| | ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠰᠢᠯᠢᠳᠡᠭᠤᠯᠠᠮᠵᠢᠯᠠᠯ ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠬᠦ ᠶᠢᠨ ᠳᠤᠰᠠᠳᠠ ᠂ 1 | ᠰᠠᠷ᠎ᠠ ᠶᠢᠨ 2 ᠤᠨ ᠡᠳᠦᠷ ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠨᠠᠷᠠᠰᠤᠨ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ | ᠤ ᠬᠠᠮᠳᠤ ᠠᠬᠤᠢ ᠳᠠᠯᠠᠪᠠᠢ ᠳᠤ ᠠᠯᠪᠠᠯᠠᠬᠤ ᠬᠤᠷᠠᠯ ᠬᠢᠵᠦ ᠂ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠴᠤ ᠂ ᠵᠦᠢᠯ ᠳᠠᠷᠠᠭᠠᠯᠠᠨ ᠬᠠᠷᠢᠭᠤᠯᠲᠠ ᠥᠭᠪᠡ ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠡᠷᠭᠢᠯᠡᠭᠰᠡᠨ ᠤ | ᠬᠠᠮᠳᠤ ᠶᠠᠷᠢᠶ᠎ᠠ ᠲᠠᠯᠪᠢᠵᠠᠢ ᠃ ᠯᠦ ᠵᠠᠨ ᠴᠢᠩ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠣᠷᠣᠯᠴᠠᠵᠠᠢ ᠃ | | ᠵᠢᠷᠤᠭ ᠄ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠰᠢᠯᠢᠳᠡᠭ ᠤᠯᠠᠮᠵᠢᠯᠠᠯ ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠬᠦ ᠶᠢᠨ ᠳᠤᠰᠠᠳᠠ ᠂ | 1 ᠰᠠᠷ᠎ᠠ ᠶᠢᠨ 2 ᠤᠨ ᠡᠳᠦᠷ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠨᠠᠷᠠᠰᠤᠨ ᠪᠠᠯᠭᠠᠰᠤᠨ ᠳᠤ ᠬᠦᠷᠴᠦ ᠢ ᠲᠠᠢ ᠶᠢᠨ ᠨᠠᠷᠢᠨ ᠰᠦᠮ᠎ᠠ | ᠦᠵᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠶᠢᠨ ᠳᠦᠷᠤᠯ ᠵᠤᠶᠢᠯ ᠢ ᠪᠠᠶᠢᠴᠠᠭᠠᠨ ᠰᠤᠳᠤᠯᠪᠠ ᠃ ᠾᠧ ᠽᠢ | ᠯᠦᠩ ᠰᠡᠭᠦᠳᠡᠷᠯᠡᠪᠡ | ᠰᠤ᠋ ᠰᠢᠨ ᠶᠠ ᠬᠡᠯᠡᠬᠦ ᠳᠡᠭᠡᠨ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠰᠢᠯᠢᠳᠡᠭ | ᠤᠯᠠᠮᠵᠢᠯᠠᠯ ᠢ ᠦᠢᠯᠡᠳᠦᠯᠭᠡᠵᠢᠭᠦᠯᠬᠦ ᠪᠠᠷ ᠠᠵᠠ ᠲᠣᠬᠢᠶᠠᠯ ᠪᠣᠯᠭᠠᠵᠤ ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ | ᠦᠨᠳᠦᠰᠦᠨ ᠱᠠᠲᠤᠨ ᠤ ᠬᠦᠴᠢᠷ ᠲᠦᠪᠡᠭᠲᠡᠢ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ ᠥᠭᠬᠦ ᠬᠡᠷᠡᠭᠲᠡᠢ ᠃ | ᠨᠠᠷᠠᠰᠤᠨ ᠪᠠᠯᠭᠠᠰᠤ ᠶᠢᠨ ᠬᠢᠨ ᠠᠮᠢ ᠠᠬᠤᠢ ᠶᠢᠨ ᠡᠨᠧᠷᠭᠢ ᠶᠢᠨ ᠴᠢᠬᠤᠯᠠ ᠪᠠᠯᠭᠠᠰᠤ ᠶᠢ ᠪᠦᠳᠤᠭᠡᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ | ᠶᠠᠭᠤ ᠬᠢᠬᠦ ᠂ ᠶᠠᠭᠤ ᠬᠢᠵᠦ ᠳᠡᠶᠢᠯᠬᠦ ᠂ ᠶᠠᠭᠤ ᠶᠢ ᠰᠠᠶᠢᠲᠤᠷ ᠬᠢᠵᠦ ᠳᠡᠶᠢᠯᠬᠦ ᠠᠰᠠᠭᠤᠳᠠᠯ ᠢ ᠲᠣᠳᠣᠷᠬᠠᠶᠢᠯᠠᠵᠤ ᠂ ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠪᠠᠨ | ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃ | ᠠᠵᠤ ᠠᠬᠤᠶᠢᠯᠠᠯ ᠪᠠ ᠣᠷᠣᠨ ᠨᠤᠲᠤᠭ ᠬᠠᠮᠲᠤᠪᠠᠷ ᠪᠠᠶᠢᠭᠤᠯᠬᠤ ᠪᠦᠬᠦ ᠤᠯᠤᠰ ᠤᠨ ᠦᠯᠢᠭᠡᠷ ᠳᠠᠭᠤᠷᠢᠶᠠᠯ ᠢ ᠰᠠᠶᠢᠲᠤᠷ ᠡᠭᠦᠳᠴᠦ ᠂ ᠬᠦᠴᠦᠨ ᠢᠶᠠᠨ | ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ ᠂ ︽ ᠬᠠᠪᠳᠠᠰᠤᠨ ᠳᠣᠣᠷᠠᠬᠢ ᠠᠵᠤ ᠠᠬᠤᠢ︾ ᠂ ᠦᠢᠯᠡᠴᠢᠯᠡᠭᠡᠨ ᠤ ᠲᠣᠭᠤᠷᠢᠭ ᠤᠨ ᠠᠵᠤ ᠠᠬᠤᠢ ᠶᠢ ᠰᠠᠶᠢᠲᠤᠷ | ᠬᠥᠭᠵᠢᠭᠦᠯᠵᠦ ᠂ ︽ᠲᠦᠷᠢᠶᠡᠰᠦᠨ ᠮᠥᠩᠭᠦ + ᠬᠤᠪᠢ ᠣᠷᠣᠭᠤᠯᠤᠭᠰᠠᠨ ᠮᠥᠩᠭᠦ + ᠬᠥᠯᠥᠰᠦᠨ ᠮᠥᠩᠭᠦ︾ ᠶᠢᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ | ᠠᠷᠭ᠎ᠠ ᠵᠠᠮ ᠢ ᠨᠡᠭᠡᠭᠡᠵᠤ ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠢ ᠰᠠᠶᠢᠲᠤᠷ ᠡᠭᠦᠳᠴᠦ᠂ ᠥᠨᠳᠥᠷ ᠭᠠᠷᠤᠭ᠎ᠠ ᠲᠠᠢ ᠪᠠᠷ | ᠲᠥᠯᠥᠪᠵᠢᠭᠦᠯᠤᠨ ᠂ ᠥᠨᠳᠥᠷ ᠵᠣᠭᠰᠣᠴᠠ ᠲᠠᠢ ᠪᠠᠷ ᠪᠠᠶᠢᠷᠢᠰᠢᠭᠤᠯᠵᠤ ᠂ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠂ ᠠᠮᠤᠷ ᠲᠦᠪᠰᠢᠨ ᠪᠠᠶᠢᠬᠤ ᠦᠶ᠎ᠡ ᠳᠡᠭᠡᠨ | ᠠᠶᠤᠯ ᠲᠦᠭᠰᠢᠭᠦᠷᠢ ᠶᠢ ᠪᠣᠳᠣᠯᠬᠢᠯᠠᠨ ᠂ ᠠᠯᠤᠰ ᠬᠡᠳᠦ ᠶᠢ ᠪᠣᠳᠣᠯᠬᠢᠯᠠᠵᠤ ᠂ ᠲᠥᠪᠯᠡᠷᠡᠨ ᠵᠠᠯᠭᠠᠯᠳᠤᠬᠤ ᠂ ᠠᠭᠤᠯᠠ ᠭᠠᠩᠭ᠎ᠠ ᠶᠢ ᠴᠡᠭᠴᠡᠯᠡᠨ ᠵᠠᠰᠠᠬᠤ ᠶᠢ ᠲᠦᠷᠭᠡᠨ | ᠠᠬᠢᠭᠤᠯᠵᠤ ᠂ ᠠᠮᠢ ᠠᠬᠤᠢ ᠶᠢᠨ ᠪᠣᠬᠢᠷᠲᠤᠯ ᠦᠭᠡᠢ᠂ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠶᠢ ᠲᠠᠯᠪᠢᠬᠤ ᠬᠡᠷᠡᠭᠲᠡᠢ᠃ | ᠠᠭᠤᠷᠬᠠᠢ ᠶᠢᠨ ᠣᠷᠣᠨ ᠤ ᠠᠶᠤᠯᠭᠦᠢ ᠦᠢᠯᠡᠳᠪᠦᠷᠢᠯᠡᠯ ᠤᠨ ᠦᠯᠢᠭᠡᠷ ᠳᠠᠭᠤᠷᠢᠶᠠᠯ ᠢ ᠰᠠᠶᠢᠲᠤᠷ ᠡᠭᠦᠳᠴᠦ ᠂ ᠠᠶᠤᠯᠭᠦᠢ ᠦᠢᠯᠡᠳᠪᠦᠷᠢᠯᠡᠯ ᠢ ᠪᠠᠶᠢᠴᠠᠭᠠᠵᠤ ᠬᠠᠯᠠᠨ | ᠰᠠᠶᠢᠵᠢᠷᠠᠭᠤᠯᠬᠤ ᠶᠢ ᠪᠠᠶᠢᠩᠭᠤᠵᠢᠭᠤᠯᠬᠤ ᠶᠢ ᠠᠬᠢᠭᠤᠯᠵᠤ ᠂ ᠦᠨᠡᠨᠬᠦ ᠪᠠᠶᠢᠴᠠᠭᠠᠬᠤ ᠂ ᠦᠨᠡᠨᠬᠦ ᠠᠳᠬᠤᠬᠤ ᠂ ᠦᠨᠡᠨᠬᠦ ᠬᠠᠯᠠᠨ ᠰᠠᠶᠢᠵᠢᠷᠠᠭᠤᠯᠬᠤ ᠶᠢ ᠪᠡᠶᠡᠯᠡᠭᠦᠯᠵᠦ ᠂ | ᠠᠷᠭ᠎ᠠ ᠪᠦᠬᠦᠨ ᠢ ᠰᠦᠪᠡᠭᠴᠢᠯᠡᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ | ᠠᠭᠤᠷᠬᠠᠢ ᠶᠢᠨ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠦᠯᠢᠭᠡᠷ ᠳᠠᠭᠤᠷᠢᠶᠠᠯ ᠢ ᠰᠠᠶᠢᠲᠤᠷ ᠪᠣᠶ ᠪᠣᠯᠭᠠᠵᠤ ᠂ ᠡᠯ᠎ᠡᠲ᠋ᠥ᠋ᠷᠥᠯ ᠤᠨ ᠵᠥᠷᠢᠴᠡᠯ | ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠵᠦ ᠂ ᠦᠨᠳᠦᠰᠦᠨ ᠱᠠᠲᠤᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠬᠡᠷᠡᠭᠲᠡᠢ ᠃ | | ᠵᠢᠷᠤᠭ ᠄ ︽ ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠰᠢᠯᠢᠳᠡᠭ ᠤᠯᠠᠮᠵᠢᠯᠠᠯ ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠬᠦ ᠶᠢᠨ ᠳᠤᠰᠠᠳᠠ ᠂ | 1 ᠰᠠᠷ᠎ᠠ ᠶᠢᠨ 2 ᠤᠨ ᠡᠳᠦᠷ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠨᠠᠷᠠᠰᠤᠨ ᠪᠠᠯᠭᠠᠰᠤᠨ ᠳᠤ ᠬᠦᠷᠴᠦ ᠪᠠᠯᠭᠠᠰᠤᠨ ᠤ ᠬᠠᠷᠢᠶᠠᠳᠤ ᠬᠠᠮᠲᠤ | ᠶᠢᠨ ᠠᠵᠤ ᠠᠬᠤᠶᠢᠯᠠᠯ ᠤᠨ ᠵᠢᠤᠢ ᠾᠧ ᠠᠵᠤ ᠦᠢᠯᠡᠰ ᠤᠨ ᠺᠣᠮᠫᠠᠨᠢ ᠶᠢᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ ᠃ ᠾᠧ ᠽᠢ ᠯᠦᠩ ᠰᠡᠭᠦᠳᠡᠷᠯᠡᠪᠡ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠨᠠᠷᠠᠰᠤᠨ ᠤ ᠬᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠠᠵᠤ ᠦᠢᠯᠡᠰ ᠤᠨ | ᠵᠢᠱᠢᠶ᠎ᠡ ᠦᠵᠡᠭᠦᠯᠬᠦ ᠲᠦᠷᠦᠯ ᠵᠦᠢᠯ ᠤᠨ ᠠᠬᠤᠢ ᠲᠠᠯᠠᠪᠠᠢ ᠂ ᠤᠷᠳᠤᠭᠤᠤᠯ ᠲᠣᠰᠬᠤᠨ ᠤ ᠵᠥᠪᠯᠡᠯ ᠂ ᠢ ᠲᠠᠢ ᠶᠢᠨ ᠨᠠᠷᠢᠨ ᠰᠦᠮ᠎ᠠ ᠶᠢᠨ ᠦᠵᠡᠮᠵᠢᠳᠤ ᠲᠠᠷᠢᠶᠠᠯᠠᠩ | ᠮᠠᠯ ᠠᠵᠤ ᠠᠬᠤᠢ ᠶᠢᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠤᠨ ᠠᠬᠤᠢ ᠲᠠᠯᠠᠪᠠᠢ ᠂ ᠪᠠᠯᠭᠠᠰᠤᠨ ᠤ ᠬᠠᠷᠢᠶᠠᠳᠤ ᠬᠠᠮᠲᠤ ᠶᠢᠨ ᠠᠵᠤ | ᠠᠬᠤᠶᠢᠯᠠᠯ ᠤᠨ ᠵᠢᠤᠢ ᠾᠧ ᠠᠵᠤ ᠦᠢᠯᠡᠰ ᠤᠨ ᠺᠣᠮᠫᠠᠨᠢ ᠳᠤ ᠬᠦᠷᠴᠦ ᠂ ᠲᠦᠷᠦᠯ ᠵᠦᠢᠯ ᠤᠨ ᠠᠬᠢᠴᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ | ᠭᠤᠣᠯ ᠰᠡᠳᠦᠪᠲᠦ ᠬᠥᠮᠦᠵᠢᠯ ᠢ ᠥᠷᠨᠢᠭᠦᠯᠵᠤ ᠪᠠᠶᠢᠭ᠎ᠠ ᠵᠢᠴᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠪᠤᠳᠠᠳᠤ ᠭᠠᠵᠠᠷ ᠲᠤᠨᠢ ᠣᠶᠢᠯᠠᠭᠠᠪᠠ᠃ | ᠡᠨᠡ ᠬᠤᠭᠤᠴᠠᠭᠠᠨ ᠳᠤ ᠂ ᠰᠤ᠋ ᠰᠢᠨ ᠶᠠ ᠪᠠᠰᠠ ᠵᠠᠬᠢᠳᠠᠯ ᠰᠣᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠠᠢ᠃ | |