| 1 ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ ᠃ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠳᠡᠳ᠋ ᠨᠡᠶᠢᠭᠡᠮᠯᠢᠭ ᠤᠨ ᠳᠠᠷᠤᠭ᠎ᠠ ᠰᠢᠦᠢ ᠰᠢᠶᠠᠨ ᠮᠢᠩ | ᠤᠷᠢᠯᠭ᠎ᠠ ᠪᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ ᠃ | ᠰᠦᠨ ᠱᠤᠤ ᠴᠧᠩ ᠂ ᠥᠪᠥᠷ ᠮᠣᠩᠭᠤᠯ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠠᠮᠤᠭ ᠤᠨ ᠡᠷᠲᠡ ᠬᠡᠷᠡᠭᠵᠢᠭᠦᠯᠦᠭᠰᠡᠨ | ᠭᠠᠵᠠᠷ ᠣᠷᠣᠨ ᠪᠣᠯᠤᠭᠰᠠᠨ ᠤ ᠬᠤᠪᠢ ᠳᠤ ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠨᠢ ︽ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ︾ ᠪᠤᠯᠬᠤ ᠴᠢᠬᠤᠯᠠ ᠶᠡᠭᠡ | ᠨᠤᠲᠠᠯᠠᠯᠲᠠ ᠶᠢ ᠠᠩᠬ᠎ᠠ ᠤᠳᠠᠭ᠎ᠠ ᠳᠤᠷᠠᠳᠤᠨ ᠭᠠᠷᠭᠠᠭᠰᠠᠨ ᠭᠠᠵᠠᠷ ᠣᠷᠣᠨ ᠪᠣᠯᠤᠭᠰᠠᠨ ᠤ ᠬᠤᠪᠢ ᠳᠤ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠠᠯ᠎ᠠ ᠪᠠᠷ ᠡᠮᠦᠨ᠎ᠡ ᠨᠢ ᠶᠠᠪᠤᠵᠤ ᠂ ᠦᠯᠢᠭᠡᠷ ᠳᠠᠭᠤᠷᠢᠶᠠᠯ ᠪᠣᠯᠪᠠᠯ ᠵᠣᠬᠢᠨ᠎ᠠ ᠃ ᠡᠨᠡ ᠵᠢᠯ ᠪᠣᠯ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠦᠨᠳᠦᠰᠦᠨ ᠬᠠᠤᠯᠢ ᠳᠤ ᠪᠢᠴᠢᠵᠦ ᠣᠷᠣᠭᠤᠯᠤᠭᠰᠠᠨ 70 ᠵᠢᠯ ᠤᠨ ᠤᠢ ᠪᠣᠯᠣᠨ᠎ᠠ ᠂ ᠪᠠᠰᠠ ᠴᠤ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠨᠡᠶᠢᠲᠡᠯᠡᠨ ᠬᠡᠷᠡᠭᠵᠢᠭᠦᠯᠦᠭᠰᠡᠨ 40 ᠵᠢᠯ ᠤᠨ ᠤᠢ ᠪᠣᠯᠣᠨ᠎ᠠ ᠃ ᠪᠢᠳᠡ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠶᠡᠷᠦᠩᠬᠡᠢ ᠱᠦᠵᠢ ᠶᠢᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢᠯᠠᠩᠭᠤᠶ᠎ᠠ ︽ | ᠬᠤᠶᠠᠷ ᠢ ᠤᠶᠠᠯᠳᠤᠭᠤᠯᠬᠤ ︾ ᠶᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠂ | ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠵᠤ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠨᠡᠩ ᠰᠠᠶᠢᠲᠤᠷ | ᠨᠠᠶᠢᠳᠠᠪᠤᠷᠢᠵᠢᠭᠤᠯᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ ᠃ | ᠰᠦᠨ ᠱᠤᠤ ᠴᠧᠩ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯᠣᠨ᠎ᠠ ᠃ ᠪᠢᠳᠡ ᠶᠠᠮᠠᠷᠪᠠ ᠡᠷᠬᠡ ᠶᠢ ᠬᠡᠷᠡᠭᠵᠢᠭᠦᠯᠵᠦ ᠂ ᠶᠠᠮᠠᠷᠪᠠ ᠡᠭᠦᠷᠭᠡ ᠶᠢ ᠭᠦᠢᠴᠡᠳᠬᠡᠬᠦ ᠳᠤ ᠴᠥᠮ | ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠢ ᠬᠠᠮᠠᠭᠠᠯᠠᠵᠤ ᠂ ᠨᠠᠮ ᠤᠨ ᠲᠥᠪ | ᠬᠤᠷᠢᠶ᠎ᠠ ᠶᠢᠨ ᠵᠠᠷᠯᠢᠭ ᠢ ᠰᠠᠭᠠᠳ ᠦᠭᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠶᠢ | ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠶᠠᠪᠤᠭᠳᠠᠭᠤᠯᠬᠤ ᠬᠡᠷᠡᠭᠲᠡᠢ ᠂ ᠶᠠᠮᠠᠷᠪᠠ ᠰᠢᠯᠲᠠᠭᠠᠨ ᠢᠶᠠᠷ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠤ ᠰᠣᠩᠭᠤᠯᠲᠠ ᠬᠢᠵᠦ ᠥᠭᠡᠷᠡᠲᠦᠭᠦᠯᠦᠨ ᠬᠤᠪᠢᠷᠠᠭᠤᠯᠵᠤ ᠶᠠᠭᠠᠬᠢᠭᠰᠠᠨ ᠴᠤ ᠪᠤᠯᠬᠤ ᠦᠭᠡᠢ ᠂ ᠵᠠᠪᠠᠯ ᠲᠠᠷᠠ ᠬᠡᠪ ᠢᠶᠠᠷ ᠨᠢ ᠶᠠᠪᠤᠭᠳᠠᠭᠤᠯᠬᠤ | ᠬᠡᠷᠡᠭᠲᠡᠢ ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠡᠷᠡᠭᠵᠢᠭᠦᠯᠬᠦ ᠶᠢᠨ ᠦᠨᠳᠦᠰᠦᠨ ᠵᠣᠷᠢᠯᠭ᠎ᠠ ᠪᠣᠯ ᠤᠯᠤᠰ ᠣᠷᠣᠨ ᠤ ᠨᠢᠭᠡᠳᠦᠯ ᠪᠠ | ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢᠨ ᠲᠥᠯᠥᠭᠡ ᠶᠤᠮ ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠡᠨᠡ ᠬᠦ | ᠦᠨᠳᠦᠰᠦᠲᠡᠨ ᠤ ᠪᠦᠯᠬᠦᠮᠳᠡᠯ ᠤᠨ ᠦᠨᠳᠦᠰᠦ ᠶᠢ ᠪᠠᠲᠤ ᠠᠳᠬᠤᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠶᠢᠩᠭᠤ ᠶᠢᠨ ᠪᠥᠭᠡᠳ ᠤᠷᠳᠤ ᠬᠤᠭᠤᠴᠠᠭ᠎ᠠ ᠪᠦᠲᠦᠮᠵᠢᠲᠡᠢ ᠲᠤᠭᠤᠰᠢᠯᠠᠭᠤᠯᠬᠤ ᠠᠷᠭ᠎ᠠ ᠵᠠᠮ ᠪᠠ ᠲᠣᠭᠲᠠᠴᠠ ᠶᠢ | ᠢᠳᠡᠪᠬᠢᠲᠡᠢ ᠰᠦᠪᠡᠭᠴᠢᠯᠡᠵᠦ ᠂ ᠡᠯ᠎ᠡ ᠵᠦᠢᠯ ᠤᠨ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠦᠨᠳᠦᠰᠦᠲᠡᠨ ᠤ ᠪᠦᠯᠬᠦᠮᠳᠡᠯ ᠤᠨ | ᠴᠡᠴᠡᠭᠡᠰ ᠢ ᠦᠨᠡᠨ ᠬᠦ ᠪᠠᠶᠢᠩᠭᠤ ᠳᠡᠯᠭᠡᠷᠡᠭᠦᠯᠦᠨ ᠂ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠪᠠᠶᠢᠩᠭᠤ ᠪᠠᠲᠤᠳᠬᠠᠵᠤ ᠡᠭᠦᠷᠢᠳᠡ ᠪᠠᠬᠢᠵᠢᠭᠦᠯᠬᠦ ᠬᠡᠷᠡᠭᠲᠡᠢ ᠃ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠳᠠᠪᠠᠭᠤᠯᠢᠭ ᠢ ᠰᠠᠶᠢᠲᠤᠷ | ᠪᠠᠳᠠᠷᠠᠭᠤᠯᠵᠤ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠬᠡᠯᠡᠪᠡ ᠃ | | |