ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠦᠭᠡᠯᠡᠭᠴᠢᠳ ᠤᠨ ᠪᠦᠯᠬᠦᠮ ᠤᠨ ᠪᠦᠯᠬᠦᠮ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/4
     1 ᠳ᠋ᠦ᠋ᠭᠡᠷ ᠰᠠᠷ᠎ᠠ ᠶᠢᠨ 3 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠪᠥᠯᠬᠦᠮ ᠤᠨ ᠳᠠᠷᠤᠭ᠎ᠠ ᠨᠠᠷ ᠤᠨ ᠬᠤᠷᠠᠯ ᠢ ᠬᠦᠯᠦᠨ ᠪᠤᠶᠢᠷ ᠬᠤᠲᠠᠨ᠎ᠠ ᠬᠤᠷᠠᠯᠳᠤᠭᠤᠯᠪᠠ ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠ ︽ ᠠᠷᠪᠠᠨ ᠳᠥᠷᠪᠡᠳᠦᠭᠡᠷ ᠡᠪᠦᠯ ︾ ᠤᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠪᠥᠯᠬᠦᠮ ᠤᠨ ᠳᠠᠷᠤᠭ᠎ᠠ ᠨᠠᠷ ᠬᠤᠷᠠᠯ ᠳᠤ ᠣᠷᠣᠯᠴᠠᠵᠠᠢ ᠃    ᠬᠤᠷᠠᠯ ᠳᠡᠭᠡᠷ᠎ᠡ ᠂ ︽ ᠠᠷᠪᠠᠨ ᠳᠥᠷᠪᠡᠳᠦᠭᠡᠷ ᠡᠪᠦᠯ ︾ ᠤᠨ ᠪᠡᠯᠡᠳᠬᠡᠯ ᠠᠵᠢᠯ ᠤᠨ ᠠᠬᠢᠴᠠ ᠪᠠ ᠲᠥᠯᠥᠭᠡᠯᠡᠭᠴᠢᠳ ᠤᠨ ᠪᠦᠯᠬᠦᠮ ᠤᠨ ᠦᠢᠯᠡᠴᠢᠯᠡᠬᠦ ᠂ ᠭᠥᠯᠢᠶᠡᠨ ᠠᠪᠬᠤ ᠳᠤ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ ᠶᠢ ᠵᠠᠷᠯᠠᠨ ᠮᠡᠳᠡᠭᠳᠡᠪᠡ ᠃ ᠣᠳᠣᠬᠠᠨ ᠳᠤ ᠂ ︽ ᠠᠷᠪᠠᠨ ᠳᠥᠷᠪᠡᠳᠦᠭᠡᠷ ᠡᠪᠦᠯ ︾ ᠤᠨ ᠡᠯ᠎ᠡ ᠵᠦᠢᠯ ᠤᠨ ᠪᠡᠯᠡᠳᠬᠡᠯ ᠠᠵᠢᠯ ᠨᠢ ᠨᠢᠭᠡᠨᠲᠡ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠣᠯᠬᠤ ᠂ ᠪᠦᠬᠦ ᠲᠠᠯ᠎ᠠ ᠪᠠᠷ ᠰᠢᠪᠲᠤᠯᠬᠤ ᠱᠠᠲᠤᠨ ᠳᠤ ᠪᠠᠨ ᠣᠷᠣᠯ᠎ᠠ ᠃ ᠬᠥᠯᠥᠨ ᠪᠤᠶᠢᠷ ᠬᠤᠳᠠ ︽ ᠳᠥᠭᠦᠮ ᠳᠥᠲᠡ ᠂ ᠠᠮᠤᠷ ᠲᠦᠪᠰᠢᠨ ᠂ ᠭᠤᠴᠣ ᠰᠠᠶᠢᠬᠠᠨ ︾ ᠢᠶᠠᠷ ᠤᠷᠤᠯᠳᠤᠭᠠᠨ ᠡᠷᠬᠢᠯᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠠᠮᠤᠷ ᠲᠦᠪᠰᠢᠨ ᠢᠶᠠᠷ ᠤᠷᠤᠯᠳᠤᠭᠠᠨ ᠡᠷᠬᠢᠯᠡᠬᠦ ᠬᠤᠷᠢᠭ᠎ᠠ ᠱᠤᠭᠤᠮ ᠢ ᠡᠷᠡᠰ ᠰᠠᠬᠢᠵᠤ ᠂ ᠤᠷᠤᠯᠳᠤᠭᠠᠨ ᠤ ᠰᠤᠷᠲᠠᠯ ᠂ ᠰᠠᠬᠢᠯᠭ᠎ᠠ ᠪᠠᠲᠤ ᠬᠢᠭᠡᠳ ᠰᠡᠷᠭᠦᠭᠡᠰᠢ ᠡᠮ ᠢ ᠡᠰᠡᠷᠭᠦᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠲᠥᠯᠥᠭᠡᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ ᠂ ᠨᠢᠭᠡ ᠬᠤᠭᠤᠴᠠᠭᠠᠨ ᠤ ᠲᠡᠭᠦᠰ ᠠᠮᠵᠢᠯᠲᠠ ᠲᠠᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠬᠠᠮᠲᠤ ᠪᠠᠷ ᠡᠷᠬᠢᠯᠡᠬᠦ ᠪᠠᠷ ᠪᠠᠶᠢᠨ᠎ᠠ ᠃    ᠬᠤᠷᠠᠯ ᠤᠨ ᠳᠠᠷᠠᠭ᠎ᠠ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠪᠦᠯᠬᠦᠮ ᠤᠳ ᠪᠠᠰᠠ ︽ ᠠᠷᠪᠠᠨ ᠳᠥᠷᠪᠡᠳᠦᠭᠡᠷ ᠡᠪᠦᠯ ︾ ᠤᠨ ᠤᠷᠤᠯᠳᠤᠭᠠᠨ ᠤ ᠲᠠᠯᠠᠪᠤᠷ ᠣᠷᠳᠣᠨ ᠪᠠ ᠠᠯᠪᠠᠨ ᠤ ᠵᠣᠴᠢᠯᠠᠬᠤ ᠪᠠᠭᠤᠳᠠᠯ ᠢ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠪᠠ ᠃      
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ