| ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠂ ᠴᠢᠳᠠᠪᠤᠷᠢᠲᠠᠨ ᠤ ᠰᠢᠨ᠎ᠡ ᠶᠢ | ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ ᠂ ᠴᠢᠳᠠᠪᠤᠷᠢᠲᠠᠨ ᠤ ᠬᠥᠭᠵᠢᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ ᠂ | ᠣᠷᠣᠨ ᠨᠤᠲᠤᠭ ᠤᠨ ᠬᠠᠤᠯᠢ ᠲᠣᠭᠲᠠᠭᠠᠯᠲᠠ ᠪᠠᠷ ᠳᠠᠮᠵᠢᠭᠤᠯᠤᠨ ᠴᠢᠳᠠᠪᠤᠷᠢᠲᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠪᠠ ᠲᠦᠭᠵᠢᠷᠡᠯ ᠢ | ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ | ᠬᠥᠭᠵᠢᠯᠲᠡ ᠶᠢ ᠠᠬᠢᠭᠤᠯᠬᠤ ᠳᠦᠷᠢᠮ ︾ ︵ ᠳᠣᠷᠣᠭᠰᠢ ︽ ᠳᠦᠷᠢᠮ ︾ ᠭᠡᠵᠦ ᠲᠣᠪᠴᠢᠯᠠᠨ᠎ᠠ ︶ ᠢ ᠬᠢᠨᠠᠨ ᠵᠥᠪᠯᠡᠵᠦ ᠪᠠᠲᠤᠯᠠᠭᠠᠳ ᠂ 2024 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠣᠨ᠎ᠠ ᠃ | ᠳᠤᠰ ︽ ᠳᠦᠷᠢᠮ ︾ ᠨᠢ ᠨᠡᠶᠢᠲᠡ 6 ᠪᠦᠯᠦᠭ 69 ᠵᠦᠢᠯ ᠢᠶᠠᠷ ᠪᠦᠷᠢᠯᠳᠦᠵᠦ ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ ᠂ ᠦᠢᠯᠡᠳᠦᠯᠭᠡ ᠶᠢᠨ | ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ ᠂ ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ ᠂ ᠣᠷᠣᠭᠤᠯᠤᠨ ᠠᠪᠴᠢᠷᠠᠬᠤ ᠂ ᠰᠢᠯᠵᠢᠭᠦᠯᠦᠨ | ᠬᠡᠷᠡᠭᠯᠡᠬᠦ ᠂ ᠦᠨᠡᠯᠡᠨ ᠤᠷᠮᠠᠰᠢᠭᠤᠯᠬᠤ ᠂ ᠦᠢᠯᠡᠴᠢᠯᠡᠨ ᠪᠠᠲᠤᠯᠠᠬᠤ ᠵᠡᠷᠭᠡ ᠲᠠᠯ᠎ᠠ ᠠᠴᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠣᠯᠣᠨ᠎ᠠ ᠃ ᠵᠢᠯᠤᠭᠤᠳᠬᠤ ᠦᠵᠡᠯ | ᠰᠠᠨᠠᠭ᠎ᠠ ᠪᠠᠨ ᠲᠣᠳᠣᠷᠬᠠᠶᠢᠯᠠᠵᠤ ᠂ ᠴᠢᠳᠠᠪᠤᠷᠢᠲᠠᠨ ᠤ ᠬᠥᠭᠵᠢᠯᠲᠡ ᠶᠢᠨ ᠵᠥᠪ ᠴᠢᠭᠯᠡᠯ ᠢ ᠪᠠᠷᠢᠮᠲᠠᠯᠠᠨ᠎ᠠ ᠃ | ︽ ᠳᠦᠷᠢᠮ ︾ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ | ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠨᠠᠮ ᠠᠴᠠ ᠴᠢᠳᠠᠪᠤᠷᠢᠲᠠᠨ ᠤ ᠠᠵᠢᠯ ᠢ ᠪᠦᠭᠦ ᠲᠠᠯ᠎ᠠ ᠪᠠᠷ ᠤᠳᠤᠷᠢᠳᠬᠤ ᠂ ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ | ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ ᠂ ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠵᠦ ᠣᠷᠣᠭᠤᠯᠤᠨ ᠠᠪᠴᠢᠷᠠᠬᠤ ᠪᠠ ᠰᠠᠶᠢᠲᠤᠷ | ᠬᠡᠷᠡᠭᠯᠡᠬᠦ ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠰᠢᠨᠵᠢᠯᠡᠬᠦ ᠤᠬᠠᠭᠠᠨᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠬᠤ ᠵᠡᠷᠭᠡ ᠵᠠᠷᠴᠢᠮ ᠢ ᠪᠠᠷᠢᠮᠲᠠᠯᠠᠪᠠ ᠃ ᠡᠭᠦᠨ ᠤ ᠬᠠᠮᠲᠤ ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ︽ ᠲᠠᠪᠤᠨ ᠶᠡᠭᠡ ᠡᠭᠦᠷᠭᠡ ︾ ᠳᠤ | ᠦᠢᠯᠡᠴᠢᠯᠡᠨ ᠪᠠᠲᠤᠯᠠᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ | ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠵᠦ ᠂ ᠣᠷᠣᠭᠤᠯᠤᠨ ᠠᠪᠴᠢᠷᠠᠵᠤ ᠂ ᠰᠠᠶᠢᠲᠤᠷ ᠬᠡᠷᠡᠭᠯᠡᠨ᠎ᠡ ᠃ ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ | ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠴᠢᠳᠠᠪᠤᠷᠢᠲᠠᠨ ᠤ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ ᠃ | ︽ ᠳᠦᠷᠢᠮ ︾ ᠳᠤ ᠂ ᠴᠢᠳᠠᠪᠤᠷᠢᠲᠠᠨ ᠢ ᠬᠥᠮᠥᠵᠢᠭᠦᠯᠬᠦ ᠪᠠ ᠨᠡᠭᠡᠭᠡᠨ ᠬᠥᠭᠵᠢᠭᠦᠯᠬᠦ ᠳᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠᠷ | ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ ᠂ ᠮᠣᠷᠠᠯ ᠴᠢᠳᠠᠪᠤᠷᠢ ᠶᠢ ᠬᠤᠣᠰᠯᠠᠭᠤᠯᠬᠤ ᠂ ᠮᠣᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ᠴᠢᠳᠠᠪᠤᠷᠢᠲᠠᠨ ᠤ | ᠰᠢᠨ᠎ᠡ ᠶᠢ ᠡᠭᠦᠳᠬᠦ ᠤᠬᠠᠮᠰᠠᠷ ᠪᠣᠯᠣᠨ ᠴᠢᠳᠠᠪᠤᠷᠢ ᠶᠢ ᠬᠥᠮᠥᠵᠢᠭᠦᠯᠬᠦ ᠶᠢ ᠴᠢᠬᠤᠯᠠᠴᠢᠯᠠᠬᠤ ᠬᠡᠷᠡᠭᠲᠡᠢ ᠃ ᠰᠠᠭᠤᠷᠢ ᠰᠤᠷᠭᠠᠨ ᠬᠥᠮᠦᠵᠢᠯ ᠤᠨ ᠴᠢᠳᠠᠪᠤᠷᠢᠲᠠᠨ ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠂ ᠠᠵᠤ ᠦᠢᠯᠡᠰ ᠤᠨ ᠴᠢᠳᠠᠪᠤᠷᠢᠲᠠᠨ ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠵᠡᠷᠭᠡ ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ | ᠭᠡᠷᠡᠭᠳᠡᠢ ; ᠠᠵᠤ ᠦᠢᠯᠡᠰ ᠤᠨ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ ᠂ ᠭᠤᠣᠯᠳᠠᠯᠭ᠎ᠠ ᠲᠠᠢ ᠠᠵᠢᠯ ᠲᠥᠷᠥᠯ ᠂ ᠴᠢᠬᠤᠯᠠ ᠬᠦᠷᠢᠶ᠎ᠡ ᠴᠠᠷᠠᠭ᠎ᠠ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠵᠦ ᠂ ︽ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ︾ ᠶᠢ ᠤᠶᠠᠯᠳᠤᠭᠤᠯᠤᠭᠰᠠᠨ ᠬᠠᠮᠵᠢᠯᠴᠠᠨ | ᠬᠥᠮᠥᠨ ᠢ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠬᠦ ᠭᠡᠷᠡᠭᠳᠡᠢ ; ᠲᠣᠰ ᠭᠠᠵᠠᠷ ᠣᠷᠣᠨ ᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ | ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠂ ᠲᠡᠷᠢᠭᠦᠨ ᠤ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠭᠦᠮ ᠨᠡᠶᠢᠲᠡ ᠂ ᠭᠠᠷᠮᠠᠭᠠᠢ ᠢᠨᠵᠧᠨᠧᠷ ᠵᠡᠷᠭᠡ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠢ ᠶᠡᠭᠡ ᠪᠠᠷ ᠬᠥᠮᠥᠵᠢᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ ᠃ ᠴᠢᠳᠠᠪᠤᠷᠢᠲᠠᠨ ᠢ ᠲᠦᠷᠦᠯ ᠬᠤᠪᠢᠶᠠᠨ ᠦᠨᠡᠯᠡᠬᠦ ᠲᠣᠭᠲᠠᠴᠠ ᠶᠢ | ᠪᠠᠶᠢᠭᠤᠯᠵᠤ ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠨ᠎ᠠ ᠃ | ︽ ᠳᠦᠷᠢᠮ ︾ ᠳᠤ ᠴᠢᠳᠠᠪᠤᠷᠢᠲᠠᠨ ᠢ ᠦᠨᠡᠯᠡᠬᠦ ᠪᠠᠷᠢᠮᠵᠢᠶ᠎ᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ ᠂ ᠰᠢᠨ᠎ᠡ ᠶᠢ ᠡᠭᠦᠳᠬᠦ ᠥᠷᠲᠡᠭ ᠂ ᠴᠢᠳᠠᠪᠤᠷᠢ ᠂ ᠬᠤᠪᠢ | ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠵᠤ ᠂ ᠠᠵᠢᠯ ᠲᠥᠷᠥᠯ ᠬᠦᠷᠢᠶ᠎ᠡ ᠴᠠᠷᠠᠭ᠎ᠠ ᠬᠤᠪᠢᠶᠠᠨ ᠴᠢᠳᠠᠪᠤᠷᠢᠲᠠᠨ ᠢ | ᠦᠨᠡᠯᠡᠨ ᠲᠣᠭᠲᠠᠭᠠᠵᠤ ᠂ ᠥᠭᠦᠯᠡᠯ ᠢ ᠯᠡ ᠡᠷᠭᠢᠮᠯᠡᠭᠦ ᠂ ᠮᠡᠷᠭᠡᠵᠢᠯ ᠤᠨ ᠴᠣᠯᠠ ᠶᠢ ᠯᠠ ᠡᠷᠭᠢᠮᠯᠡᠭᠦ ᠂ ᠰᠤᠷᠤᠯᠭ᠎ᠠ ᠶᠢᠨ ᠨᠠᠮᠲᠠᠷ ᠢ ᠯᠠ ᠡᠷᠭᠢᠮᠯᠡᠭᠦ ᠂ ᠱᠠᠩᠨᠠᠯ ᠤᠨ | ᠵᠦᠢᠯᠡᠰ ᠢ ᠯᠡ ᠡᠷᠭᠢᠮᠯᠡᠭᠦ ᠬᠡᠯᠪᠡᠷᠢᠯ ᠢ ᠲᠡᠪᠴᠢᠪᠡ ; ᠵᠣᠬᠢᠶᠠᠨ ᠪᠠᠶᠢᠭᠤᠯᠤᠯᠲᠠ ᠶᠢᠨ ᠦᠨᠡᠯᠡᠯᠲᠡ ᠂ ᠲᠤᠰᠬᠠᠢ ᠮᠡᠷᠭᠡᠵᠢᠯᠲᠡᠨ ᠤ ᠦᠨᠡᠯᠡᠯᠲᠡ ᠂ ᠵᠠᠬ᠎ᠠ ᠳᠡᠯᠭᠡᠭᠦᠷ ᠤᠨ | ᠦᠨᠡᠯᠡᠯᠲᠡ ᠂ ᠨᠡᠶᠢᠭᠡᠮ ᠤᠨ ᠦᠨᠡᠯᠡᠯᠲᠡ ᠵᠡᠷᠭᠡ ᠦᠨᠡᠯᠡᠯᠲᠡ ᠶᠢᠨ ᠰᠢᠰᠲ᠋ᠧᠮ ᠪᠣᠯᠣᠨ ᠠᠳᠠᠯᠢ ᠪᠤᠰᠤ ᠴᠢᠳᠠᠪᠤᠷᠢᠲᠠᠨ ᠤ ᠲᠦᠷᠦᠯ ᠭᠡᠯᠪᠡᠷᠢ ᠪᠣᠯᠣᠨ ᠠᠵᠢᠯ ᠤᠨ | ᠪᠠᠶᠢᠷᠢ ᠶᠢᠨ ᠣᠨᠴᠠᠯᠢᠭ ᠲᠤ ᠨᠡᠶᠢᠴᠡᠭᠰᠡᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ; ᠳᠡᠭᠡᠳᠦ ᠵᠡᠷᠭᠡ ᠶᠢᠨ ᠰᠤᠷᠭᠠᠭᠤᠯᠢ ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠂ ᠠᠵᠤ ᠠᠬᠤᠶᠢᠯᠠᠯ ᠪᠠ ᠪᠤᠰᠤᠳ ᠴᠢᠳᠠᠪᠤᠷᠢᠲᠠᠨ ᠤ | ᠣᠶᠤᠨ ᠴᠢᠳᠠᠪᠤᠷᠢ ᠲᠥᠪᠯᠡᠷᠡᠭᠰᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠮᠡᠷᠭᠡᠵᠢᠯ ᠤᠨ ᠴᠣᠯᠠ ᠶᠢᠨ | ᠰᠢᠯᠭᠠᠷᠠᠭᠤᠯᠤᠯᠲᠠ ᠶᠢ ᠪᠡᠶ᠎ᠡ ᠪᠠᠨ ᠳᠠᠭᠠᠭᠠᠵᠤ ᠥᠷᠨᠢᠭᠦᠯᠬᠦ ᠪᠠᠷ ᠭᠤᠶᠤᠴᠢᠯᠠᠵᠤ ᠪᠤᠯᠤᠨ᠎ᠠ ; ᠤᠷ᠎ᠠ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠦᠨᠡᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ ᠭᠡᠵᠦ | ᠲᠣᠭᠲᠠᠭᠠᠵᠠᠢ ᠃ ᠴᠢᠳᠠᠪᠤᠷᠢᠲᠠᠨ ᠢ ᠤᠷᠮᠠᠰᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ ᠃ | ︽ ᠳᠦᠷᠢᠮ ︾ ᠳᠤ ᠡᠳ᠋ ᠪᠣᠳᠠᠰ ᠢᠶᠠᠷ ᠤᠷᠮᠠᠰᠢᠭᠤᠯᠬᠤ ᠪᠠ ᠣᠶᠤᠨ ᠰᠠᠨᠠᠭ᠎ᠠ ᠪᠠᠷ ᠤᠷᠮᠠᠰᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ ᠂ ᠮᠡᠳᠡᠯᠭᠡ ᠂ | ᠮᠡᠷᠭᠡᠵᠢᠯ ᠂ ᠤᠷ᠎ᠠ ᠴᠢᠳᠠᠪᠤᠷᠢ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠤᠨ ᠭᠠᠷᠭᠠᠭᠰᠠᠨ ᠬᠤᠪᠢ ᠨᠡᠮᠡᠷᠢ ᠪᠠᠷ ᠢᠶᠠᠨ ᠬᠤᠪᠢᠶᠠᠷᠢᠯᠠᠯᠲᠠ ᠳᠤ ᠣᠷᠤᠯᠴᠠᠬᠤ | ᠥᠮᠴᠢᠯᠡᠬᠦ ᠡᠷᠬᠡ ᠪᠠᠷ ᠤᠷᠮᠠᠰᠢᠭᠤᠯᠬᠤ ᠳᠦᠷᠢᠮ ᠢ ᠲᠣᠳᠣᠷᠬᠠᠶᠢᠯᠠᠨ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠡᠭᠦᠷᠭᠡ | ᠲᠤᠰᠢᠶᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ | ᠣᠯᠭᠤᠬᠤ ᠶᠢ ᠰᠦᠪᠡᠭᠴᠢᠯᠡᠨ᠎ᠡ ; ᠢᠲᠡᠭᠡᠯ ᠢᠶᠠᠷ ᠰᠠᠭᠤᠷᠢ ᠪᠤᠯᠭᠠᠬᠰᠠᠨ ᠴᠢᠳᠠᠪᠤᠷᠢᠲᠠᠨ ᠢ ᠬᠡᠷᠡᠭᠯᠡᠬᠦ ᠲᠣᠭᠲᠠᠴᠠ ᠪᠠ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ | ᠳᠡᠮᠵᠢᠬᠦ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠬᠥᠮᠥᠨ ᠬᠡᠷᠡᠭᠯᠡᠬᠦ | ᠪᠡᠶᠡᠴᠢ ᠴᠣᠭᠴᠠ ᠪᠠ ᠴᠢᠳᠠᠪᠤᠷᠢᠲᠠᠨ ᠤ ᠪᠡᠶᠡᠴᠢ ᠴᠣᠭᠴᠠ ᠶᠢᠨ ᠡᠷᠬᠡ ᠶᠢ ᠠᠭᠤᠵᠢᠭᠤ ᠲᠠᠯᠪᠢᠬᠤ ᠬᠦᠯᠢᠶᠡᠰᠦ ᠶᠢ ᠴᠢᠨᠠᠭᠰᠢᠳᠠ ᠰᠤᠯᠠᠯᠠᠵᠤ ᠂ ᠴᠢᠳᠠᠪᠤᠷᠢᠲᠠᠨ ᠤ | ᠰᠢᠨ᠎ᠡ ᠶᠢ ᠡᠭᠦᠳᠴᠦ ᠦᠢᠯᠡᠰ ᠪᠣᠰᠬᠠᠬᠤ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠭᠦᠢᠴᠡᠳ ᠬᠥᠭᠵᠢᠭᠡᠨ᠎ᠡ ᠃ ᠴᠢᠳᠠᠪᠤᠷᠢᠲᠠᠨ ᠤ ᠡᠷᠬᠡ ᠠᠰᠢᠭ ᠤᠨ | ᠪᠠᠲᠤᠯᠠᠭ᠎ᠠ ᠶᠢ ᠴᠢᠩᠭᠠᠳᠬᠠᠵᠤ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠦᠯᠡᠳᠡᠭᠡᠨ᠎ᠡ ᠃ ︽ ᠳᠦᠷᠢᠮ ︾ ᠳᠤ ᠂ ᠤᠯᠠᠨ | ᠡᠰᠢᠴᠢᠯᠡᠭᠰᠡᠨ ᠴᠢᠳᠠᠪᠤᠷᠢᠲᠠᠨ ᠤ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠵᠦ ᠂ ᠴᠢᠳᠠᠪᠤᠷᠢᠲᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠭᠠᠷᠭᠠᠬᠤ | ᠪᠥᠭᠡᠳ ᠡᠳ᠋ ᠤᠨ ᠵᠠᠰᠠᠭ ᠤᠨ ᠵᠠᠷᠤᠯᠭ᠎ᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠤᠯᠭᠠᠬᠤ ᠶᠢ ᠤᠷᠢᠳ ᠢᠶᠠᠷ ᠪᠠᠲᠤᠯᠠᠨ᠎ᠠ ᠃ ᠴᠢᠳᠠᠪᠤᠷᠢᠲᠠᠨ ᠤ ᠬᠢᠮᠳᠠ ᠣᠷᠣᠨ | ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ ᠂ ᠬᠥᠮᠥᠨ ᠬᠡᠷᠡᠭᠯᠡᠬᠦ ᠭᠤᠣᠯ ᠴᠣᠭᠴᠠ ᠶᠢᠨ ᠴᠢᠳᠠᠪᠤᠷᠢᠲᠠᠨ ᠤ ᠨᠡᠶᠢᠲᠡ ᠶᠢᠨ ᠣᠷᠣᠨ ᠰᠠᠭᠤᠴᠠ | ᠪᠠᠶᠢᠭᠤᠯᠬᠤ ᠶᠢ ᠳᠡᠮᠵᠢᠵᠦ ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ ᠡᠷᠦᠭᠡ ᠠᠮᠠ ᠣᠷᠣᠭᠤᠯᠬᠤ ᠂ ᠭᠡᠷ ᠪᠦᠯᠢ ᠪᠠᠶᠢᠭᠤᠯᠬᠤ ᠂ ᠡᠮᠴᠢᠯᠡᠭᠡ ᠬᠢᠬᠦ ᠂ ᠬᠠᠨᠢ | ᠨᠥᠬᠦᠷ ᠢ ᠨᠢ ᠲᠥᠪᠬᠢᠨᠡᠭᠦᠯᠬᠦ ᠂ ᠦᠷ᠎ᠡ ᠬᠡᠦᠬᠡᠳ ᠤᠨ ᠰᠤᠷᠭᠠᠨ ᠬᠥᠮᠦᠵᠢᠯ ᠵᠡᠷᠭᠡ ᠲᠠᠯ᠎ᠠ ᠶᠢᠨ ᠬᠠᠷᠠᠭᠠᠯᠵᠠᠯ ᠬᠦᠷᠲᠡᠭᠡᠬᠦ ᠲᠥᠷᠥ ᠶᠢᠨ ᠪᠣᠳᠣᠯᠭ᠎ᠠ ᠪᠠ ᠳᠥᠭᠦᠮ | ᠳᠥᠲᠡ ᠦᠢᠯᠡᠴᠢᠯᠡᠭᠡ ᠵᠡᠷᠭᠡ ᠶᠢ ᠬᠠᠩᠭᠠᠨ᠎ᠠ ᠃ ᠡᠭᠦᠨ ᠠᠴᠠ ᠭᠠᠳᠠᠨ᠎ᠠ ᠂ ᠪᠠᠰᠠ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ | ᠪᠠᠶᠢᠭᠤᠯᠤᠯᠲᠠ ᠶᠢ ᠴᠢᠩᠭᠠᠳᠬᠠᠬᠤ ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠴᠢᠩᠭ᠎ᠠ ᠳᠦᠷᠢᠮ ᠢ ᠬᠡᠷᠡᠭᠵᠢᠭᠦᠯᠬᠦ ᠂ ᠴᠢᠳᠠᠪᠤᠷᠢᠲᠠᠨ ᠤ ᠰᠢᠨ᠎ᠡ ᠶᠢ | ᠡᠭᠦᠳᠴᠦ ᠦᠢᠯᠡᠰ ᠪᠣᠰᠬᠠᠬᠤ ᠶᠢ ᠤᠷᠮᠠᠰᠢᠭᠤᠯᠤᠨ ᠵᠣᠷᠢᠭᠵᠢᠭᠤᠯᠬᠤ ᠭᠤᠣᠯᠴᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠤᠢ ᠪᠤᠯᠭᠠᠬᠤ ᠵᠡᠷᠭᠡ ᠠᠭᠤᠯᠭ᠎ᠠ ᠶᠢ | ᠵᠢᠷᠤᠮᠵᠢᠭᠤᠯᠵᠤ ᠂ ᠴᠢᠳᠠᠪᠤᠷᠢᠲᠠᠨ ᠡᠯᠰᠡᠬᠦ ᠳᠤ ᠬᠦᠴᠢᠷᠲᠡᠢ ᠂ ᠴᠢᠳᠠᠪᠤᠷᠢᠲᠠᠨ ᠦᠯᠡᠳᠡᠭᠡᠬᠦ ᠳᠤ ᠬᠦᠴᠢᠷᠲᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠨᠡᠩ | ᠤᠯᠠᠨ ᠴᠢᠳᠠᠪᠤᠷᠢᠲᠠᠨ ᠤ ᠣᠷᠣᠵᠤ ᠢᠷᠡᠵᠦ ᠳᠡᠶᠢᠯᠭᠦ ᠂ ᠦᠯᠡᠳᠡᠵᠦ ᠳᠡᠶᠢᠯᠭᠦ ᠂ ᠰᠠᠶᠢᠨ ᠠᠵᠢᠯᠯᠠᠵᠤ ᠳᠡᠶᠢᠯᠭᠦ ᠂ ᠠᠮᠤᠷ ᠲᠠᠶᠢᠪᠤᠩ ᠲᠠᠪᠠᠲᠠᠢ ᠰᠠᠭᠤᠷᠢᠰᠢᠬᠤ ᠶᠢ | ᠠᠬᠢᠭᠤᠯᠤᠨ᠎ᠠ ᠃ | | |