| — ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ | ᠶᠠᠷᠢᠶ᠎ᠠ ᠶᠢᠨ ᠲᠤᠬᠠᠶ ᠥᠭᠦᠯᠡᠬᠦ ᠨᠢ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ︽ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ | ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠠᠶᠢᠭᠤᠯᠬᠤ ᠳᠤ ᠬᠠᠤᠯᠢᠵᠢᠯ ᠪᠣᠯᠤᠨ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ | ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ ︾ ᠃ ᠮᠤᠵᠢ ᠶᠠᠮᠤᠨ ᠤ ᠲᠡᠰ ᠤᠨ ᠭᠤᠤᠯ | ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ | ᠪᠤᠶᠢᠵᠢᠭᠤᠯᠤᠨ ᠪᠠᠳᠠᠷᠠᠭᠤᠯᠬᠤ ᠡᠨᠡ ᠬᠦ ᠴᠢᠬᠤᠯᠠ ᠶᠡᠭᠡ ᠰᠡᠳᠦᠪ ᠢ ᠲᠣᠳᠣᠷᠬᠠᠢ ᠲᠤᠷᠠᠳᠴᠤ ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠰᠣᠶᠣᠯ ᠤᠨ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ ᠂ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ | ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠢᠯ ᠤᠨ | ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ ᠃ ᠰᠣᠶᠣᠯ ᠪᠣᠯ ᠨᠢᠭᠡ ᠤᠯᠤᠰ ᠂ ᠨᠢᠭᠡ ᠦᠨᠳᠦᠰᠦᠲᠡᠨ ᠤ ᠰᠦᠭ ᠰᠦᠨᠡᠰᠦ ᠮᠥᠨ ᠃ ᠮᠠᠨ ᠤ ᠤᠯᠤᠰ ᠤᠨ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠠᠶᠢᠭᠤᠯᠬᠤ ᠳ᠋ᠤ᠋ ᠤᠳᠤ ᠦᠶ᠎ᠡ ᠶᠢᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠵᠡᠷᠭᠡ ︽ ᠬᠠᠲᠠᠭᠤ ᠪᠣᠳᠠᠲᠤ ᠬᠦᠴᠦᠨ ︾ ᠤ ᠪᠠᠶᠢᠭᠤᠯᠤᠯᠲᠠ ᠶᠢ | ᠴᠢᠩᠭᠠᠳᠬᠠᠬᠤ ᠪᠠᠷ ᠪᠠᠷᠠᠬᠤ ᠦᠭᠡᠢ ᠂ ᠪᠠᠰᠠ ᠦᠷᠳᠡᠭ ᠤᠨ ᠦᠵᠡᠯᠲᠡ ᠂ ᠠᠵᠢᠯᠯᠠᠭ᠎ᠠ ᠶᠢᠨ ᠵᠢᠷᠤᠮᠵᠢᠯ ᠵᠡᠷᠭᠡ ︽ ᠵᠥᠭᠡᠯᠡᠨ ᠪᠣᠳᠠᠲᠤ ᠬᠦᠴᠦᠨ ︾ ᠤ | ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ | ᠨᠠᠮ ᠤᠨ ᠲᠥᠪ ᠬᠤᠷᠢᠶ᠎ᠠ ᠨᠢ ᠮᠠᠷᠺᠰ ᠤᠨ ᠦᠵᠡᠯ ᠤᠨ ᠮᠥᠩᠭᠦᠨ ᠭᠦᠢᠯᠭᠡᠭᠡᠨ ᠤ ᠤᠨᠤᠯ ᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ ᠂ ᠮᠥᠩᠭᠦᠨ ᠭᠦᠢᠯᠭᠡᠭᠡᠨ ᠤ ᠦᠢᠯᠡᠳᠦᠯᠭᠡ ᠶᠢᠨ ᠰᠢᠨ᠎ᠡ ᠡᠭᠦᠳᠦᠯᠲᠡ ᠂ | ᠤᠨᠤᠯ ᠤᠨ ᠰᠢᠨ᠎ᠡ ᠡᠭᠦᠳᠦᠯᠲᠡ ᠂ ᠲᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠳᠡ ᠦᠭᠡᠢ ᠠᠬᠢᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠢᠳᠡᠭ ᠢᠳᠡᠭ ᠢᠶᠠᠷ ᠵᠠᠮᠨᠠᠪᠠ ᠃ ︽ ᠦᠨᠡᠨᠴᠢ ᠢᠲᠡᠭᠡᠮᠵᠢᠲᠡᠢ ᠪᠠᠶᠢᠵᠤ ᠂ ᠬᠤᠷᠢᠭ᠎ᠠ ᠱᠤᠭᠤᠮ ᠢ ᠳᠠᠪᠠᠵᠦ ᠪᠤᠯᠬᠤ ᠦᠭᠡᠢ ︔ | ᠠᠰᠢᠭ ᠬᠤᠨᠵᠢᠪᠦᠷᠢ ᠶᠢ ᠰᠢᠳᠤᠷᠭᠤ ᠪᠠᠷ ᠤᠯᠵᠤ ᠂ ᠠᠰᠢᠭ ᠬᠤᠨᠵᠢᠪᠦᠷᠢ ᠳᠤ ᠰᠢᠨᠤᠵᠦ ᠪᠤᠯᠬᠤ ᠦᠭᠡᠢ ︔ ᠯᠠᠪᠳᠠᠭᠤᠨ ᠪᠣᠯᠭᠤᠮᠵᠢᠲᠠᠢ ᠪᠠᠶᠢᠵᠤ ᠂ ᠨᠡᠷ᠎ᠡ ᠭᠠᠪᠢᠶ᠎ᠠ ᠶᠢ | ᠶᠠᠭᠠᠷᠠᠨ ᠬᠥᠭᠡᠭᠡᠴᠡᠯᠳᠦᠵᠦ ᠪᠤᠯᠬᠤ ᠦᠭᠡᠢ ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠪᠣᠳᠠᠲᠠᠶ ᠪᠠᠶᠢᠳᠠᠯ ᠠᠴᠠ ᠰᠠᠯᠵᠤ ᠬᠡᠶᠢᠰᠪᠦᠷᠢ ᠵᠦᠢᠯ ᠢ | ᠬᠥᠭᠡᠭᠡᠴᠡᠯᠳᠦᠵᠦ ᠪᠤᠯᠬᠤ ᠥᠬᠡᠶ ︔ ᠬᠠᠤᠯᠢ ᠲᠣᠭᠲᠠᠭᠠᠯ ᠶᠣᠰᠣᠭᠠᠷ ᠬᠦᠢᠴᠡᠳᠭᠡᠵᠦ ᠂ ᠰᠠᠨᠠᠭ᠎ᠠ ᠪᠠᠷ ᠢᠶᠠᠨ ᠰᠠᠪᠠᠵᠤ ᠵᠢᠯᠤᠭᠤ ᠪᠠᠷ ᠢᠶᠠᠨ ᠵᠤᠳᠤᠵᠤ ᠪᠤᠯᠬᠤ ᠦᠭᠡᠢ ︾ ᠃ | ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠡᠨᠡ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠨᠢ ᠮᠠᠨ ᠤ ᠨᠠᠮ ᠤᠨ ᠮᠥᠩᠭᠦᠨ ᠭᠦᠢᠯᠭᠡᠭᠡᠨ ᠤ | ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠤᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠬᠦᠨᠵᠡᠭᠡᠶᠢᠷᠡᠬᠦᠯᠵᠦ ᠂ ᠳᠤᠮᠳᠠᠳᠤ | ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠳᠤ ᠴᠢᠷᠮᠠᠶᠢᠬᠤ ᠴᠢᠭᠯᠡᠯ ᠢ ᠲᠣᠳᠣᠷᠬᠠᠢ ᠵᠢᠭᠠᠵᠤ ᠥᠭᠴᠡᠢ ᠃ | ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠳᠤ ︽ ᠳᠤᠮᠳᠠᠳᠤ ᠤᠯᠤᠰ ᠤᠨ ᠣᠨᠴᠠᠯᠢᠭ ︾ ᠭᠡᠬᠦ ᠡᠨᠡ | ᠬᠦ ᠵᠠᠩᠭᠢᠯᠠᠭ᠎ᠠ ᠶᠢ ᠲᠤᠪᠤᠶᠢᠯᠭᠠᠬᠤ ᠬᠡᠷᠡᠭᠲᠡᠢ ᠃ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ ᠂ ᠳᠤᠮᠳᠠᠳᠤ ᠶᠢᠨ ᠰᠣᠶᠣᠯ ᠥᠷᠭᠡᠨ ᠳᠡᠯᠭᠡᠷ ᠭᠦᠨ | ᠭᠦᠨᠵᠡᠭᠡᠢ ᠪᠠᠶᠢᠵᠤ ᠂ ᠡᠯᠪᠡᠭ ᠪᠠᠶᠠᠯᠢᠭ ᠶᠣᠰᠣ ᠰᠤᠷᠲᠠᠬᠤᠨ ᠤ ᠡᠬᠢ ᠪᠠᠶᠠᠯᠢᠭ ᠠᠭᠤᠯᠤᠭᠳᠠᠵᠤ ᠪᠠᠶᠢᠳᠠᠭ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠠᠴᠠ | ᠰᠢᠮ᠎ᠡ ᠲᠡᠵᠢᠭᠡᠯ ᠬᠦᠷᠳᠡᠬᠦ ᠪᠣᠯ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠪᠤᠶᠢᠵᠢᠭᠤᠯᠬᠤ ᠲᠣᠲᠣᠭᠠᠳᠤ ᠱᠠᠭᠠᠷᠳᠠᠯᠭ᠎ᠠ ᠪᠣᠯᠤᠨ᠎ᠠ ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠨᠢ ᠢᠲᠡᠭᠡᠮᠵᠢ ᠶᠢ ᠴᠢᠬᠤᠯᠠᠴᠢᠯᠠᠨ ᠠᠮᠠᠯᠠᠯᠲᠠ ᠪᠠᠨ ᠵᠢᠷᠤᠮᠯᠠᠵᠤ ᠂ ᠮᠥᠩᠭᠦᠨ ᠭᠦᠢᠯᠭᠡᠭᠡᠨ ᠤ ᠠᠵᠢᠯ ᠲᠦᠷᠦᠯ ᠨᠢ | ᠢᠲᠡᠭᠡᠮᠵᠢ ᠪᠠᠷ ᠰᠠᠭᠤᠷᠢ ᠪᠣᠯᠭᠠᠬᠤ ᠶᠢ ᠴᠢᠬᠤᠯᠠᠴᠢᠯᠠᠳᠠᠭ ᠪᠤᠯᠬᠤᠷ ᠡᠷᠬᠡᠪᠰᠢ ᠭᠡᠷ᠎ᠡ ᠶᠢᠨ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ ᠂ ᠦᠨᠡᠨᠴᠢ ᠢᠲᠡᠭᠡᠮᠵᠢᠲᠡᠢ | ᠪᠠᠶᠢᠬᠤ ᠶᠢ ᠪᠡᠶᠡᠯᠡᠭᠦᠯᠬᠦ ᠬᠡᠷᠡᠭᠲᠡᠢ ᠃ ︽ ᠵᠢᠷᠤᠮ ᠢ ᠡᠷᠬᠢᠮᠯᠡᠵᠦ ᠠᠰᠢᠭ ᠣᠯᠤᠭᠰᠠᠳ ᠢᠷᠠᠭᠤ ᠠᠯᠳᠠᠷ ᠲᠠᠢ ᠂ ᠵᠢᠷᠦᠮ ᠢ ᠲᠡᠷᠰᠯᠡᠵᠦ ᠠᠰᠢᠭ ᠣᠯᠤᠭᠰᠠᠳ ᠢᠴᠢᠭᠦᠷᠢ | ᠭᠤᠲᠤᠮᠰᠢᠭ ᠲᠠᠢ ︾ ᠂ ᠮᠥᠩᠭᠦᠨ ᠭᠦᠢᠯᠭᠡᠭᠡ ᠪᠣᠯ ᠴᠢᠳᠠᠮᠵᠢᠳᠤ ᠴᠢᠨᠠᠷ ᠪᠠ ᠠᠰᠢᠭ ᠤᠯᠬᠤ ᠴᠢᠨᠠᠷ ᠤᠨ ᠳᠠᠪᠬᠤᠷ ᠥᠪᠡᠷᠮᠢᠴᠡ ᠴᠢᠨᠠᠷ ᠲᠠᠢ ᠪᠠᠶᠢᠳᠠᠭ ᠪᠣᠯᠬᠤᠷ | ᠡᠷᠬᠡᠪᠰᠢ ᠵᠢᠷᠤᠮ ᠢ ᠡᠷᠬᠢᠮᠯᠡᠨ ᠠᠰᠢᠭ ᠣᠯᠵᠤ ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ ᠃ ︽ | ᠬᠤᠷᠳᠤᠨ ᠢ ᠬᠦᠰᠡᠪᠡᠰᠦ ᠲᠦᠬᠡᠮᠡᠯ ᠦᠭᠡᠢ ᠪᠤᠯᠤᠮᠤᠢ ᠂ ᠪᠠᠭ᠎ᠠ ᠰᠠᠭ᠎ᠠ ᠠᠰᠢᠭ ᠲᠤᠷ ᠤᠷᠤᠪᠠᠰᠤ ᠶᠡᠭᠡ ᠬᠡᠷᠡᠭ ᠦᠯᠦ ᠪᠦᠳᠦᠮᠦᠢ ︾ ᠂ ᠮᠥᠩᠭᠦᠨ ᠭᠦᠢᠯᠭᠡᠭᠡᠨ ᠤ | ᠦᠢᠯᠡᠰ ᠪᠣᠯ ᠣᠨᠴᠠᠭᠠᠢ ᠠᠶᠤᠯ ᠲᠦᠭᠰᠢᠭᠦᠷᠢ ᠶᠡᠬᠡᠲᠡᠢ ᠠᠵᠢᠯ ᠲᠦᠷᠦᠯ ᠪᠤᠯᠬᠤ ᠲᠤᠯᠠ ᠡᠷᠬᠡᠪᠰᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ | ᠡᠭᠦᠷᠢᠳᠡ ᠶᠢᠨ ᠭᠤᠣᠯ ᠰᠡᠳᠦᠪ ᠪᠣᠯᠭᠠᠬᠤ ᠶᠢ ᠢᠮᠠᠭᠲᠠ ᠪᠠᠷᠢᠮᠲᠠᠯᠠᠵᠦ ᠂ ᠠᠪᠤᠨ ᠲᠣᠣᠷ᠎ᠠ ᠪᠠᠨ ᠠᠰᠢᠭ ᠤᠯᠬᠤ ᠪᠠᠷ ᠶᠠᠭᠠᠷᠠᠵᠤ ᠪᠣᠯᠬᠤ ᠦᠭᠡᠢ ᠃ ︽ ᠨᠢᠭᠡᠨ ᠡᠳᠦᠷ | ᠰᠢᠨᠡᠳᠭᠡᠪᠡᠰᠦ ᠂ ᠡᠳᠦᠷ ᠪᠦᠷᠢ ᠰᠢᠨᠡᠳᠴᠦ ᠂ ᠡᠳᠦᠷ ᠠᠴᠠ ᠡᠳᠦᠷ ᠰᠢᠨᠠᠳᠤᠨᠠ ︾ ᠂ ᠰᠢᠨ᠎ᠡ ᠶᠢ ᠡᠭᠦᠳᠬᠦ ᠪᠣᠯ ᠮᠥᠩᠭᠦᠨ ᠭᠦᠢᠯᠭᠡᠭᠡᠨ ᠤ ᠦᠢᠯᠡᠰ ᠤᠨ | ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠮᠥᠨ ᠂ ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ ᠂ | ᠭᠡᠪᠡᠴᠦ ᠰᠢᠨ᠎ᠡ ᠶᠢ ᠡᠭᠦᠳᠬᠦ ᠨᠡᠷ᠎ᠡ ᠪᠠᠷ ᠰᠣᠬᠤᠷ ᠪᠠᠯᠠᠢ ᠪᠠᠷ ᠳᠡᠯᠭᠡᠭᠦᠷ ᠨᠡᠭᠡᠭᠡᠵᠦ ᠂ ᠪᠡᠯᠡ ᠮᠥᠩᠭᠦ ᠶᠢᠨ ᠲᠣᠲᠣᠭᠠᠳᠤ ᠶᠢᠨ ᠡᠷᠭᠢᠯᠲᠡ ᠶᠢ ᠶᠡᠭᠡ ᠪᠠᠷ ᠬᠢᠵᠦ ᠂ | ᠪᠣᠳᠠᠲᠠᠢ ᠠᠴᠠ ᠠᠩᠭᠢᠵᠢᠷᠠᠨ ᠬᠡᠶᠢᠰᠪᠦᠷᠢ ᠲᠡᠶᠢᠰᠢ ᠶᠠᠪᠤᠵᠤ ᠪᠣᠯᠬᠤ ᠦᠭᠡᠢ ᠃ ︽ ᠬᠠᠤᠯᠢ ᠬᠡᠮᠡᠭᠴᠢ ᠳᠡᠯᠡᠬᠡᠢ ᠳ᠋ᠠᠬᠢᠨ ᠤ ᠵᠢᠷᠤᠮ ᠪᠤᠯᠠᠢ ᠂ ᠲᠦᠮᠡᠨ ᠶᠠᠪᠤᠳᠠᠯ ᠤᠨ | ᠳᠦᠷᠢ ᠲᠥᠷᠬᠦ ᠪᠤᠯᠠᠢ ︾ ᠂ ᠮᠥᠩᠭᠦᠨ ᠭᠦᠢᠯᠭᠡᠭᠡᠨ ᠤ ᠦᠢᠯᠡᠰ ᠨᠢ ᠵᠣᠭᠤᠰ ᠲᠠᠢ ᠬᠠᠷᠢᠯᠴᠠᠬᠤ ᠳᠠᠭᠠᠨ ᠠᠶᠠᠨᠳᠠᠭᠠᠨ ᠨᠡᠯᠢᠶᠡᠳ ᠥᠨᠳᠥᠷ ᠶᠣᠰᠣ ᠰᠤᠷᠲᠠᠬᠤᠨ ᠤ | ᠠᠶᠤᠯ ᠲᠦᠭᠰᠢᠭᠦᠷᠢ ᠂ ᠠᠵᠢᠯᠯᠠᠭᠠᠨ ᠤ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠳᠠᠭ ᠪᠤᠯᠬᠤᠷ ᠡᠷᠬᠡᠪᠰᠢ ᠬᠠᠤᠯᠢ ᠶᠣᠰᠣᠭᠠᠷ ᠡᠵᠡᠩᠨᠡᠬᠦ ᠂ ᠲᠣᠭᠲᠠᠭᠠᠯ ᠳᠤ | ᠨᠡᠶᠢᠴᠡᠭᠦᠯᠦᠨ ᠠᠵᠢᠯᠯᠠᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ ᠂ ᠳᠤᠷ᠎ᠠ ᠪᠠᠷ ᠢᠶᠠᠨ ᠦᠢᠯᠡᠳᠴᠦ ᠂ ᠬᠤᠷᠢᠭ᠎ᠠ ᠱᠤᠭᠤᠮ ᠢ ᠳᠠᠪᠠᠵᠤ ᠪᠣᠯᠬᠤ ᠦᠭᠡᠢ ᠃ ᠳᠤᠮᠳᠠᠳᠤ | ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠬᠤ ᠳ᠋ᠤ᠋ ᠮᠡᠳᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ ᠃ | ᠵᠠᠬ᠎ᠠ ᠳᠡᠯᠭᠡᠭᠦᠷ ᠤᠨ ᠲᠦᠷᠢᠮ ᠪᠣᠯᠤᠨ ᠲᠤᠬᠠᠶᠢᠯᠠᠭᠰᠠᠨ ᠠᠵᠢᠯ ᠤᠨ ᠬᠡᠪ ᠰᠤᠷᠲᠠᠯ ᠢ ᠪᠠᠲᠤ ᠰᠠᠬᠢᠵᠤ ᠂ ᠦᠨᠡᠨᠴᠢ ᠢᠲᠡᠭᠡᠮᠵᠢᠲᠡᠢ ᠪᠠᠶᠢᠬᠤ ᠶᠢ ᠡᠯ᠎ᠡ ᠵᠦᠢᠯ ᠤᠨ | ᠲᠤᠬᠠᠶᠢᠯᠠᠭᠰᠠᠨ ᠠᠵᠢᠯ ᠳ᠋ᠤ᠋ ᠠᠭᠤᠰᠤᠯᠴᠠᠭᠤᠯᠵᠤ ᠂ ᠴᠢᠳᠠᠪᠤᠷᠢ ᠰᠠᠶᠢᠳᠠᠢ ᠂ ᠴᠢᠨᠠᠷ ᠰᠠᠶᠢᠳᠠᠢ ᠂ ᠬᠠᠳᠠᠭᠤ ᠴᠢᠩᠭ᠎ᠠ ᠲᠦᠷᠢᠮ ᠲᠣᠭᠲᠠᠭᠠᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ ᠂ ᠢᠮᠠᠭᠲᠠ ᠬᠠᠭᠤᠷᠮᠠᠭ ᠲᠠᠩᠰᠠ ᠬᠢᠬᠦ ᠦᠭᠡᠢ ᠂ ᠦᠨᠡᠨᠴᠢ ᠰᠢᠳᠤᠷᠭᠤ ᠪᠠᠷ ᠡᠵᠡᠩᠨᠡᠵᠦ ᠂ ᠢᠲᠡᠭᠡᠯ ᠬᠦᠨᠳᠦ ᠪᠠᠨ ᠨᠠᠨᠳᠢᠩᠨᠠᠵᠤ ᠂ ᠬᠤᠷᠢᠭ᠎ᠠ | ᠱᠤᠭᠤᠮ ᠠᠴᠠ ᠳᠠᠪᠠᠭ᠋ᠤ ᠦᠭᠡᠢ ᠪᠠᠶᠢᠬᠤ ᠬᠡᠷᠡᠭᠲᠡᠢ ᠃ ᠵᠢᠷᠤᠮ ᠪᠣᠯᠤᠨ ᠠᠰᠢᠭ ᠲᠤᠰᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠ ᠦᠷᠳᠡᠭ ᠪᠣᠯᠤᠨ ᠠᠰᠢᠭ ᠬᠤᠨᠵᠢᠪᠣᠷᠢ ᠶᠢ ᠡᠭᠦᠳᠦᠨ ᠪᠦᠲᠦᠭᠡᠵᠦ ᠂ ᠠᠵᠤ ᠠᠬᠤᠢ ᠪᠣᠯᠤᠨ ᠮᠥᠩᠭᠦᠨ | ᠭᠦᠢᠯᠭᠡᠭᠡ ᠬᠠᠮᠲᠤ ᠪᠠᠷ ᠣᠷᠣᠰᠢᠵᠤ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ ᠂ ᠠᠰᠢᠭ ᠬᠤᠨᠵᠢᠪᠣᠷᠢ ᠳᠤ ᠰᠢᠨᠤᠬᠠᠶᠢᠷᠠᠵᠤ ᠪᠣᠯᠬᠤ ᠦᠭᠡᠢ ᠃ | ᠵᠥᠪ ᠡᠵᠡᠩᠨᠡᠯᠲᠡ ᠶᠢᠨ ᠦᠵᠡᠯᠲᠡ ᠂ ᠠᠮᠵᠢᠯᠲᠠ ᠪᠦᠲᠦᠮᠵᠢ ᠶᠢᠨ ᠦᠵᠡᠯᠲᠡ ᠂ ᠠᠶᠤᠯ ᠲᠦᠭᠰᠢᠭᠦᠷᠢ ᠶᠢᠨ ᠦᠵᠡᠯᠲᠡ ᠶᠢ ᠪᠤᠢ ᠪᠣᠯᠭᠠᠵᠤ ᠂ ᠯᠠᠪᠳᠠᠭᠤᠨ | ᠪᠣᠯᠭᠤᠮᠵᠢᠲᠠᠢ ᠪᠠᠷ ᠡᠵᠡᠩᠨᠡᠵᠦ ᠂ ᠣᠳᠣᠬᠢ ᠪᠠᠶᠢᠳᠠᠯ ᠢ ᠦᠵᠡᠬᠦ ᠪᠠᠷ ᠪᠠᠷᠠᠬᠤ ᠦᠭᠡᠢ ᠂ ᠨᠡᠩ ᠴᠤ ᠠᠯᠤᠰ ᠬᠤᠯᠠ ᠶᠢ ᠬᠠᠷᠠᠵᠤ ᠂ ᠣᠬᠤᠷ ᠬᠤᠭᠤᠴᠠᠭᠠᠨ ᠤ ᠬᠡᠳᠦ | ᠠᠰᠢᠭ ᠢ ᠬᠥᠭᠡᠭᠡᠴᠡᠯᠳᠦᠬᠦ ᠦᠭᠡᠢ ᠂ ᠶᠠᠭᠠᠷᠠᠤ ᠭᠡᠨᠡᠨ ᠢᠶᠠᠷ ᠤᠷᠤᠭᠰᠢᠯᠠᠬᠤ ᠦᠭᠡᠢ ᠂ ᠳᠠᠭᠠᠭᠠᠬᠤ ᠴᠢᠳᠠᠪᠤᠷᠢ ᠠᠴᠠ ᠪᠠᠨ ᠬᠡᠳᠦᠷᠡᠬᠦᠯᠦᠨ ᠬᠡᠳᠦ ᠭᠡᠨᠡᠨ ᠢᠶᠠᠷ ᠬᠢᠬᠦ | ᠦᠭᠡᠢ ᠪᠠᠶᠢᠬᠤ ᠬᠡᠷᠡᠭᠲᠡᠢ ᠃ ᠮᠥᠩᠭᠦᠨ ᠭᠦᠢᠯᠭᠡᠭᠡ ᠨᠢ ᠬᠡᠨ ᠳᠤ ᠦᠢᠯᠡᠴᠢᠯᠡᠬᠦ ᠂ ᠬᠡᠨ ᠤ ᠲᠥᠯᠥᠭᠡ ᠰᠢᠨ᠎ᠡ ᠶᠢ ᠡᠭᠦᠳᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ | ᠪᠣᠳᠠᠲᠤ ᠴᠣᠭᠴᠠ ᠶᠢᠨ ᠠᠵᠤ ᠠᠬᠤᠢ ᠳᠤ ᠨᠡᠩ ᠰᠠᠶᠢᠨ ᠦᠢᠯᠡᠴᠢᠯᠡᠬᠦ ᠂ ᠠᠷᠠᠳ ᠤᠯᠠᠨ ᠳᠤ ᠲᠦᠬᠦᠮ ᠦᠵᠡᠭᠦᠯᠬᠦ ᠶᠢᠨ ᠲᠤᠭᠤᠷᠢᠨ ᠳᠤ ᠰᠢᠨ᠎ᠡ ᠶᠢ ᠡᠭᠦᠳᠬᠦ ᠶᠢ | ᠠᠬᠢᠭᠤᠯᠬᠤ ᠬᠡᠷᠡᠭᠲᠡᠢ ᠂ ᠬᠤᠳᠠᠯ ᠬᠠᠭᠤᠷᠮᠠᠭ ᠢᠶᠠᠷ ᠰᠢᠨ᠎ᠡ ᠶᠢ ᠡᠭᠦᠳᠴᠦ ᠂ ᠳᠤᠷ᠎ᠠ ᠪᠠᠷ ᠢᠶᠠᠨ ᠰᠢᠨ᠎ᠡ ᠶᠢ ᠡᠭᠦᠳᠴᠦ ᠪᠣᠯᠬᠤ ᠦᠭᠡᠢ ᠃ ᠰᠠᠬᠢᠯᠭ᠎ᠠ ᠪᠠᠲᠤ ᠬᠠᠤᠯᠢ | ᠴᠠᠭᠠᠵᠠ ᠶᠢ ᠴᠢᠩᠭ᠎ᠠ ᠵᠢᠷᠤᠮᠯᠠᠨ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠵᠢᠷᠤᠮᠯᠠᠵᠤ ᠂ ᠬᠢᠨᠠᠯᠲᠠ ᠬᠠᠮᠢᠶᠠᠷᠤᠯᠲᠠ ᠶᠢᠨ | ᠵᠥᠪᠰᠢᠶᠡᠷᠡᠯ ᠤᠨ ᠬᠡᠪᠴᠢᠶᠡᠨ ᠳᠣᠲᠣᠷ᠎ᠠ ᠤᠬᠠᠮᠰᠠᠷ ᠠᠴᠠ ᠪᠠᠨ ᠬᠠᠤᠯᠢ ᠶᠣᠰᠣᠭᠠᠷ ᠡᠵᠡᠩᠨᠡᠬᠦ ᠬᠡᠷᠡᠭᠲᠡᠢ ᠂ ᠬᠠᠤᠯᠢ ᠲᠣᠭᠲᠠᠭᠠᠯ ᠪᠠ ᠲᠦᠷᠢᠮ ᠤᠨ ᠵᠠᠢ ᠵᠠᠪᠰᠠᠷ ᠢ | ᠳᠠᠯᠢᠮᠳᠠᠭᠤᠯᠵᠤ ᠂ ᠬᠢᠨᠠᠯᠲᠠ ᠬᠠᠮᠢᠶᠠᠷᠤᠯᠲᠠ ᠠᠴᠠ ᠵᠠᠶᠢᠯᠠᠵᠤ ᠠᠰᠢᠭ ᠬᠥᠭᠡᠭᠡᠴᠡᠯᠳᠦᠵᠦ ᠪᠣᠯᠬᠤ ᠦᠭᠡᠢ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠢᠯ | ᠡᠷᠬᠢᠯᠡᠵᠦ ᠪᠠᠶᠢᠭ᠎ᠠ ᠬᠥᠮᠦᠰ ᠰᠡᠳᠬᠢᠯ ᠵᠢᠷᠦᠬᠡᠨ ᠳᠡᠭᠡᠨ ᠰᠢᠩᠭᠡᠭᠡᠵᠦ ᠂ ᠦᠢᠯᠡ ᠠᠵᠢᠯᠯᠠᠭ᠎ᠠ ᠳᠡᠭᠡᠷ᠎ᠡ ᠪᠠᠨ ᠪᠡᠶᠡᠯᠡᠬᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ | ᠮᠥᠩᠭᠦᠨ ᠭᠦᠢᠯᠭᠡᠭᠡᠨ ᠤ ᠰᠣᠶᠣᠯ ᠤᠨ ᠢᠳᠡᠪᠬᠢᠲᠡᠢ ᠤᠯᠠᠮᠵᠢᠯᠠᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ | ᠳᠤᠷᠠᠳᠤᠭᠰᠠᠨ ᠲᠠᠪᠤᠨ ᠲᠠᠯ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠶᠢ ᠲᠤᠬᠠᠶᠢᠯᠠᠭᠰᠠᠨ ᠠᠵᠢᠯ ᠤᠨ ᠪᠠᠶᠢᠷᠢ ᠂ ᠪᠣᠳᠠᠲᠠᠢ ᠠᠵᠢᠯᠯᠠᠭ᠎ᠠ ᠳᠤᠮᠳᠠ ᠪᠠᠨ ᠯᠠᠪᠳᠠᠭᠤᠨ | ᠪᠠᠲᠤᠲᠠᠢ ᠨᠠᠶᠢᠳᠠᠪᠤᠷᠢᠵᠢᠭᠤᠯᠵᠤ ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠰᠣᠶᠣᠯ ᠤᠨ ᠰᠠᠭᠤᠷᠢ ᠶᠢ ᠪᠠᠬᠢᠵᠢᠬᠦᠯᠵᠦ ᠂ ᠰᠣᠶᠣᠯ ᠤᠨ ᠰᠦᠭ | ᠰᠦᠨᠡᠰᠦ ᠶᠢ ᠪᠠᠲᠤ ᠴᠣᠭᠴᠠᠯᠠᠬᠤ ᠬᠡᠷᠡᠭᠲᠡᠢ ᠃ ᠨᠡᠶᠢᠭᠡᠮ ᠳᠠᠶᠠᠭᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠪᠠᠳᠠᠷᠠᠭᠤᠯᠬᠤ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ | ᠪᠦᠳᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠪᠣᠯ ᠰᠢᠨ᠎ᠡ ᠴᠠᠭ ᠦᠶ᠎ᠡ ᠶᠢᠨ | ᠬᠠᠮᠤᠭ ᠤᠨ ᠶᠡᠭᠡ ᠤᠯᠤᠰ ᠲᠦᠷᠦ ᠮᠥᠨ ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠬᠤ ᠡᠭᠦᠷᠭᠡ ᠬᠦᠨᠳᠦ ᠴᠢᠬᠤᠯᠠ ᠶᠤᠮ ᠃ | ᠤᠷᠤᠭᠰᠢᠯᠠᠯᠲᠠ ᠶᠢᠨ ᠵᠠᠮ ᠳᠡᠭᠡᠷ᠎ᠡ ᠂ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦᠲ᠋ᠠᠯ᠎ᠠ ᠪᠠᠷ | ᠲᠤᠤᠱᠯᠠᠭᠤᠯᠵᠤ ᠂ ᠬᠡᠬᠦᠳᠡᠭ ᠴᠡᠭᠡᠵᠢᠨ ᠳᠡᠭᠡᠨ ︽ ᠤᠯᠤᠰ ᠤᠨ ᠶᠡᠭᠡ ᠶᠠᠪᠤᠳᠠᠯ ︾ ᠢ ᠪᠠᠭᠲᠠᠭᠠᠵᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠳᠤᠮᠳᠠᠳᠤ | ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ | ᠦᠭᠡᠢ ᠡᠭᠦᠳᠴᠦ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠬᠦᠯᠰᠦᠭᠡᠢ ᠃ | | | |