| ᠭᠡᠷ ᠤᠨ ᠠᠬᠠᠮᠠᠳ ᠲᠦᠷᠪᠡᠨ ᠨᠠᠰᠤᠳᠠᠢ ᠬᠡᠤᠬᠡᠳ ᠤᠨ ᠢᠶᠠᠨ ᠶᠠᠪᠤᠬᠤ ᠳᠤᠳᠤᠮ ᠳᠤᠷ᠎ᠠ ᠵᠤᠷᠢᠬ ᠢᠶᠠᠷ ᠢᠶᠠᠨ ᠪᠤᠯᠵᠤ ᠂ ᠲᠦᠩᠬᠡᠰᠬᠢᠪᠡᠯ ᠠᠭᠤᠷ ᠤᠴᠠᠭᠠᠷ | ᠭᠠᠷᠭᠠᠵᠤ ᠂ ᠵᠢᠭᠠᠬᠠᠨ ᠰᠠᠨᠠᠭᠠᠨ ᠳᠤᠨᠢ ᠲᠠᠭᠠᠷᠠᠬᠤ ᠦᠭᠡᠢ ᠪᠤᠯ ᠡᠯᠳᠡᠪ ᠢᠶᠠᠷ ᠠᠭᠠᠰᠢᠯᠠᠵᠤ ᠪᠠᠶᠢᠬᠤ ᠶᠢ ᠬᠠᠷᠠᠭᠠᠳ ᠶᠠᠭᠠᠬᠢᠬᠤ ᠪᠠᠨ ᠤᠯᠬᠤ ᠦᠬᠡᠢ ᠭᠠᠷ ᠢᠶᠠᠨ | ᠨᠤᠬᠤᠯᠠᠨ ᠭᠠᠴᠢᠬᠳᠠᠵᠤ ᠪᠠᠶᠢᠯ᠎ᠠ ᠃ | ᠲᠡᠭᠡᠪᠡᠯ ᠬᠡᠤᠬᠡᠳ ᠴᠤᠬᠤᠮ ᠶᠠᠮᠠᠷ ᠰᠢᠯᠳᠠᠭᠠᠨ ᠠᠴᠠ ᠡᠶᠢᠮᠦ ᠪᠤᠯᠵᠤ ᠬᠤᠪᠢᠷᠠᠳᠠᠬ ᠪᠤᠢ ︖ ᠬᠡᠷ ᠠᠬᠠᠮᠠᠳ ᠤᠳ ᠶᠠᠭᠠᠬᠢᠵᠤ ᠬᠢᠪᠡᠯ ᠵᠤᠬᠢᠬᠤ ᠪᠤᠢ ︖ | ᠳᠤᠰᠬᠠᠢ ᠮᠡᠷᠭᠡᠵᠢᠯᠲᠡᠨ ᠤ ᠦᠵᠡᠯᠲᠡ ᠴᠦᠨ ᠵᠢᠶᠠᠩ ᠬᠡᠦᠬᠡᠳ ᠤᠨ ᠴᠡᠴᠡᠷᠯᠢᠭ ᠤᠨ ᠪᠠᠭᠰᠢ ᠦ᠋ ᠶᠠ ᠴᠢᠩ ᠄ ᠬᠡᠦᠬᠡᠳ ᠤᠨ ᠳᠤᠷ᠎ᠠ ᠵᠣᠷᠢᠭ ᠢᠶᠠᠷ ᠢᠶᠠᠨ | ᠠᠭᠠᠰᠢᠯᠠᠬᠤ ᠨᠢ ᠦᠨᠡᠨ ᠳᠡᠭᠡᠨ ᠡᠴᠢᠭᠡ ᠡᠬᠡ ᠲᠠᠢ ᠪᠠᠨ ᠡᠰᠡᠷᠭᠦᠴᠡᠯᠳᠦᠬᠦ ᠨᠢᠭᠡ ᠵᠦᠢᠯ ᠤᠨ ᠰᠥᠷᠭᠡᠦ ᠰᠡᠳᠬᠢᠴᠡ ᠮᠥᠨ ᠂ ᠡᠭᠦᠨ ᠤ ᠦᠨᠳᠦᠰᠦ ᠰᠤᠷᠪᠤᠯᠵᠢ ᠨᠢ | ᠡᠴᠢᠭᠡ ᠡᠬᠡ ᠪᠣᠯᠣᠭᠰᠠᠳ ᠲᠡᠳᠡᠨ ᠤ ᠰᠡᠳᠬᠢᠴᠡ ᠶᠢᠨ ᠱᠠᠭᠠᠷᠳᠠᠯᠭ᠎ᠠ ᠶᠢ ᠴᠢᠬᠤᠯᠠᠴᠢᠯᠠᠭᠰᠠᠨ ᠦᠭᠡᠢ ᠠᠴᠠ ᠪᠣᠯᠤᠭᠰᠠᠨ ᠶᠤᠮ ᠃ ᠡᠭᠦᠨ ᠤ ᠬᠠᠮᠲᠤ ᠂ ᠬᠡᠦᠬᠡᠳ ᠤᠨ | ᠡᠶᠢᠮᠦᠷᠬᠦᠦ ᠦᠢᠯᠡ ᠠᠵᠢᠯᠯᠠᠭ᠎ᠠ ᠨᠢ ᠪᠠᠰᠠ ᠡᠴᠢᠭᠡ ᠡᠬᠡ ᠨᠢ ᠬᠡᠲᠦᠷᠬᠡᠢ ᠢᠯᠳᠠᠷ ᠬᠠᠶᠠᠵᠤ ᠂ ᠦᠭᠡ ᠶᠢ ᠨᠢ ᠰᠣᠨᠣᠰᠴᠤ ᠠᠶ᠎ᠠ ᠪᠠᠷ ᠨᠢ ᠳᠠᠯᠪᠢᠬᠰᠠᠨ ᠠᠴᠠ ᠪᠤᠯᠳᠠᠬ ᠃ | ᠡᠭᠦᠨ ᠠᠴᠠ ᠭᠠᠳᠠᠨ᠎ᠠ ᠂ ᠬᠡᠦᠬᠡᠳ ᠲᠤ ᠡᠶᠢᠮᠦ ᠪᠠᠶᠢᠳᠠᠯ ᠭᠠᠷᠬᠤ ᠨᠢ ᠨᠠᠶᠢᠵᠠ ᠨᠥᠬᠦᠳ ᠲᠠᠢ ᠪᠠᠨ ᠶᠠᠪᠤᠯᠴᠠᠬᠤ ᠵᠠᠪᠰᠢᠶᠠᠨ ᠳᠤᠲᠠᠮᠠᠭ ᠠᠴᠠ ᠪᠣᠯᠤᠭᠰᠠᠨ ᠪᠠᠶᠢᠵᠤ | ᠮᠡᠳᠡᠨ᠎ᠡ ᠃ ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠳᠤ ᠭᠡᠷ ᠤᠨ ᠠᠬᠠᠮᠠᠳ ᠳᠣᠣᠷᠠᠬᠢ ᠠᠷᠭ᠎ᠠ ᠨᠤᠭᠤᠳ ᠢ ᠬᠡᠷᠡᠭᠯᠡᠵᠦ ᠪᠣᠯᠣᠨ᠎ᠠ ᠃ | ᠨᠢᠭᠡᠳᠦᠭᠡᠷ ᠲᠤ ᠂ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠦᠶ᠎ᠡ ᠳᠤ ᠂ ᠡᠴᠢᠭᠡ ᠡᠬᠡ ᠪᠣᠯᠣᠭᠰᠠᠳ ᠬᠡᠦᠬᠡᠳ ᠤᠨ ᠢᠶᠠᠨ ᠪᠤᠰᠤᠳ ᠰᠢᠨ᠎ᠡ ᠰᠣᠷᠭᠤᠭ | ᠬᠡᠷᠡᠭ ᠪᠣᠳᠠᠰ ᠲᠤ ᠠᠮᠠᠷᠬᠠᠨ ᠲᠠᠲᠠᠭᠳᠠᠳᠠᠭ ᠰᠡᠳᠬᠢᠴᠡ ᠶᠢᠨ ᠣᠨᠴᠠᠯᠢᠭ ᠢ ᠠᠰᠢᠭᠯᠠᠨ ᠂ ᠬᠡᠦᠬᠡᠳ ᠤᠨ ᠢᠶᠠᠨ ᠠᠩᠬᠠᠷᠤᠯ ᠢ ᠵᠠᠪᠠᠯ ᠬᠢᠨ᠎ᠡ ᠭᠡᠵᠦ ᠵᠢᠳᠬᠦᠵᠦ ᠪᠠᠶᠢᠭ᠎ᠠ | ᠶᠠᠪᠤᠳᠠᠯ ᠠᠴᠠ ᠨᠢ ᠰᠢᠯᠵᠢᠭᠦᠯᠵᠦ ᠪᠤᠯᠤᠨ᠎ᠠ ᠃ | ᠬᠤᠶᠠᠳᠤᠭᠠᠷ ᠲᠤ ᠂ ᠡᠴᠢᠭᠡ ᠡᠬᠡ ᠪᠣᠯᠣᠭᠰᠠᠳ ᠬᠡᠦᠬᠡᠳ ᠢᠶᠠᠨ ᠬᠠᠮᠲᠤ ᠨᠥᠬᠦᠳ ᠲᠠᠢ ᠨᠢ ᠢᠯᠡᠬᠦᠬᠡᠨ ᠨᠠᠭᠠᠳᠤᠭᠤᠯᠪᠠᠯ ᠵᠤᠬᠢᠨ᠎ᠠ ᠂ ᠤᠴᠢᠷ ᠨᠢ ᠦᠶ᠎ᠡ | ᠬᠤᠷᠠᠭᠴᠤᠤᠯ ᠤᠨ ᠢᠶᠠᠨ ᠳᠤᠮᠳᠠ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠪᠠᠯ ᠪᠤᠰᠤᠳ ᠬᠡᠤᠬᠡᠳ ᠤᠳ ᠬᠠᠮᠳᠤ ᠳᠠᠭᠠᠨ ᠳᠤᠬᠯᠠᠬᠤ ᠪᠠᠨ ᠪᠠᠶᠢᠵᠤ ᠂ | ᠠᠭᠠᠵᠢᠮ ᠳᠠᠭᠠᠨ ᠠᠭᠠᠰᠢ ᠭᠠᠷᠭᠠᠬᠤ ᠦᠢᠯᠡ ᠠᠵᠢᠯᠯᠠᠭ᠎ᠠ ᠪᠠᠨ ᠬᠤᠪᠢᠷᠠᠭᠤᠯᠳᠠᠭ ᠃ | ᠭᠤᠷᠪᠠᠳᠤᠭᠠᠷ ᠲᠤ ᠂ ᠭᠡᠷ ᠤᠨ ᠠᠬᠠᠮᠠᠳ ᠪᠤᠯᠤᠬᠰᠠᠳ ᠬᠡᠦᠬᠡᠳ ᠢᠶᠠᠨ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠵᠤ ᠂ ᠬᠡᠦᠬᠡᠳ ᠤᠨ | ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠠᠰᠠᠭᠤᠳᠠᠯ ᠢ ᠦᠨᠳᠦᠰᠦᠨ ᠠᠴᠠ ᠨᠢ ᠰᠶᠢᠳᠪᠦᠷᠢᠯᠡᠵᠦ ᠪᠣᠯᠣᠨ᠎ᠠ ᠃ ᠡᠴᠢᠭᠡ ᠡᠬᠡ ᠪᠣᠯᠣᠭᠰᠠᠳ ᠬᠡᠦᠬᠡᠳ ᠢᠶᠠᠨ ᠬᠠᠷᠠᠬᠠᠨ | ᠪᠠᠭ᠎ᠠ ᠠᠴᠠ ᠨᠢ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠵᠤ ᠂ ᠶᠠᠪᠤᠳᠠᠯ ᠪᠤᠯᠭᠠᠨ ᠢ ᠵᠠᠷᠴᠢᠮ ᠶᠣᠰᠣᠭᠠᠷ ᠶᠠᠪᠤᠬᠳᠠᠭᠤᠯᠪᠠᠯ ᠬᠡᠦᠬᠡᠳ ᠨᠢ | ᠤᠬᠠᠮᠰᠠᠷ ᠠᠴᠠ ᠪᠠᠨ ᠡᠴᠢᠭᠡ ᠡᠬᠡ ᠲᠠᠢ ᠪᠠᠨ ᠨᠢᠭᠡᠳᠦᠯᠲᠡᠢ ᠪᠠᠶᠢᠵᠤ ᠴᠢᠳᠠᠨ᠎ᠠ ᠃ | ᠳᠥᠷᠪᠡᠳᠦᠭᠡᠷ ᠲᠤ ᠂ ᠡᠴᠢᠭᠡ ᠡᠬᠡ ᠪᠣᠯᠣᠭᠰᠠᠳ ᠰᠡᠳᠬᠢᠯᠭᠡ ᠶᠢᠨ ᠲᠠᠯ᠎ᠠ ᠪᠠᠷ ᠣᠶᠢᠯᠠᠭᠠᠵᠤ ᠪᠠᠶᠢᠬᠤ ᠪᠠᠨ ᠢᠯᠡᠳᠬᠡᠬᠦ ᠬᠡᠷᠡᠭᠲᠡᠢ ᠂ ᠭᠡᠪᠡᠴᠦ ᠦᠢᠯᠡ | ᠠᠵᠢᠯᠯᠠᠭ᠎ᠠ ᠶᠢᠨ ᠲᠠᠯ᠎ᠠ ᠪᠠᠷ ᠬᠡᠦᠬᠡᠳ ᠢᠶᠠᠨ ᠬᠢᠵᠠᠭᠠᠷᠯᠠᠬᠤ ᠶᠢ ᠪᠠᠷᠢᠮᠲᠠᠯᠠᠬᠤ ᠬᠡᠷᠡᠭᠲᠡᠢ ᠃ ᠵᠢᠱᠢᠶᠡᠯᠡᠪᠡᠯ ᠬᠤᠭᠤᠯᠠ ᠢᠳᠡᠵᠦ ᠪᠠᠶᠢᠬᠤ ᠦᠶ᠎ᠡ ᠳᠤ ᠬᠡᠦᠬᠡᠳ ᠨᠢ | ᠰᠢᠷᠡᠭᠡᠨ ᠳᠡᠭᠡᠷ᠎ᠡ ᠥᠪᠡᠷ ᠤᠨ ᠢᠳᠡᠬᠦ ᠳᠤᠷᠠᠲᠠᠢ ᠨᠣᠭᠤᠭ᠎ᠠ ᠪᠠᠶᠢᠬᠤ ᠦᠭᠡᠢ ᠶᠢ ᠦᠵᠡᠭᠡᠳ ᠠᠭᠤᠷ ᠨᠢ ᠬᠦᠷᠴᠦ ᠬᠤᠭᠤᠯᠠ ᠢᠳᠡᠬᠦ ᠦᠭᠡᠢ ᠭᠡᠵᠦ ᠠᠭᠠᠰᠢᠯᠠᠬᠤ | ᠦᠶᠡᠰ ᠭᠡᠷ ᠤᠨ ᠠᠬᠠᠮᠠᠳ ᠬᠡᠦᠬᠡᠳ ᠢᠶᠠᠨ ᠬᠥᠲᠥᠯᠥᠨ ᠵᠢᠯᠤᠭᠤᠳᠬᠤ ᠬᠡᠷᠡᠭᠲᠡᠢ ᠃ | ᠲᠠᠪᠤᠳᠤᠭᠠᠷ ᠲᠤ ᠂ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠵᠤ ᠪᠠᠶᠢᠬᠤ ᠨᠢ ᠦᠷᠬᠦᠯᠵᠢ ᠠᠪᠤ ᠡᠵᠢ ᠶᠢᠨ ᠢᠶᠠᠨ ᠡᠮᠵᠡᠭ ᠲᠠᠯ᠎ᠠ ᠶᠢ ᠪᠠᠷᠢᠬᠰᠠᠨ ᠠᠴᠠ ᠪᠤᠯᠳᠠᠭ ᠂ | ᠠᠪᠤ ᠡᠵᠢ ᠨᠢ ᠬᠡᠦᠬᠡᠳ ᠤᠨ ᠢᠶᠠᠨ ᠣᠬᠢᠯᠠᠬᠤ ᠠᠴᠠ ᠠᠶᠤᠬᠤ ᠲᠣᠳᠣᠮ ᠬᠡᠦᠬᠡᠳ ᠨᠢ ᠣᠬᠢᠯᠠᠭᠠᠳ ᠵᠤᠬᠰᠤᠬᠤ ᠦᠭᠡᠢ ᠪᠠᠶᠢᠳᠠᠭ ᠃ ᠡᠴᠢᠭᠡ ᠡᠬᠡ ᠨᠢ ᠬᠡᠦᠬᠡᠳ ᠢᠶᠠᠨ | ᠭᠠᠵᠠᠷ ᠥᠩᠬᠦᠷᠢᠭᠦᠯᠬᠦ ᠠᠴᠠ ᠠᠶᠤᠬᠤ ᠲᠤᠲᠤᠮ ᠬᠡᠦᠬᠡᠳ ᠨᠢ ᠭᠠᠵᠠᠷ ᠥᠩᠬᠦᠷᠢᠲᠦᠭᠡᠳ ᠪᠠᠶᠢᠳᠠᠭ ᠃ ᠡᠶᠢᠮᠦ ᠠᠴᠠ ᠬᠡᠤᠬᠡᠳ ᠠᠭᠤᠷᠯᠠᠬᠤ ᠦᠶᠡᠰ ᠡᠴᠢᠭᠡ ᠡᠬᠡ | ᠪᠣᠯᠣᠭᠰᠠᠳ ᠵᠠᠪᠠᠯ ᠵᠠᠷᠴᠢᠮ ᠢᠶᠠᠨ ᠪᠠᠷᠢᠮᠲᠠᠯᠠᠵᠤ ᠂ ᠲᠡᠪᠴᠢᠬᠦ ᠴᠢᠬᠤᠯᠠᠲᠠᠢ ᠦᠶ᠎ᠡ ᠳᠤ ᠡᠷᠡᠰ ᠲᠡᠪᠴᠢᠬᠦ ᠬᠡᠷᠡᠭᠲᠡᠢ ᠃ | ᠵᠢᠷᠭᠤᠳᠤᠭᠠᠷ ᠲᠤ ᠂ ᠵᠠᠷᠢᠮ ᠡᠴᠢᠭᠡ ᠡᠬᠡᠴᠤᠤᠯ ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠶᠠᠪᠤᠳᠠᠯ ᠢ ᠬᠤᠪᠢᠷᠠᠭᠤᠯᠵᠤ ᠴᠢᠳᠠᠬᠤ ᠦᠭᠡᠢ ᠭᠡᠵᠦ | ᠦᠵᠡᠳᠡᠭ ᠃ ᠦᠨᠡᠨ ᠳᠡᠭᠡᠨ ᠲᠡᠶᠢᠮᠦ ᠪᠢᠰᠢ ᠂ ᠬᠡᠦᠬᠡᠳ ᠤᠨ ᠨᠠᠰᠤ ᠪᠠᠭ᠎ᠠ ᠪᠠᠶᠢᠭ᠎ᠠ ᠤᠴᠢᠷ ᠠᠴᠠ ᠠᠪᠤ ᠡᠵᠢ ᠨᠢ ᠠᠯᠬᠤᠮ ᠳᠠᠷᠠᠭ᠎ᠠ ᠲᠠᠢ ᠪᠠᠷ ᠬᠥᠲᠥᠯᠥᠨ | ᠵᠢᠯᠣᠭᠤᠳᠳᠠᠭ ᠯᠠ ᠶᠤᠮ ᠪᠣᠯ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠭᠡᠮ ᠢ ᠨᠢ ᠯᠠᠪᠲᠠᠢ ᠬᠤᠪᠢᠷᠠᠭᠤᠯᠵᠤ ᠴᠢᠳᠠᠨ᠎ᠠ ᠃ ᠬᠡᠦᠬᠡᠳ ᠠᠭᠤᠷᠯᠠᠬᠤ ᠦᠶᠡᠰ ᠵᠦᠪᠬᠡᠨ | ᠨᠢᠳᠦᠨ ᠡᠮᠦᠨᠡᠬᠢ ᠠᠰᠠᠭᠤᠳᠠᠯ ᠢ ᠨᠢ ᠰᠶᠢᠳᠪᠦᠷᠢᠯᠡᠵᠦ ᠪᠤᠯᠬᠤ ᠦᠭᠡᠢ ᠂ ᠨᠡᠩ ᠴᠢᠬᠤᠯᠠ ᠨᠢ ᠬᠡᠦᠬᠡᠳ ᠤᠨ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠪᠠ | ᠠᠮᠢᠳᠤᠷᠠᠯ ᠤᠨ ᠶᠣᠰᠣ ᠳᠦᠷᠢᠮ ᠢ ᠬᠥᠮᠥᠵᠢᠭᠦᠯᠬᠦ ᠬᠡᠷᠡᠭᠳᠡᠢ ᠃ | ᠬᠡᠦᠬᠡᠳ ᠲᠤ ᠠᠭᠤᠷᠯᠠᠭᠠᠳ ᠥᠪᠡᠷ ᠤᠨ ᠬᠦᠰᠡᠭᠰᠡᠨ ᠵᠦᠢᠯ ᠢᠶᠠᠨ ᠤᠯᠵᠤ ᠴᠢᠳᠠᠬᠤ ᠦᠭᠡᠢ ᠭᠡᠳᠡᠭ ᠢ ᠲᠠᠨᠢᠭᠤᠯᠵᠤ ᠂ ᠨᠡᠩ ᠶᠠᠮᠠᠷ ᠴᠤ ᠠᠰᠠᠭᠤᠳᠠᠯ ᠢ | ᠰᠶᠢᠳᠪᠦᠷᠢᠯᠡᠵᠦ ᠴᠢᠳᠠᠬᠤ ᠦᠭᠡᠢ ᠭᠡᠳᠡᠭ ᠢ ᠮᠡᠳᠡᠬᠦᠯᠵᠦ ᠂ ᠬᠡᠦᠬᠡᠳ ᠲᠤ ᠵᠠᠷᠢᠮ ᠦᠶᠡᠰ ᠠᠭᠤᠷ ᠤᠴᠠᠭᠠᠷ ᠬᠦᠷᠬᠦ ᠨᠢ ᠬᠡᠪ ᠤᠨ ᠪᠠᠶᠢᠳᠠᠯ ᠪᠠᠶᠢᠵᠤ ᠂ ᠭᠡᠪᠡᠴᠦ | ᠠᠰᠠᠭᠤᠳᠠᠯ ᠲᠤᠯᠭᠠᠷᠠᠪᠠᠯ ᠥᠪᠡᠷ ᠤᠨ ᠦᠵᠡᠯ ᠪᠣᠳᠣᠯ ᠪᠣᠯᠣᠨ ᠲᠥᠷᠥᠭᠳᠡᠯ ᠢᠶᠠᠨ ᠲᠣᠬᠢᠷᠠᠮᠵᠢᠲᠠᠢ ᠠᠷᠭ᠎ᠠ ᠪᠠᠷ ᠢᠯᠡᠳᠬᠡᠵᠤ ᠰᠤᠷᠬᠤ ᠶᠢ ᠰᠤᠷᠭᠠᠬᠤ ᠬᠡᠷᠡᠭᠳᠡᠢ ᠃ | ᠭᠡᠷ ᠤᠨ ᠠᠬᠠᠮᠠᠳ ᠪᠤᠯᠤᠬᠰᠠᠳ ᠴᠦ ᠬᠡᠤᠬᠡᠳ ᠤᠨ ᠠᠭᠤᠷ ᠤᠴᠠᠭᠠᠷ ᠭᠠᠷᠭᠠᠬᠤ ᠳᠤ ᠵᠣᠬᠢᠬᠤ ᠬᠡᠮᠵᠢᠶᠡᠨ ᠤ ᠲᠡᠰᠪᠦᠷᠢ ᠲᠡᠪᠴᠢᠶᠡᠷᠢ ᠪᠣᠯᠣᠨ ᠤᠷ᠎ᠠ ᠮᠡᠷᠭᠡᠵᠢᠯ ᠲᠠᠢ | ᠪᠠᠶᠢᠬᠤ ᠬᠡᠷᠡᠭᠲᠡᠢ ᠂ ᠢᠩᠭᠢᠪᠡᠯ ᠰᠠᠶ᠋ᠢ ᠬᠡᠤᠬᠡᠳ ᠲᠠᠢ ᠪᠠᠨ ᠨᠡᠩ ᠡᠶ᠎ᠡ ᠡᠪᠳᠡᠢ ᠰᠠᠶᠢᠬᠠᠨ ᠬᠠᠷᠢᠴᠠᠵᠤ ᠲᠡᠶᠢᠯᠦᠨ᠎ᠡ ᠃ ︵ ︽ ᠠᠷᠠᠳ ᠤᠨ ᠰᠦᠯᠵᠢᠶ᠎ᠡ ︾ ᠠᠴᠠ | ᠤᠷᠴᠢᠭᠤᠯᠤᠨ ᠨᠠᠶᠢᠷᠠᠭᠤᠯᠪᠠ ︶ | |