| ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ ᠲᠦᠷᠦᠭᠦᠬᠡᠨ | ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠤᠯᠪᠣᠭᠠᠯᠠᠨ ︽ | ᠣᠶ ᠰᠢᠭᠤᠢ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠠᠷᠭ᠎ᠠ ᠬᠡᠮᠵᠢᠶ᠎ᠡ ᠨᠦᠭᠦᠳ ︾ ︵ ᠳᠣᠷᠣᠭᠰᠢ ︽ ᠠᠷᠭ᠎ᠠ ᠬᠡᠮᠵᠢᠶ᠎ᠡ ︾ | ᠭᠡᠵᠦ ᠲᠣᠪᠴᠢᠯᠠᠨ᠎ᠠ ︶ ᠢ ᠳᠠᠷᠤᠮᠠᠯᠯᠠᠨ ᠲᠠᠷᠬᠠᠭᠠᠵᠤ ᠂ ᠲᠥᠷᠥ ᠶᠢᠨ ᠪᠣᠳᠣᠯᠭ᠎ᠠ ᠂ ᠪᠡᠯᠡ ᠮᠥᠩᠭᠦ ᠂ ᠲᠦᠰᠦᠯ ᠵᠡᠷᠭᠡ ᠣᠯᠠᠨ ᠲᠠᠯ᠎ᠠ ᠠᠴᠠ ᠥᠪᠥᠷ ᠮᠣᠩᠭᠤᠯ ᠤᠨ ᠣᠶ | ᠰᠢᠭᠤᠢ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠪᠡ ᠃ | ︽ ᠠᠷᠭ᠎ᠠ ᠬᠡᠮᠵᠢᠶ᠎ᠡ ︾ ᠨᠢ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠬᠦ ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ ᠂ ᠤᠯᠤᠰ ᠤᠨ ᠴᠡᠴᠡᠷᠯᠢᠭ ᠢᠶᠠᠷ ᠭᠤᠣᠯ ᠴᠣᠭᠴᠠ | ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠂ ᠤᠢ ᠰᠢᠭᠤᠢ ᠨᠤᠲᠤᠭ ᠪᠡᠯᠴᠢᠭᠡᠷ ᠤᠨ | ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠂ ᠤᠳᠤ ᠦᠶ᠎ᠡ ᠶᠢᠨ ᠤᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠢ ᠶᠡᠭᠡ ᠪᠠᠷ | ᠬᠥᠭᠵᠢᠭᠦᠯᠬᠦ ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ | ᠴᠢᠩᠭᠠᠳᠬᠠᠬᠤ ᠂ ᠬᠦᠴᠦᠨ ᠵᠦᠢᠯ ᠤᠨ ᠪᠠᠲᠤᠯᠠᠭ᠎ᠠ ᠲᠤᠯᠭᠠᠭᠤᠷᠢᠯᠠᠯ ᠢ ᠴᠢᠩᠭᠠᠳᠬᠠᠬᠤ 8 ᠲᠠᠯ᠎ᠠ ᠠᠴᠠ 24 ᠵᠤᠷᠪᠤᠰ ᠪᠣᠳᠠᠲᠠᠢ ᠠᠷᠭ᠎ᠠ ᠬᠡᠮᠵᠢᠶ᠎ᠡ ᠳᠤᠷᠠᠳᠤᠭᠰᠠᠨᠨ | ᠪᠦᠭᠡᠳ ᠤᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠤ ᠡᠯ᠎ᠡ ᠲᠠᠯ᠎ᠠ ᠶᠢ ᠬᠠᠮᠤᠷᠴᠠᠢ ᠃ ᠥᠪᠥᠷ ᠮᠣᠩᠭᠤᠯ ᠤᠨ 103 ᠬᠤᠰᠢᠭᠤ ᠰᠢᠶᠠᠨ ︵ ᠬᠤᠲᠠ ᠂ | ᠲᠣᠭᠤᠷᠢᠭ ︶ ᠢ ᠪᠦᠬᠦᠨ ᠢ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ ᠬᠡᠪᠴᠢᠶᠡᠨ ᠳᠤ | ᠣᠷᠣᠭᠤᠯᠬᠤ ᠶᠢᠨ ᠬᠠᠮᠲᠤ ᠂ ᠮᠠᠨ ᠤ ᠣᠷᠣᠨ ᠤ ᠨᠢᠭᠡ ᠪᠦᠯᠦᠭ ᠡᠯᠡᠰᠦ ᠶᠢ ᠰᠡᠷᠭᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠤᠨ ᠴᠢᠬᠤᠯᠠ ᠶᠡᠭᠡ ᠲᠥᠰᠥᠯ ᠢ | ᠬᠡᠷᠡᠭᠵᠢᠭᠦᠯᠬᠦ ᠶᠢ ᠳᠡᠮᠵᠢᠵᠦ ᠂ ᠮᠠᠨ ᠤ ᠣᠷᠣᠨ ᠤ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ | ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠣᠯᠬᠤ ᠳᠤ ᠬᠦᠴᠦᠨ ᠨᠡᠮᠡᠷᠢᠯᠡᠬᠦ ᠬᠡᠷᠡᠭᠲᠡᠢ | ᠭᠡᠵᠦ ᠲᠣᠳᠣᠷᠬᠠᠢ ᠳᠤᠷᠠᠳᠪᠠ ᠃ ︽ ᠳᠠᠪᠬᠤᠷ ︾ ᠢᠨᠵᠧᠨᠧᠷᠢᠩ ᠢ ᠬᠠᠮᠵᠢᠯᠴᠠᠨ ᠠᠬᠢᠭᠤᠯᠵᠤ ᠂ ᠪᠠᠶᠠᠨᠨᠠᠭᠤᠷ ᠂ ᠣᠷᠳᠣᠰ ᠂ ᠠᠯᠠᠱᠠ ᠵᠡᠷᠭᠡ ᠭᠠᠵᠠᠷ ᠲᠤ ᠨᠢᠭᠡ | ᠪᠦᠯᠦᠭ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ ᠂ ︽ ᠭᠡᠷᠡᠯ ᠴᠡᠨᠡᠭ + ︾ ᠵᠠᠭᠪᠤᠷ ᠢ ᠳᠡᠯᠭᠡᠷᠡᠭᠦᠯᠬᠦ ᠬᠡᠷᠡᠭᠲᠡᠢ ᠭᠡᠵᠦ | ᠳᠤᠷᠠᠳᠪᠠ ᠃ ᠤᠯᠠᠭᠠᠨᠰᠤᠬᠠᠢ ᠂ ᠳᠠᠭ᠎ᠠ ᠶᠢᠨ ᠨᠠᠭᠤᠷ ᠂ ᠬᠥᠯᠥᠨ ᠨᠠᠭᠤᠷ ᠵᠢᠴᠢ ᠴᠠᠭᠠᠨᠨᠠᠭᠤᠷ ᠵᠡᠷᠭᠡ ᠭᠤᠣᠯᠳᠠᠯᠭ᠎ᠠ ᠲᠠᠢ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠂ | ᠠᠯᠠᠱᠠ ᠠᠭᠤᠯᠠ ᠂ ᠳᠠᠯᠠᠨ ᠬᠠᠷ᠎ᠠ ᠠᠭᠤᠯᠠ ᠵᠡᠷᠭᠡ ᠤᠯᠤᠰ ᠤᠨ ᠴᠡᠴᠡᠷᠯᠢᠭ ᠢ ᠪᠠᠶᠢᠭᠤᠯᠬᠤ ᠂ ᠤᠯᠤᠰ ᠤᠨ ᠣᠶ ᠰᠢᠭᠤᠢ ᠶᠢᠨ ᠠᠵᠤ ᠦᠢᠯᠡᠰ ᠤᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠂ ᠤᠯᠤᠰ ᠤᠨ ᠣᠶ ᠰᠢᠭᠤᠢ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ ᠤᠯᠤᠰ ᠤᠨ ᠣᠶ ᠰᠢᠭᠤᠢ ᠶᠢᠨ | ᠬᠤᠷᠮᠣᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠬᠦ ᠬᠡᠷᠡᠭᠲᠡᠢ ᠃ ᠪᠠᠰᠠ ᠤᠮᠠᠷᠠᠲᠤ ᠶᠢᠨ ᠭᠤᠷᠪᠠᠨ ᠣᠷᠣᠨ ᠤ | ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠂ ᠳᠤᠮᠳᠠᠳᠤ ᠤᠯᠤᠰ ᠤᠨ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ | ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠤᠭᠤᠳ ᠢ ᠤᠷᠢᠵᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠲᠣᠮᠢᠯᠠᠨ | ᠬᠡᠰᠡᠭ ᠳᠠᠭᠠᠭᠠᠴᠢᠯᠠᠨ ᠂ ᠴᠡᠭ ᠳᠠᠭᠠᠭᠠᠴᠢᠯᠠᠨ ᠠᠵᠢᠯᠯᠠᠬᠤ ᠵᠢᠯᠣᠭᠤᠳᠤᠯᠭ᠎ᠠ ᠥᠷᠨᠢᠭᠦᠯᠵᠦ ᠂ ᠦᠨᠳᠦᠰᠦᠨ ᠱᠠᠲᠤᠨ ᠤ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢᠨ | ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ ᠃ | ︽ ︿ ᠠᠷᠭ᠎ᠠ ᠬᠡᠮᠵᠢᠶ᠎ᠡ ﹀ ᠨᠢ ᠨᠢᠭᠡ ᠪᠦᠯᠦᠭ ᠲᠥᠰᠥᠯ ᠢ ᠦᠨᠡᠨ ᠬᠦ ᠳᠡᠮᠵᠢᠵᠦ ᠂ ᠨᠢᠭᠡ ᠪᠦᠯᠦᠭ ᠲᠦᠷᠦ ᠶᠢᠨ ᠪᠣᠳᠣᠯᠭ᠎ᠠ ᠣᠯᠭᠤᠬᠤ ᠶᠢᠨ ᠬᠠᠮᠲᠤ ᠮᠠᠨ ᠤ | ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠂ ᠠᠵᠤ ᠦᠢᠯᠡᠰ ᠤᠨ ᠬᠥᠭᠵᠢᠯᠲᠡ ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨᠡᠴᠢᠯᠡᠯᠲᠡ ᠵᠡᠷᠭᠡ ᠠᠵᠢᠯ ᠤᠨ ᠳᠤᠮᠳᠠᠬᠢ ᠬᠢᠵᠠᠭᠠᠷᠯᠠᠯ ᠤᠳ ᠢ ᠴᠢᠩᠭ᠎ᠠ ᠠᠩᠬᠠᠷᠴᠤ ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠨ ᠂ | ᠮᠠᠨ ᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠢᠷᠳᠡᠯ ᠂ ᠲᠦᠭᠵᠢᠷᠡᠯ ᠂ ᠪᠡᠷᠬᠡᠰᠢᠶᠡᠯ ᠢ ᠬᠦᠴᠦᠯᠡᠨ | ᠰᠢᠢᠳᠪᠦᠷᠢᠯᠡᠪᠡ ᠃ ᠳᠠᠷᠠᠭᠠᠴᠢ ᠪᠠᠷ ᠂ ᠪᠢᠳᠡ ᠲᠦᠷᠦ ᠶᠢᠨ ᠪᠣᠳᠣᠯᠭ᠎ᠠ ᠶᠢ ᠵᠣᠯᠭᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ ᠂ ᠵᠤᠷᠪᠤᠰ ᠳᠠᠷᠠᠭᠠᠯᠠᠨ | ᠨᠠᠶᠢᠳᠠᠪᠤᠷᠢᠵᠢᠭᠤᠯᠬᠤ ᠶᠢ ᠠᠬᠢᠭᠤᠯᠵᠤ ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢᠭᠡ ᠪᠦᠷᠢ ᠶᠢ ᠮᠠᠨ ᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ ︾ ᠭᠡᠵᠦ ᠥᠪᠡᠷᠲᠡᠭᠡᠨ ᠵᠠᠰᠠᠬᠤ | ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠣᠪᠴᠢᠶᠠᠨ ᠳᠠᠷᠤᠭ᠎ᠠ ᠮᠠ | ᠴᠢᠶᠠᠩ ᠬᠡᠯᠡᠪᠡ ᠃ | | |