| | | ︽ ᠢᠷ᠎ᠡ ᠢᠷ᠎ᠡ ᠢᠷ᠎ᠡ ᠂ ᠮᠠᠨ ᠤ ᠭᠦᠵᠡᠯᠵᠡᠭᠡᠨ᠎ᠡ ᠂ ᠳᠦᠪᠡᠳ ᠬᠠᠰᠢ ᠶᠢᠨ ᠤᠷᠭᠤᠴᠠ ᠬᠢᠷᠢ ᠵᠡᠷᠭᠡ ᠪᠠᠶᠢᠬᠤ ᠶᠢ ᠦᠵᠡᠶ᠎ᠡ︕ ︾ ᠭᠡᠵᠦ ᠤᠯᠠᠨ ᠤ ᠬᠦᠷᠦᠯᠴᠡᠨ | ᠢᠷᠡᠭᠰᠡᠨ ᠢ ᠦᠵᠡᠭᠡᠳ᠂ ᠥᠪᠥᠷ ᠮᠣᠩᠭᠤᠯ ᠤᠨ ᠵᠦᠩ ᠲᠢᠶᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ | ᠶᠡᠷᠦᠩᠬᠡᠢ ᠳᠠᠭᠠᠭᠠᠮᠠᠯ ᠰᠢᠦᠢ ᠸᠧᠨ ᠵᠢᠶᠦ᠋ᠨ ᠤᠯᠠᠨ ᠤ ᠬᠦᠯᠡᠮᠵᠢ ᠳᠤ ᠤᠷᠤᠵᠤ ᠦᠵᠡᠬᠦ ᠶᠢ ᠤᠷᠢᠨ᠎ᠠ᠃ | ᠣᠶᠢᠷ᠎ᠠ ᠳᠤ ᠂ ᠭᠡᠷ ᠤᠨ ᠭᠠᠳᠠᠨᠠᠬᠢ ᠳᠤᠯᠠᠭᠠᠨ ᠤ ᠬᠡᠮᠵᠢᠶ᠎ᠡ ᠲᠡᠭ ᠠᠴᠠ ᠳᠣᠷᠣᠭᠰᠢ ᠬᠤᠷᠢᠨ ᠬᠡᠳᠦᠨ ᠭᠷᠡᠳᠦ᠋ᠰ ᠲᠤ ᠬᠦᠷᠴᠦ ᠂ ᠬᠦᠯᠡᠮᠵᠢ ᠶᠢᠨ ᠵᠢᠮᠢᠰ ᠨᠣᠭᠤᠭ᠎ᠠ | ᠨᠥᠯᠥᠭᠡᠯᠡᠭᠳᠡᠨ᠎ᠡ ᠤᠤ ᠦᠭᠡᠢ ᠤᠤ ︖ ︽ ᠪᠢᠳᠡᠨ ᠳᠤ ︿ ᠬᠠᠯᠬᠠᠪᠴᠢ ﹀ ᠲᠠᠢ ᠪᠤᠯᠬᠤᠷ ᠂ ᠴᠠᠭ ᠠᠭᠤᠷ ᠤᠨ ᠬᠦᠢᠳᠡᠨ ᠪᠠᠶᠢᠳᠠᠯ ᠠᠴᠠ ᠠᠶᠤᠬᠤ ᠦᠭᠡᠢ ︾ ᠭᠡᠮᠡᠨ | ᠰᠢᠦᠢ ᠸᠧᠨ ᠵᠢᠶᠦ᠋ᠨ ᠣᠯᠠᠨ ᠤ ᠰᠡᠵᠢᠭ ᠢ ᠠᠯᠳᠠᠷᠠᠭᠠᠨᠠ ᠃ | | ᠵᠢᠷᠤᠭ ᠄ ᠵᠡᠭᠦᠨᠭᠠᠷ ᠬᠤᠰᠢᠭᠤᠨ ᠤ ᠣᠲᠣ ᠦᠶ᠎ᠡ ᠶᠢᠨ ᠣᠶᠤᠨᠴᠢ ᠲᠥᠬᠦᠭᠡᠷᠦᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠦᠯᠡᠮᠵᠢ ᠶᠢᠨ ᠨᠢᠭᠡ | ᠥᠨᠴᠥᠭ | ᠦᠭᠡ ᠬᠡᠯᠡᠬᠦ ᠵᠠᠭᠤᠷ᠎ᠠ ᠨᠢᠭᠡ ᠪᠦᠯᠦᠭ ᠬᠥᠮᠥᠰ ᠱᠢ ᠡᠯ ᠯᠢᠶᠠᠨ ᠴᠧᠩ ᠰᠢᠶᠠᠩ ᠤᠨ ᠦ᠋ ᠵᠢᠶᠠ ᠶᠣᠣ ᠲᠣᠰᠬᠤᠨ ᠳᠤ ᠪᠠᠶᠢᠷᠢᠯᠠᠵᠤ ᠪᠠᠶᠢᠭ᠎ᠠ ᠵᠡᠭᠦᠨᠭᠠᠷ | ᠬᠤᠰᠢᠭᠤᠨ ᠤ ᠤᠳᠤ ᠦᠶ᠎ᠡ ᠶᠢᠨ ᠣᠶᠤᠨᠴᠢ ᠲᠥᠬᠦᠭᠡᠷᠦᠮᠵᠢᠲᠦ ᠲᠠᠷᠢᠶᠠᠯᠠᠩ ᠤᠨᠠᠵᠤ ᠦᠢᠯᠡᠰ ᠤᠨ ᠬᠦᠷᠢᠶᠡᠯᠡᠩ ᠤᠨ ᠬᠦᠯᠡᠮᠵᠢ ᠳᠤ ᠬᠦᠷᠴᠦ ᠢᠷᠡᠯ᠎ᠠ ᠂ ᠠᠵᠤ | ᠦᠢᠯᠡᠰ ᠤᠨ ᠬᠦᠷᠢᠶᠡᠯᠡᠩ ᠤᠨ ᠲᠠᠯᠠᠪᠠᠢ ᠨᠢ 322 ᠮᠦ ᠪᠠᠶᠢᠪᠠ᠃ ᠠᠭᠤᠵᠢᠮ ᠰᠠᠷᠠᠭᠤᠯ ᠬᠦᠯᠡᠮᠵᠢ ᠳᠤ ᠨᠣᠭᠤᠭᠠᠨ ᠥᠩᠭᠡ ᠪᠢᠯᠬᠠᠷᠠᠨ᠂ ᠲᠥᠪᠡᠳ ᠬᠠᠰᠢ᠂ | ᠭᠦᠵᠡᠯᠵᠡᠭᠡᠨ᠎ᠡ ᠵᠡᠷᠭᠡ ᠵᠢᠮᠢᠰ ᠨᠣᠭᠤᠭ᠎ᠠ ᠮᠥᠴᠢᠷ ᠳᠦᠭᠦᠷᠡᠩ ᠡᠯᠭᠦᠭᠳᠡᠵᠦ ᠂ ᠲᠠᠷᠢᠮᠠᠯ ᠤᠨ ᠡᠷᠦᠬᠡ ᠶᠢᠨ ᠬᠢᠨ ᠲᠡᠭᠦᠵᠦ ᠵᠥᠭᠡᠭᠡᠪᠦᠷᠢᠯᠡᠨ ᠶᠠᠭᠠᠷᠠᠯᠳᠤᠵᠤ ᠪᠠᠶᠢᠯ᠎ᠠ᠃ | ︽ ᠮᠠᠨ ᠤ ᠡᠨᠡ ᠬᠦᠯᠡᠮᠵᠢ ᠶᠢ ᠤᠰᠤ ᠬᠠᠳᠠᠭᠠᠯᠠᠵᠤ ᠳᠣᠲᠣᠷ᠎ᠠ ᠭᠠᠳᠠᠨ᠎ᠠ ᠠᠴᠠ ᠨᠢ ᠳᠤᠯᠠᠭᠠᠨ ᠢ ᠬᠠᠳᠠᠭᠠᠯᠠᠬᠤ ᠬᠤᠣᠰ ᠤᠭᠰᠠᠷᠠᠮᠠᠯ ᠮᠠᠶ᠋ᠢᠭ ᠤᠨ ᠬᠦᠯᠡᠮᠵᠢ | ᠭᠡᠳᠡᠭ ᠂ ᠳᠣᠲᠣᠷ᠎ᠠ ᠭᠠᠳᠠᠨ᠎ᠠ ᠠᠴᠠ ᠨᠢ ᠳᠤᠯᠠᠭᠠᠨ ᠢ ᠬᠠᠳᠠᠭᠠᠯᠠᠬᠤ ᠪᠠᠷ ᠵᠢᠷᠤᠵᠤ ᠳᠦᠯᠦᠪᠯᠡᠭᠰᠡᠨ ᠪᠤᠯᠬᠤᠷ ᠂ ᠬᠦᠯᠡᠮᠵᠢ ᠶᠢᠨ ᠳᠤᠯᠠᠭᠠᠨ ᠢ ᠬᠠᠳᠠᠭᠠᠯᠠᠬᠤ ᠴᠢᠳᠠᠮᠵᠢ | ᠨᠢ ᠡᠩ ᠤᠨ ᠬᠦᠯᠡᠮᠵᠢ ᠠᠴᠠ ᠬᠤᠯᠠ ᠥᠨᠳᠥᠷ ᠪᠠᠶᠢᠳᠠᠭ ᠃ ᠵᠢᠱᠢᠶᠡᠯᠡᠪᠡᠯ ᠂ ᠣᠶᠢᠷ᠎ᠠ ᠶᠢᠨ ᠬᠤᠭᠤᠴᠠᠭᠠᠨ ᠤ ᠡᠶᠢᠮᠦᠷᠬᠦᠦ ᠬᠦᠢᠲᠡᠨ ᠠᠭᠤᠷ ᠠᠮᠢᠰᠬᠤᠯ ᠂ ᠴᠠᠰᠤ | ᠤᠷᠤᠬᠰᠠᠨ ᠬᠠᠬᠢᠷ ᠬᠦᠢᠲᠡᠨ ᠠᠭᠤᠷ ᠠᠮᠢᠰᠬᠤᠯ ᠳᠤ ᠴᠤ ᠮᠠᠨ ᠤ ᠬᠦᠯᠡᠮᠵᠢ ᠳᠠᠷᠤᠢ ᠡᠨᠡ ᠬᠦ ᠰᠢᠰᠲ᠋ᠧᠮ ᠳᠤ ᠲᠦᠰᠢᠭᠯᠡᠭᠡᠳ ᠠᠵᠢᠭ ᠦᠭᠡᠢ ᠦᠩᠭᠡᠷᠡᠭᠡᠭᠰᠡᠨ ᠶᠤᠮ ︾ | ᠭᠡᠮᠡᠨ ᠰᠢᠦᠢ ᠸᠧᠨ ᠵᠢᠶᠦ᠋ᠨ ᠬᠦᠯᠡᠮᠵᠢ ᠶᠢᠨ ᠢᠶᠠᠨ ︽ ᠨᠢᠭᠤᠴᠠ ︾ ᠶᠢ ᠶᠠᠷᠢᠵᠤ ᠦᠭᠬᠦᠯ᠎ᠠ ᠃ | ︽ ᠡᠨᠡ ᠬᠦ ᠰᠢᠰᠲ᠋ᠧᠮ ᠨᠢ ᠢᠯᠴᠢ ᠰᠢᠩᠭᠡᠭᠡᠬᠦ ᠳᠤ ᠬᠤᠷᠳᠤᠨ᠂ ᠢᠯᠴᠢ ᠬᠠᠳᠠᠭᠠᠯᠠᠬᠤ ᠪᠠᠷ ᠶᠡᠭᠡ᠂ ᠢᠯᠴᠢ ᠢᠯᠭᠠᠷᠠᠭᠤᠯᠬᠤ ᠨᠢ ᠵᠢᠭᠳᠡ ᠵᠡᠷᠭᠡ ᠣᠨᠴᠠᠯᠢᠭ ᠲᠠᠢ | ᠪᠠᠶᠢᠵᠤ ᠂ ᠬᠦᠯᠡᠮᠵᠢ ᠶᠢᠨ ᠰᠠᠯᠬᠢ ᠶᠢ ᠰᠡᠷᠭᠡᠶᠢᠯᠡᠬᠦ ᠂ ᠪᠣᠷᠣᠭᠠᠨ ᠴᠠᠰᠤ ᠶᠢ ᠳᠠᠭᠠᠭᠠᠬᠤ ᠂ ᠬᠥᠯᠳᠡᠬᠦ ᠶᠢ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠳᠡᠭ ᠪᠠᠶᠢᠨ᠎ᠠ᠂ | ᠳᠤᠯᠠᠭᠠᠨ ᠢ ᠬᠠᠳᠠᠭᠠᠯᠠᠬᠤ ᠰᠢᠰᠲ᠋ᠧᠮ ᠢ ᠬᠦᠯᠡᠮᠵᠢ ᠶᠢᠨ ᠳᠣᠲᠣᠷ᠎ᠠ ᠲᠠᠯᠪᠢᠬᠰᠠᠨ ᠠᠴᠠ ᠮᠠᠭᠤ ᠴᠠᠭ ᠠᠭᠤᠷ ᠪᠠ ᠨᠡᠷᠡᠨ ᠤ ᠡᠭᠴᠡ ᠲᠤᠰᠤᠯᠲᠠ ᠶᠢᠨ ᠨᠥᠯᠥᠭᠡ ᠶᠢ | ᠬᠦᠷᠲᠡᠬᠦ ᠦᠭᠡᠢ ᠪᠠᠶᠢᠵᠤ ᠂ ᠭᠠᠮᠰᠢᠭ ᠢ ᠰᠡᠷᠭᠡᠶᠢᠯᠡᠬᠦ ᠮᠠᠰᠢ ᠰᠠᠶᠢᠨ ᠦᠷ᠎ᠡ ᠳ᠋ᠦᠩ ᠭᠠᠷᠭᠠᠳᠠᠭ︾ ᠭᠡᠮᠡᠨ ᠰᠢᠦᠢ ᠸᠧᠨ ᠵᠢᠶᠦ᠋ᠨ ᠲᠠᠨᠢᠯᠴᠠᠭᠤᠯᠤᠨ᠎ᠠ ᠂ ᠡᠨᠡ ᠬᠦ | ᠰᠢᠰᠲ᠋ᠧᠮ ᠨᠢ ᠨᠡᠷᠡᠨ ᠤ ᠡᠨᠧᠷᠭᠢ ᠶᠢᠨ ᠠᠶᠠᠨᠳᠠᠭᠠᠨ ᠤ ᠲᠤᠰᠤᠯᠲᠠ ᠪᠠᠷ ᠳᠡᠮᠵᠢᠨ ᠂ ᠡᠳᠦᠷ ᠲᠡᠭᠡᠨ ᠨᠡᠷᠡᠨ ᠤ ᠡᠨᠧᠷᠭᠢ ᠶᠢ ᠶᠡᠭᠡ ᠬᠡᠮᠵᠢᠶ᠎ᠡ ᠪᠠᠷ ᠰᠢᠩᠭᠡᠬᠡᠨ ᠠᠪᠴᠤ ᠂ | ᠤᠰᠤᠨ ᠤ ᠳᠤᠯᠠᠭᠠᠨ ᠢ ᠳᠡᠭᠡᠭᠰᠢᠯᠡᠭᠦᠯᠵᠦ ᠪᠣᠯᠣᠨ᠎ᠠ ᠃ ᠰᠥᠨᠢ ᠪᠣᠯᠬᠤ ᠳᠤ ᠂ ᠤᠰᠤᠨ ᠳᠣᠲᠣᠷ᠎ᠠ ᠬᠠᠳᠠᠭᠠᠯᠠᠵᠤ ᠪᠠᠶᠢᠭ᠎ᠠ ᠢᠯᠴᠢ ᠶᠢᠨ ᠬᠡᠮᠵᠢᠶ᠎ᠡ ᠨᠢ ᠳᠠᠷᠤᠢ | ᠵᠢᠭᠳᠡ ᠪᠠᠷ ᠢᠯᠭᠠᠷᠠᠨ ᠭᠠᠷᠴᠤ ᠢᠷᠡᠳᠡᠭ᠃ ᠳᠡᠷᠨ ᠨᠢ ᠤᠯᠠᠮᠵᠢᠯᠠᠯᠲᠤ ᠰᠢᠷᠣᠢ ᠶᠢᠨ ᠬᠡᠷᠡᠮ ᠲᠣᠭᠤᠰᠬᠠᠨ ᠬᠡᠷᠡᠮ ᠤᠨ ᠢᠯᠴᠢ ᠶᠢᠨ ᠬᠦᠴᠦᠨ ᠤ ᠬᠠᠳᠠᠭᠠᠯᠠᠮᠵᠢ ᠠᠴᠠ 1. | 5 ︱ 2 ᠳᠠᠬᠢᠨ ᠥᠨᠳᠥᠷ ᠪᠠᠶᠢᠳᠠᠭ ᠃ | ᠵᠡᠭᠦᠨᠭᠠᠷ ᠬᠤᠰᠢᠭᠤᠨ ᠤ ᠤᠳᠤ ᠦᠶ᠎ᠡ ᠶᠢᠨ ᠣᠶᠤᠨᠴᠢ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠪᠠᠰᠠ ᠮᠠᠰᠢ | ᠤᠯᠠᠨ︽ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠨᠠᠮᠪᠠ︾ ᠪᠤᠢ᠃ ᠬᠦᠯᠡᠮᠵᠢ ᠶᠢᠨ ᠣᠷᠣᠢ ᠳᠤ ᠡᠯᠭᠦᠭᠰᠡᠨ LED ᠳᠡᠯᠭᠡᠴᠡ ᠳᠡᠭᠡᠷ᠎ᠡ ᠬᠦᠯᠡᠮᠵᠢ ᠶᠢᠨ ᠳᠤᠯᠠᠭᠠᠨ ᠤ | ᠬᠡᠮᠵᠢᠶ᠎ᠡ ᠂ ᠴᠢᠭᠢᠭᠯᠢᠭ ᠤᠨ ᠭᠡᠮᠵᠢᠶ᠎ᠠ ᠂ ᠬᠡᠷᠡᠯ ᠤᠨ ᠲᠤᠰᠤᠯᠲᠠ ᠵᠡᠷᠭᠡ ᠲᠠᠷᠢᠮᠠᠯ ᠤᠨ ᠤᠷᠭᠤᠯᠲᠠ ᠶᠢᠨ ᠴᠢᠬᠤᠯᠠ ᠪᠣᠯᠵᠣᠯᠲᠤ ᠲᠤᠭ᠎ᠠ ᠶᠢ ᠴᠠᠭ ᠲᠤᠬᠠᠢ ᠳᠤᠨᠢ | ᠢᠯᠡᠷᠡᠭᠦᠯᠵᠦ ᠪᠠᠶᠢᠳᠠᠭ ᠃ ᠬᠦᠯᠡᠮᠵᠢ ᠶᠢᠨ ᠡᠳᠦᠷ ᠤᠨ ᠳᠤᠯᠠᠭᠠᠨ ᠤ ᠬᠡᠮᠵᠢᠶ᠎ᠡ ᠨᠢ 25-28 ᠭᠷᠡᠳᠦ᠋ᠰ ᠪᠣᠯ ᠬᠠᠮᠤᠭ ᠤᠨ ᠰᠠᠶᠢᠨ ᠳᠤᠯᠠᠭᠠᠨ ᠤ ᠬᠡᠮᠵᠢᠶ᠎ᠡ ᠪᠣᠯᠣᠨ᠎ᠠ ᠂ | ᠳᠡᠯᠭᠡᠴᠡ ᠳᠡᠭᠡᠷ᠎ᠡ ᠢᠯᠡᠷᠡᠬᠦ ᠳᠤᠯᠠᠭᠠᠨ ᠤ ᠬᠡᠮᠵᠢᠶ᠎ᠡ ᠨᠢ 30 ᠭᠷᠡᠳᠦ᠋ᠰ ᠲᠤ ᠭᠦᠷᠪᠡᠯ ᠂ ᠴᠠᠬᠢᠯᠭᠠᠨ ᠬᠥᠳᠡᠯᠭᠡᠭᠦᠷᠲᠦ ᠪᠦᠷᠬᠦᠭᠦᠯ ᠨᠢ ᠠᠶᠠᠨᠳᠠᠭᠠᠨ ᠰᠠᠯᠬᠢ ᠲᠠᠯᠪᠢᠬᠤ | ᠠᠮᠠᠰᠠᠷ ᠢ ᠬᠥᠳᠡᠯᠭᠡᠵᠦ ᠂ ᠳᠤᠯᠠᠭᠠᠨ ᠤ ᠬᠡᠮᠵᠢᠶ᠎ᠡ ᠶᠢ ᠲᠣᠬᠢᠷᠠᠮᠵᠢᠲᠠᠢ ᠬᠡᠮᠵᠢᠶ᠎ᠡ ᠳᠤ ᠲᠣᠬᠢᠷᠠᠭᠤᠯᠳᠠᠭ ᠃ ᠬᠦᠯᠡᠮᠵᠢ ᠪᠦᠷᠢ ᠳᠤ ᠴᠥᠮ ᠬᠤᠶᠠᠷ ᠴᠠᠭᠠᠨ ᠥᠩᠭᠡᠲᠡᠢ | ᠲᠥᠬᠦᠭᠡᠷᠦᠮᠵᠢ ᠡᠯᠭᠦᠵᠦ ᠪᠠᠶᠢᠳᠠᠭ ᠂ ᠬᠦᠯᠡᠮᠵᠢ ᠶᠢᠨ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ ᠂ ᠡᠨᠡ ᠪᠣᠯ ᠷᠠᠳᠢᠣ᠋ ᠬᠤᠯᠪᠣᠭᠠᠨ ᠤ ᠨᠦᠯᠦᠭᠡᠯᠡᠬᠦᠷ ᠪᠣᠯᠣᠨ᠎ᠠ᠂ ᠲᠡᠷᠡ | ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠂ ᠠᠭᠠᠷ ᠤᠨ ᠳᠤᠯᠠᠭᠠᠨ ᠴᠢᠭᠢᠭᠯᠢᠭ ᠤᠨ ᠬᠡᠮᠵᠢᠶ᠎ᠡ᠂ ᠬᠥᠷᠥᠰᠥᠨ ᠤ ᠳᠤᠯᠠᠭᠠᠨ ᠴᠢᠭᠢᠭᠯᠢᠭ ᠤᠨ ᠬᠡᠮᠵᠢᠶ᠎ᠡ ᠵᠡᠷᠭᠡ | ᠨᠦᠯᠦᠭᠡᠯᠡᠬᠦᠷ ᠤᠨ ᠣᠨᠴᠠᠯᠢᠭ ᠢ ᠬᠤᠷᠠᠮᠳᠤᠭᠤᠯᠵᠤ ᠂ ᠪᠤᠯᠵᠤᠯᠳᠤ ᠳᠤᠭᠠᠨ ᠤ ᠲᠣᠬᠢᠷᠠᠭᠤᠯᠭ᠎ᠠ ᠶᠢ ᠦᠨᠳᠦᠰᠦᠯᠡᠨ᠂ ᠲᠠᠷᠢᠮᠠᠯ ᠳᠤ ᠬᠠᠮᠤᠭ ᠤᠨ ᠰᠠᠶᠢᠨ ᠲᠣᠬᠢᠷᠠᠮᠵᠢᠲᠠᠢ | ᠥᠰᠦᠯᠲᠡ ᠶᠢᠨ ᠪᠠᠶᠢᠳᠠᠯ ᠢ ᠬᠠᠩᠭᠠᠵᠤ ᠥᠭᠲᠡᠭ᠃ | ᠤᠳᠤ ᠦᠶ᠎ᠡ ᠶᠢᠨ ᠣᠶᠤᠨᠴᠢ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠭᠦᠵᠡᠯᠵᠡᠭᠡᠨ᠎ᠡ ᠶᠢᠨ ᠬᠦᠯᠡᠮᠵᠢ ᠳᠤ ᠂ ᠪᠠᠯᠲᠤ ᠵᠥᠭᠡᠢ | ᠴᠡᠴᠡᠭ ᠤᠨ ᠳᠤᠮᠳᠠ ᠪᠠᠯ ᠲᠡᠭᠦᠬᠦ ᠪᠠᠷ ᠶᠠᠭᠠᠷᠠᠯᠳᠤᠨ᠎ᠠ᠂ 60 ᠨᠠᠰᠤᠲᠠᠢ ᠲᠠᠷᠢᠶᠠᠴᠢᠨ ᠵᠠᠩ ᠯᠢᠶᠠᠩ ᠯᠢᠶᠠᠩ ᠮᠦᠨ ᠯᠠ ᠪᠠᠯᠲᠤ ᠵᠥᠭᠡᠢ ᠰᠢᠭ ᠶᠠᠭᠠᠷᠠᠨ᠎ᠠ᠂ ᠲᠡᠷᠡ | ᠬᠦᠯᠡᠮᠵᠢ ᠳᠤ ᠬᠥᠯᠥᠰᠦᠨ ᠠᠵᠢᠯ ᠬᠢᠵᠦ ᠂ ᠴᠠᠯᠢᠩ ᠤᠯᠵᠤ ᠮᠡᠷᠭᠡᠵᠢᠯ ᠰᠤᠷᠴᠤ ᠴᠢᠳᠠᠬᠤ ᠳᠠᠭᠠᠨ ᠰᠡᠳᠬᠢᠯ ᠬᠠᠨᠤᠮᠵᠢᠲᠠᠢ ᠪᠠᠶᠢᠳᠠᠭ ᠃ ︽ ᠰᠠᠷ᠎ᠠ ᠳᠤ 4000 | ᠲᠥᠭᠦᠷᠢᠭ ᠣᠯᠵᠤ ᠂ ᠢᠳᠡᠵᠦ ᠤᠤᠭᠤᠬᠤ ᠪᠠ ᠬᠤᠨᠣᠵᠤ ᠬᠡᠪᠲᠡᠬᠦ ᠶᠢ ᠬᠠᠮᠢᠶᠠᠷᠳᠠᠭ ᠪᠤᠯᠬᠤᠷ ᠂ ᠶᠡᠭᠡ ᠲᠠᠭᠠᠲᠠᠢ ᠠᠵᠢᠯᠯᠠᠳᠠᠭ ᠂ ᠮᠡᠷᠭᠡᠵᠢᠯ ᠰᠤᠷᠤᠭᠰᠠᠨ ᠤ ᠲᠠᠷᠠᠭ᠎ᠠ᠂ | ᠪᠢ ᠴᠤ ᠥᠪᠡᠷ ᠢᠶᠠᠨ ᠨᠢᠭᠡ ᠲᠣᠮᠣ ᠬᠦᠯᠡᠮᠵᠢ ᠳᠠᠭᠠᠭᠠᠴᠢᠯᠠᠵᠤ ᠨᠡᠩ ᠤᠯᠠᠨ ᠵᠣᠭᠤᠰ ᠣᠯᠬᠤ ᠪᠠᠷ ᠪᠡᠯᠡᠳᠬᠡᠵᠦ ᠪᠠᠶᠢᠨ᠎ᠠ︾ ᠭᠡᠵᠦ ᠵᠠᠩ ᠯᠢᠶᠠᠩ ᠯᠢᠶᠠᠩ ᠶᠠᠷᠢᠨ᠎ᠠ᠃ | ᠲᠠᠷᠢᠶᠠᠴᠢᠨ ᠤᠳᠤ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠳᠤ ᠬᠥᠯᠥᠰᠦᠨ ᠠᠵᠢᠯ ᠬᠢᠬᠦ ᠳᠡᠭᠡᠨ ᠰᠣᠩᠭᠤᠯᠳᠠ ᠲᠠᠢ ᠪᠠᠶᠢᠳᠠᠭ ᠂ ︽ᠬᠤᠶᠠᠷ ᠲᠠᠯ᠎ᠠ ᠶᠢ | ᠠᠳᠬᠤᠵᠤ ᠂ ᠳᠤᠮᠳᠠᠬᠢ ᠶᠢ ᠨᠢ ᠡᠵᠡᠮᠳᠡᠬᠦ︾ ᠵᠠᠭᠪᠤᠷ ᠢ ᠰᠣᠩᠭᠤᠵᠤ ᠪᠣᠯᠣᠨ᠎ᠠ᠂ ᠪᠠᠰᠠ ᠬᠥᠳᠡᠯᠮᠦᠷᠢ ᠦᠢᠯᠡᠴᠢᠯᠡᠭᠡ ᠪᠠᠷ ᠬᠤᠪᠢ ᠣᠷᠣᠬᠤ ᠪᠤᠶᠤ ᠬᠦᠯᠡᠮᠵᠢᠨ ᠳᠤ | ᠣᠷᠣᠵᠤ ᠬᠥᠯᠥᠰᠦᠨ ᠠᠵᠢᠯ ᠬᠢᠬᠦ ᠵᠠᠭᠪᠤᠷ ᠢ ᠰᠣᠩᠭᠤᠵᠤ ᠪᠣᠯᠣᠨ᠎ᠠ᠃ | | ᠵᠢᠷᠤᠭ ᠄ ᠲᠠᠷᠢᠮᠠᠯ ᠤᠨ ᠡᠷᠦᠬᠡ ᠶᠢᠨ ᠳᠠᠷᠢᠶᠠᠴᠢᠨ ᠤᠳᠠᠯ ᠦᠭᠡᠢ ᠵᠠᠬ᠎ᠠ ᠳᠡᠯᠭᠡᠭᠦᠷ ᠲᠤ ᠭᠠᠷᠭᠠᠬᠤ ᠭᠡᠵᠦ ᠪᠠᠶᠢᠭ᠎ᠠ ᠲᠥᠪᠡᠳ ᠬᠠᠰᠢ ᠪᠠᠨ ᠳᠡᠯᠭᠡᠨ ᠦᠵᠡᠭᠦᠯᠦᠨ᠎ᠡ | ᠲᠠᠷᠢᠶᠠᠴᠢᠨ ᠵᠧᠦ ᡁᠢ︽ᠬᠤᠶᠠᠷ ᠲᠠᠯ᠎ᠠ ᠶᠢ ᠠᠳᠬᠤᠵᠤ ᠂ ᠳᠤᠮᠳᠠᠬᠢ ᠶᠢ ᠡᠵᠡᠮᠳᠡᠬᠦ︾ᠵᠠᠭᠪᠤᠷ ᠢ ᠰᠣᠩᠭᠤᠵᠠᠢ ᠂ ᠲᠤᠰ ᠵᠠᠭᠪᠤᠷ ᠲᠤ ᠠᠵᠤ ᠠᠬᠤᠶᠢᠯᠠᠯ ᠠᠴᠠ | ᠳᠠᠷᠢᠶᠠᠨ ᠴᠢᠬᠢ ᠂ ᠮᠡᠷᠭᠡᠵᠢᠯ ᠂ ᠮᠠᠰᠢᠨ ᠳᠤᠨᠤᠬᠯᠠᠯ ᠂ ᠪᠣᠷᠤᠯᠠᠭᠤᠯᠭ᠎ᠠ ᠶᠢ ᠬᠠᠩᠭᠠᠨ᠎ᠠ᠂ ᠲᠡᠷᠡ ᠲᠣᠮᠣ ᠬᠦᠯᠡᠮᠵᠢ ᠳᠠᠷᠢᠭᠰᠠᠨ 7 ᠵᠢᠯ ᠤᠨ ᠲᠤᠷᠰᠢᠯᠭ᠎ᠠ ᠲᠠᠢ ᠂ ᠡᠨᠡᠬᠦ | ᠵᠠᠭᠪᠤᠷ ᠨᠢ ᠲᠡᠭᠦᠨ ᠤ ᠦᠵᠡᠬᠦ ᠪᠠᠷ︽ᠬᠤᠣᠰ ᠳᠠᠭᠠᠳᠬᠠᠯ︾ ᠳᠤ ᠣᠷᠣᠬᠰᠠᠨ ᠰᠢᠭ᠋ ᠪᠠᠶᠢᠵᠤ ᠂ ᠬᠤᠨᠵᠢᠬᠤ ᠠᠴᠠ ᠠᠯᠳᠠᠬᠤ ᠦᠭᠡᠢ ᠶᠤᠮ᠃ ᠡᠨᠡ ᠬᠤᠭᠤᠴᠠᠭᠠᠨ ᠳᠤ ᠂ | ᠲᠡᠭᠦᠨ ᠤ ᠳᠠᠷᠢᠬᠰᠠᠨ ᠨᠢᠭᠡ ᠬᠦᠯᠡᠮᠵᠢ ᠳᠠᠬᠢ ᠲᠥᠪᠡᠳ ᠬᠠᠰᠢ ᠨᠢ ᠤᠳᠠᠯ ᠦᠭᠡᠢ ᠪᠣᠯᠪᠠᠰᠤᠷᠠᠬᠤ ᠬᠤᠭᠤᠴᠠᠭᠠᠨ ᠳᠠᠭᠠᠨ ᠣᠷᠣᠬᠤ ᠭᠡᠵᠦ ᠪᠤᠢ ᠃ ︽ ᠡᠨᠡ ᠵᠢᠯ ᠤᠨ | ᠲᠥᠪᠡᠳ ᠬᠠᠰᠢ ᠶᠢᠨ ᠮᠦ ᠪᠦᠷᠢ ᠶᠢᠨ ᠤᠨᠠᠯᠲᠠ ᠪᠠᠷᠤᠭ ᠨᠢᠭᠡ ᠲᠦᠮᠡᠨ ᠵᠢᠩ ᠪᠣᠯᠣᠨ᠎ᠠ ᠂ ᠳᠠᠷᠠᠭ᠎ᠠ ᠤᠳᠠᠭ᠎ᠠ ᠪᠠᠰᠠ ᠠᠮᠲᠠᠲᠤ ᠬᠡᠮᠬᠡ ᠲᠠᠷᠢᠨ᠎ᠠ ᠂ ᠮᠢᠨᠤ ᠪᠤᠳᠤᠵᠤ | ᠦᠵᠡᠭᠰᠡᠨ ᠢᠶᠠᠷ ᠂ ᠵᠠᠷᠤᠳᠠᠯ ᠠᠴᠠ ᠭᠠᠳᠠᠨ᠎ᠠ ᠂ ᠨᠢᠭᠡ ᠬᠦᠯᠡᠮᠵᠢ ᠶᠢᠨ ᠴᠡᠪᠡᠷ ᠣᠷᠣᠯᠭ᠎ᠠ ᠬᠠᠮᠤᠭ ᠪᠠᠭ᠎ᠠ ᠳᠠᠭᠠᠨ 20 ᠲᠦᠮᠡ ᠪᠣᠯᠣᠨ᠎ᠠ ᠂ ᠳᠠᠷᠠᠭ᠎ᠠ ᠵᠢᠯ ᠳᠤ ᠪᠠᠰᠠ | ᠨᠢᠭᠡ ᠬᠦᠯᠡᠮᠵᠢ ᠶᠢ ᠳᠠᠭᠠᠭᠠᠴᠢᠯᠠᠵᠤ ᠂ ᠵᠥᠩ ᠲᠢᠶᠠᠨ ᠺᠣᠮᠫᠠᠨᠢ ᠲᠠᠢ ᠦᠷᠭᠦᠯᠵᠢᠯᠡᠨ ᠬᠠᠮᠲᠤᠷᠠᠨ ᠠᠵᠢᠯᠯᠠᠨ᠎ᠠ ᠭᠡᠳᠡᠭ ᠲᠤ ᠮᠠᠰᠢ ᠢᠲᠡᠭᠡᠯ ᠲᠠᠢ ᠪᠠᠶᠢᠨ᠎ᠠ ︾ ᠭᠡᠮᠡᠨ ᠵᠧᠦ | ᡁᠢ ᠢᠨᠢᠶᠡᠮᠰᠦᠭᠯᠡᠵᠦ ᠪᠤᠳᠤᠯᠭᠠᠰᠢᠷᠠᠨ ᠶᠠᠷᠢᠨ᠎ᠠ ᠃ | ᠳᠠᠷᠢᠶᠠᠴᠢᠨ ᠯᠢᠶᠠᠩ ᠮᠠᠨ ᠡᠾᠸᠤ ᠳᠦᠷᠦᠬᠦᠭᠡᠨ ᠳᠡᠭᠡᠨ ᠲᠠᠷᠢᠵᠤ ᠤᠷᠭᠤᠭᠤᠯᠬᠤ ᠲᠤᠷᠰᠢᠯᠭ᠎ᠠ ᠦᠭᠡᠢ ᠮᠥᠷᠲᠡᠭᠡᠨ ᠠᠵᠤ ᠠᠬᠤᠢ ᠶᠢᠨ ᠨᠥᠬᠦᠴᠡᠯ ᠨᠢ ᠴᠦ | ᠲᠡᠶᠢᠮᠦ ᠰᠠᠶᠢᠨ ᠪᠢᠰᠢ ᠪᠠᠶᠢᠪᠠ᠂ ᠲᠡᠭᠦᠨ ᠢ ᠵᠣᠭᠤᠰ ᠮᠥᠩᠭᠦ ᠲᠠᠢ ᠪᠤᠯᠭᠠᠬᠤ ᠮᠥᠷᠲᠡᠭᠡᠨ ᠮᠡᠷᠭᠡᠵᠢᠯ ᠡᠵᠡᠮᠰᠢᠬᠦᠯᠬᠦ ᠶᠢᠨ ᠲᠥᠯᠥᠭᠡ᠂ ᠠᠵᠤ ᠠᠬᠤᠶᠢᠯᠠᠯ ᠠᠴᠠ | ᠲᠡᠭᠦᠨ ᠳᠤ ᠬᠥᠳᠡᠯᠮᠦᠷᠢ ᠦᠢᠯᠡᠴᠢᠯᠡᠭᠡ ᠪᠠᠷ ᠬᠤᠪᠢ ᠣᠷᠣᠬᠤ ᠵᠠᠬᠪᠤᠷ ᠢ ᠬᠡᠷᠡᠭᠯᠡᠬᠦ ᠶᠢ ᠰᠠᠨᠠᠭᠤᠯᠵᠤ ᠂ ᠰᠠᠷ᠎ᠠ ᠪᠦᠷᠢ ᠲᠣᠭᠲᠠᠭᠰᠠᠨ ᠴᠠᠯᠢᠩ ᠲᠠᠢ ᠪᠠᠶᠢᠬᠤ ᠪᠠᠷ | ᠪᠠᠷᠠᠬᠤ ᠦᠭᠡᠢ᠂ ᠪᠠᠰᠠᠤᠨᠠᠯᠳᠠ ᠶᠢᠨ ᠬᠡᠮᠵᠢᠶ᠎ᠡ ᠶᠢ ᠨᠢ ᠦᠨᠳᠦᠰᠦᠯᠡᠨ ᠠᠰᠢᠭ ᠬᠤᠪᠢᠶᠠᠵᠤ ᠪᠣᠯᠣᠨ᠎ᠠ᠃ ︽ᠬᠤᠪᠢ ᠣᠷᠣᠭᠴᠢ︾ ᠪᠣᠯᠤᠭᠰᠠᠨ ᠴᠤ ᠪᠠᠰᠠ ᠠᠰᠢᠭ | ᠣᠷᠣᠯᠭ᠎ᠠ ᠬᠤᠪᠢᠶᠠᠵᠤ ᠪᠤᠯᠤᠨ᠎ᠠ᠂ ᠯᠢᠶᠠᠩ ᠮᠠᠨ ᠡᠾᠸᠤ ᠶᠢᠨ ᠴᠢᠷᠠᠢ ᠳᠤ ᠪᠠᠶᠠᠷ ᠤᠨ ᠮᠦᠰᠢᠶᠡᠳᠤ ᠳᠤᠳᠤᠷᠠᠨ᠎ᠠ᠃ | ᠣᠳᠣᠬᠢᠴᠢᠯᠠᠭᠰᠠᠨ ᠬᠦᠯᠡᠮᠵᠢ ᠨᠦᠭᠦᠳ ᠳᠠᠷᠢᠶᠠᠯᠠᠩ ᠤᠶᠢᠯᠡᠳᠪᠤᠷᠢᠯᠡᠯ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠴᠢᠨᠡᠭᠡᠯᠢᠭᠵᠢᠯ ᠤᠨ ᠵᠠᠮ ᠢ | ᠭᠡᠷᠡᠯᠳᠦᠬᠦᠯᠵᠦ ᠂ ᠰᠢᠨ᠎ᠡ ᠰᠣᠷᠭᠤᠭ ᠢᠳᠡᠰᠢᠨ ᠨᠣᠭᠤᠭ᠎ᠠ᠂ ᠵᠢᠮᠢᠰ ᠢᠶᠠᠷ ᠡᠪᠦᠯ ᠤᠨ ᠤᠯᠠᠷᠢᠯ ᠤᠨ︽ᠡᠯᠪᠡᠭ ᠬᠤᠷᠢᠶᠠᠯᠲᠠ ᠶᠢᠨ ᠪᠠᠶᠠᠵᠢᠯ ᠤᠨ ᠠᠶᠠᠰ︾ ᠢ ᠴᠢᠪᠬᠠᠳᠠᠨ᠎ᠠ᠃ | ᠣᠶᠢᠷ᠎ᠠ ᠶᠢᠨ ᠵᠢᠯ ᠤᠳ ᠠᠴᠠ᠂ ᠵᠡᠭᠦᠨᠭᠠᠷ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠠᠷᠠᠯᠲᠠ ᠪᠣᠯᠭᠠᠵᠤ᠂ ᠲᠦᠷᠦ ᠶᠢᠨ ᠪᠣᠳᠣᠯᠭ᠎ᠠ ᠪᠠᠷ | ᠬᠥᠲᠥᠯᠥᠨ ᠵᠢᠯᠤᠭᠤᠳᠬᠤ ᠂ ᠵᠠᠰᠠᠭ ᠤᠨ ᠣᠷᠳᠣᠨ ᠠᠴᠠ ᠠᠬᠢᠭᠤᠯᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ ᠤᠨ ᠬᠡᠷᠡᠭᠴᠡᠭᠡ ᠳᠤ | ᠰᠠᠭᠤᠷᠢᠯᠠᠨ ᠂ ᠣᠳᠣᠬᠢᠴᠢᠯᠠᠭᠰᠠᠨ ᠳᠠᠷᠢᠶᠠᠯᠠᠩ ᠤᠶᠢᠯᠡᠳᠪᠤᠷᠢᠯᠡᠯ ᠢ ᠶᠡᠬᠡᠪᠡᠷ ᠬᠥᠭᠵᠢᠭᠦᠯᠵᠦ ᠂ ᠲᠦᠷᠦ ᠶᠢᠨ ᠪᠣᠳᠣᠯᠭ᠎ᠠ ᠪᠠᠷ ᠲᠡᠳᠬᠦᠬᠦ ᠂ ᠵᠢᠱᠢᠶ᠎ᠡ ᠦᠵᠡᠭᠦᠯᠦᠨ | ᠳᠠᠶᠢᠴᠢᠯᠠᠬᠤ ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠢᠯᠡᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠴᠢᠳ ᠢ ᠬᠥᠲᠥᠯᠥᠨ ᠵᠢᠯᠤᠭᠤᠳᠴᠤ | ᠪᠠᠶᠢᠭᠠᠳ ᠴᠢᠨᠠᠷ ᠰᠠᠶᠢᠳᠠᠢ᠂ ᠥᠨᠳᠥᠷ ᠦᠷ᠎ᠡ ᠠᠰᠢᠭ ᠲᠠᠢ ᠳᠠᠷᠢᠶᠠᠯᠠᠩ ᠤᠶᠢᠯᠡᠳᠪᠤᠷᠢᠯᠡᠯ ᠤᠨ ᠬᠥᠭᠵᠢᠯᠲᠡ ᠶᠢᠨ ᠵᠠᠮ ᠢᠶᠠᠷ ᠵᠠᠮᠨᠠᠭᠤᠯᠵᠤ ᠂ ᠤᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠠ᠃ | |