠭᠴᠡᠯᠡᠨ ᠵᠠᠰᠠᠬᠤ ᠂ ᠶᠡᠭᠡ ᠪᠠᠷ | ᠢᠯᠡᠴᠢᠯᠡᠨ ᠮᠡᠳᠡᠭᠡᠯᠡᠬᠦ ᠂ ᠶᠡᠭᠡ ᠰᠣᠷᠢᠯᠲᠠ ᠂ ᠶᠡᠭᠡ ᠱᠠᠯᠠᠪᠳᠠᠭᠤᠯᠤᠨ ᠵᠢᠯᠤᠭᠤᠳᠬᠤ ᠠᠵᠢᠯᠯᠠᠭ᠎ᠠ ᠶᠢ ᠥᠷᠨᠢᠭᠦᠯᠵᠦ ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ | ᠭᠡᠮ ᠰᠣᠭᠤᠭ ᠢ ᠪᠦᠭᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠤ ᠂ ᠨᠢᠭᠡᠳ ᠨᠢᠭᠡ ᠪᠠᠷ ᠳᠠᠭᠠᠵᠤ ᠴᠡᠭᠴᠡᠯᠡᠨ ᠰᠠᠶᠢᠵᠢᠷᠠᠭᠤᠯᠵᠤ ᠂ ᠳᠠᠷᠤᠯᠲᠠ ᠶᠢ ᠦᠨᠳᠦᠰᠦᠨ | ᠱᠠᠲᠤᠨ ᠤ ᠡᠴᠦᠰ ᠤᠨ ᠴᠡᠭ ᠲᠤ ᠳᠠᠮᠵᠢᠭᠤᠯᠵᠤ ᠂ ᠬᠦᠨᠳᠦ ᠶᠡᠭᠡ ᠠᠳᠡᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | | |