| 2023 ᠣᠨ ᠳᠤ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠲᠥᠰᠥᠪ ᠰᠢᠯᠭᠠᠷᠠᠭᠤᠯᠬᠤ | ᠠᠵᠢᠯ ᠢ ᠥᠷᠨᠢᠭᠦᠯᠵᠦ ᠂ ᠲᠥᠰᠥᠪ ᠤᠨ ᠵᠠᠷᠤᠯᠭ᠎ᠠ ᠶᠢ ᠴᠢᠩᠭ᠎ᠠ ᠬᠠᠮᠢᠶᠠᠷᠴᠤ ᠂ ᠪᠥᠬᠦ ᠵᠢᠯ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ | ᠮᠥᠴᠢᠷ ᠤᠨ ᠡᠯ᠎ᠡ ᠲᠥᠷᠥᠯ ᠤᠨ ᠭᠤᠣᠯᠳᠠᠯᠭ᠎ᠠ ᠲᠠᠢ ᠲᠥᠰᠥᠯ ᠢ ᠨᠡᠶᠢᠲᠡ 185 ᠰᠢᠯᠭᠠᠷᠠᠭᠤᠯᠵᠤ ᠂ ᠰᠢᠯᠭᠠᠷᠠᠭᠤᠯᠤᠭᠰᠠᠨ ᠵᠣᠭᠤᠰ ᠤᠨ ᠲᠤᠭ᠎ᠠ 9.21 | ᠳ᠋ᠦᠩᠰᠢᠭᠤᠷ ᠲᠥᠭᠦᠷᠢᠭ ᠂ ᠬᠢᠨᠠᠨ ᠲᠣᠭᠲᠠᠭᠠᠭᠰᠠᠨ ᠵᠣᠭᠤᠰ ᠤᠨ ᠲᠤᠭ᠎ᠠ 6.85 ᠳ᠋ᠦᠩᠰᠢᠭᠤᠷ ᠲᠥᠭᠦᠷᠢᠭ ᠪᠠᠶᠢᠵᠤ ᠂ ᠡᠳ᠋ ᠤᠨ ᠵᠠᠰᠠᠭ ᠤᠨ ᠪᠡᠯᠡ ᠮᠥᠩᠭᠦ ᠶᠢ 2. | 36 ᠳ᠋ᠦᠩᠰᠢᠭᠤᠷ ᠲᠥᠭᠦᠷᠢᠭ ᠠᠷᠪᠢᠯᠠᠪᠠ ᠃ | ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠦᠢᠯᠡᠴᠢᠯᠡᠵᠦ ᠂ ᠡᠳ᠋ ᠤᠨ ᠵᠠᠰᠠᠭ ᠤᠨ ᠰᠢᠯᠭᠠᠷᠠᠭᠤᠯᠬᠤ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠪᠡ – ᠠᠷᠠᠳ ᠤᠨ | ᠠᠮᠢᠳᠤᠷᠠᠯ ᠪᠠ ᠰᠤᠷᠭᠠᠨ ᠬᠥᠮᠦᠵᠢᠯ ᠂ ᠵᠠᠮ ᠬᠠᠷᠢᠯᠴᠠᠭ᠎ᠠ ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠭᠤᠣᠯᠳᠠᠯᠭ᠎ᠠ ᠲᠠᠢ ᠵᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠰᠠᠯᠠᠭ᠎ᠠ ᠮᠥᠴᠢᠷ ᠤᠳ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠲᠥᠰᠥᠯ ᠤᠨ | ᠲᠥᠯᠥᠪᠯᠡᠭᠡ ᠶᠢ ᠵᠣᠬᠢᠰᠲᠠᠢ ᠨᠠᠶᠢᠷᠠᠭᠤᠯᠤᠨ ᠵᠣᠬᠢᠶᠠᠬᠤ ᠲᠠᠯ᠎ᠠ ᠪᠠᠷ ᠮᠡᠷᠭᠡᠵᠢᠯ ᠤᠨ ᠳᠡᠮᠵᠢᠯᠭᠡ ᠬᠠᠩᠭᠠᠪᠠ ︔ ᠣᠯᠠᠨ ᠨᠢᠭᠡᠴᠢ ᠳᠤ ᠭᠦᠨᠵᠡᠭᠡᠶᠢᠷᠡᠵᠦ ᠂ ᠭᠠᠯ | ᠤᠨᠲᠠᠷᠠᠭᠠᠬᠤ ᠪᠡᠯᠡᠳᠬᠡᠮᠵᠢ ᠶᠢᠨ ᠠᠮᠤᠷ ᠲᠦᠪᠰᠢᠨ ᠤ ᠥᠭᠡᠷᠡᠴᠢᠯᠡᠯᠲᠡ ᠂ ᠠᠳᠠᠯ ᠠᠬᠤᠢ ᠶᠢᠨ ᠵᠠᠷᠤᠯᠭ᠎ᠠ ᠪᠠ ᠴᠢᠬᠤᠯᠠ ᠪᠡᠯᠡᠳᠬᠡᠮᠵᠢ ᠲᠥᠬᠦᠭᠡᠷᠦᠮᠵᠢ ᠬᠤᠳᠠᠯᠳᠤᠨ | ᠠᠪᠬᠤ ᠵᠡᠷᠭᠡ ᠲᠠᠯ᠎ᠠ ᠪᠠᠷ ᠨᠡᠪᠲᠡᠷᠡᠯᠴᠡᠨ ᠰᠣᠯᠢᠯᠴᠠᠵᠤ ᠂ ᠦᠢᠯᠡᠴᠢᠯᠡᠭᠡᠨ ᠤ ᠰᠠᠯᠠᠭ᠎ᠠ ᠮᠥᠴᠢᠷ ᠂ ᠨᠢᠭᠡᠴᠢ ᠳᠤ ᠣᠷᠣᠰᠢᠵᠤ ᠪᠠᠶᠢᠭ᠎ᠠ ᠠᠰᠠᠭᠤᠳᠠᠯ ᠤᠳ ᠢ ᠡᠷᠲᠡᠬᠡᠨ | ᠰᠢᠢᠳᠪᠦᠷᠢᠯᠡᠭᠰᠡᠨ ᠮᠥᠷᠲᠡᠭᠡᠨ ᠡᠳ᠋ ᠤᠨ ᠵᠠᠰᠠᠭ ᠤᠨ ᠪᠡᠯᠡ ᠮᠥᠩᠭᠦ ᠶᠢ ᠴᠦ ᠵᠣᠬᠢᠰᠲᠠᠢ ᠠᠷᠪᠢᠯᠠᠪᠠ ᠃ | ᠳᠦᠷᠢᠮ ᠢ ᠴᠢᠩᠭ᠎ᠠ ᠬᠡᠷᠡᠭᠵᠢᠭᠦᠯᠵᠦ ᠂ ᠬᠠᠮᠢᠶᠠᠷᠤᠯᠲᠠ ᠶᠢᠨ ᠲᠥᠰᠥᠪ ᠰᠢᠯᠭᠠᠷᠠᠭᠤᠯᠬᠤ ᠶᠢ ᠵᠢᠷᠤᠮᠵᠢᠭᠤᠯᠪᠠ – ᠰᠢᠯᠭᠠᠷᠠᠭᠤᠯᠬᠤ ᠳᠠᠷᠠᠭᠠᠯᠠᠯ ᠢ ᠵᠢᠷᠤᠮᠵᠢᠭᠤᠯᠬᠤ | ᠵᠣᠷᠢᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠢᠯᠭᠠᠷᠠᠭᠤᠯᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠤᠨ ᠠᠷᠭ᠎ᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠰᠢᠯᠭᠠᠷᠠᠭᠤᠯᠬᠤ ᠠᠵᠢᠯᠯᠠᠭᠠᠨ ᠤ ᠳᠦᠷᠢᠮ ᠂ ᠲᠥᠰᠥᠪ | ᠰᠢᠯᠭᠠᠷᠠᠭᠤᠯᠬᠤ ᠶᠢ ᠲᠤᠰᠢᠶᠠᠨ ᠭᠦᠢᠴᠡᠳᠬᠡᠭᠦᠯᠬᠦ ᠬᠠᠭᠤᠳᠠᠰᠤ ᠶᠢ ᠲᠣᠭᠲᠠᠭᠠᠨ ᠂ ᠡᠳ᠋ ᠤᠨ ᠵᠠᠰᠠᠭ ᠤᠨ ᠶᠠᠮᠤᠨ ᠤ ︽ ᠲᠥᠰᠥᠪ ᠰᠢᠯᠭᠠᠷᠠᠭᠤᠯᠬᠤ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠵᠦ ᠂ ᠡᠳ᠋ ᠤᠨ ᠵᠠᠰᠠᠭ ᠤᠨ ᠲᠥᠰᠥᠪ ᠢ ᠰᠢᠯᠭᠠᠷᠠᠭᠤᠯᠬᠤ | ᠠᠵᠢᠯ ᠤᠨ ᠵᠢᠷᠤᠮᠵᠢᠯ ᠢ ᠲᠠᠰᠤᠷᠠᠯᠲᠠ ᠦᠭᠡᠢ ᠴᠢᠩᠭᠠᠷᠠᠭᠤᠯᠤᠨ ᠂ ᠰᠢᠯᠭᠠᠷᠠᠭᠤᠯᠬᠤ ᠪᠦᠲᠦᠮᠵᠢ ᠪᠠ ᠴᠢᠨᠠᠷ ᠢ ᠳᠡᠭᠡᠭᠰᠢᠯᠡᠭᠦᠯᠪᠡ ᠃ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠰᠢᠯᠭᠠᠷᠠᠭᠤᠯᠬᠤ ᠶᠢ ᠠᠬᠢᠭᠤᠯᠪᠠ – ᠵᠠᠬ᠎ᠠ ᠳᠡᠯᠭᠡᠭᠦᠷ ᠤᠨ | ᠪᠠᠶᠢᠴᠠᠭᠠᠯᠲᠠ ᠬᠢᠬᠦ ᠪᠠ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠨᠤᠲᠠᠯᠠᠭᠤᠯᠬᠤ ᠪᠠᠷ ᠳᠡᠮᠵᠢᠨ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠨᠢ ᠥᠩᠭᠡᠷᠡᠭᠰᠡᠨ ᠲᠥᠰᠥᠯ ᠤᠨ ᠬᠢᠨᠠᠨ ᠬᠠᠷᠭᠤᠭᠤᠯᠤᠭᠰᠠᠨ ᠳ᠋ᠠᠶᠢᠲ᠋ᠠ ᠲᠠᠢ ᠤᠶᠠᠯᠳᠤᠭᠤᠯᠤᠨ ᠂ ᠲᠥᠰᠥᠯ ᠤᠨ ᠪᠡᠯᠡ ᠮᠥᠩᠭᠦ ᠵᠠᠷᠤᠯᠭ᠎ᠠ ᠶᠢᠨ ᠪᠠᠷᠢᠮᠵᠢᠶ᠎ᠠ ᠶᠢ | ᠲᠣᠭᠲᠠᠭᠠᠪᠠ ᠃ ᠲᠠᠯᠠᠪᠤᠷ ᠣᠷᠳᠣᠨ ᠤ ᠠᠵᠢᠯᠯᠠᠭᠠᠨ ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠵᠢᠴᠢ ᠪᠡᠯᠡᠳᠬᠡᠮᠵᠢ ᠲᠥᠬᠦᠭᠡᠷᠦᠮᠵᠢ ᠶᠢᠨ | ᠠᠵᠢᠯᠯᠠᠭᠠᠨ ᠤ ᠬᠠᠮᠠᠭᠠᠯᠠᠯᠲᠠ ᠵᠡᠷᠭᠡ ᠨᠡᠶᠢᠳᠡᠮ ᠬᠡᠷᠡᠭᠯᠡᠬᠦ ᠲᠥᠰᠥᠯ ᠤᠨ ᠪᠡᠯᠡ ᠮᠥᠩᠭᠦᠨ ᠵᠠᠷᠤᠯᠭ᠎ᠠ ᠶᠢᠨ ᠪᠠᠷᠢᠮᠵᠢᠶ᠎ᠠ ᠶᠣᠰᠣᠭᠠᠷ ᠂ ᠬᠠᠮᠢᠶ᠎ᠠ ᠪᠦᠬᠦᠢ ᠲᠥᠰᠥᠯ ᠤᠨ | ᠲᠥᠰᠥᠪ ᠰᠢᠯᠭᠠᠷᠠᠭᠤᠯᠤᠯᠲᠠ ᠶᠢ ᠴᠢᠨᠠᠷ ᠰᠠᠶᠢᠲᠠᠢ ᠪᠡᠶᠡᠯᠡᠭᠦᠯᠪᠡ ᠃ | | |