| ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ 2 ᠤᠨ ᠡᠳᠦᠷ ᠤᠨ ᠮᠡᠳᠡᠭᠡ ᠶᠢ ᠦᠨᠳᠦᠰᠦᠯᠡᠪᠡᠯ ᠂ ᠳᠠᠭᠠᠳᠬᠠᠯ ᠤᠨ ᠦᠢᠯᠡᠰ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠢᠳᠡᠪᠬᠢᠲᠡᠢ ᠡᠭᠦᠷᠭᠡᠯᠡᠨ ᠳᠠᠭᠠᠭᠠᠵᠤ ᠂ ᠣᠳᠣᠬᠠᠨ ᠳᠤ 21 ᠳᠠᠭᠠᠳᠬᠠᠯ ᠤᠨ ᠺᠤᠮᠫᠠᠨᠢ | ᠪᠦᠭᠦ ᠤᠯᠤᠰ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠭᠦᠷᠭᠡᠯᠡᠨ ᠳᠠᠭᠠᠭᠠᠵᠤ ᠂ | 10 ᠵᠢᠯ ᠤᠨ ᠲᠤᠷᠰᠢ ᠨᠢᠭᠡᠨᠲᠡ 7000 ᠭᠠᠷᠤᠢ ᠲᠦᠮᠡᠨ ᠬᠥᠮᠥᠨ ᠳᠤ ᠲᠥᠯᠥᠪᠦᠷᠢ ᠥᠭᠴᠦ ᠂ ᠳᠠᠭᠠᠳᠬᠠᠯ ᠳᠤ ᠣᠷᠣᠯᠴᠠᠬᠰᠠᠨ ᠡᠪᠡᠳᠴᠢᠲᠡᠨ ᠤ ᠡᠮᠴᠢᠯᠡᠭᠡᠨ ᠤ | ᠶᠡᠬᠡᠩᠬᠢ ᠬᠡᠰᠡᠭ ᠤᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠪᠡ ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠥᠬᠦᠪᠦᠷᠢ ᠪᠣᠯᠤᠭᠰᠠᠨ ᠤ ᠬᠤᠪᠢ ᠳᠤ ᠂ | ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠨᠢ ᠣᠯᠠᠨ ᠲᠠᠰ ᠳᠠᠪᠬᠤᠷᠭ᠎ᠠ ᠶᠢᠨ ᠂ ᠣᠯᠠᠨ ᠶᠠᠩᠵᠤᠵᠢᠬᠰᠠᠨ ᠪᠠ ᠥᠪᠡᠷᠮᠢᠴᠡ ᠡᠷᠡᠭᠦᠯ ᠮᠡᠨᠳᠦ ᠶᠢᠨ | ᠪᠠᠲᠤᠯᠠᠭ᠎ᠠ ᠶᠢᠨ ᠬᠡᠷᠡᠭᠴᠡᠭᠡ ᠶᠢ ᠭᠤᠣᠯᠳᠠᠯᠭ᠎ᠠ ᠲᠠᠢ ᠬᠠᠩᠭᠠᠪᠠ ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠲᠠᠨᠢᠯᠴᠠᠭᠤᠯᠤᠭᠰᠠᠨ ᠢᠶᠠᠷ ᠂ | ᠣᠳᠣᠬᠠᠨ ᠳᠤ 170 ᠭᠠᠷᠤᠢ ᠳᠠᠭᠠᠳᠬᠠᠯ ᠤᠨ ᠺᠤᠮᠫᠠᠨᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠵᠦ ᠂ | 5000 ᠭᠠᠷᠤᠢ ᠲᠦᠷᠦᠯ ᠤᠨ ᠦᠢᠯᠡᠳᠬᠦᠨ ᠢ ᠪᠣᠷᠣᠯᠠᠭᠤᠯᠵᠤ ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠂ ᠡᠮ ᠡᠮᠨᠡᠯᠭᠡ ᠶᠢᠨ ᠦᠢᠯᠡᠴᠢᠯᠡᠭᠡ ᠂ | ᠦᠷᠡᠵᠢᠯ ᠤᠨ ᠪᠠᠲᠤᠯᠠᠭ᠎ᠠ ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠡᠯ᠎ᠡ ᠬᠦᠷᠢᠶ᠎ᠡ ᠴᠠᠷᠠᠭ᠎ᠠ ᠶᠢ ᠬᠠᠮᠤᠷᠴᠤ ᠂ ᠤᠤᠯ ᠤᠨ ᠳᠥᠭᠦᠮᠬᠡᠨ ᠢᠶᠠᠷ ᠡᠮ ᠡᠮᠨᠡᠯᠭᠡ ᠶᠢᠨ | ᠵᠠᠷᠤᠳᠠᠯ ᠢ ᠲᠠᠩᠰᠠ ᠴᠠᠶᠢᠷᠠᠭᠤᠯᠬᠤ ᠪᠠ ᠠᠵᠤ ᠠᠬᠤᠢ ᠶᠢᠨ ᠨᠥᠬᠦᠪᠦᠷᠢ ᠣᠯᠭᠤᠵᠤ ᠪᠠᠶᠢᠭᠰᠠᠨ ᠠᠴᠠ ᠪᠠᠨ ᠡᠪᠡᠳᠴᠢᠯᠡᠬᠦ ᠠᠴᠠ ᠡᠮᠦᠨᠡᠬᠢ ᠂ ᠡᠪᠡᠳᠴᠢᠯᠡᠭᠰᠡᠨ | ᠬᠤᠭᠤᠴᠠᠭᠠᠨ ᠳᠠᠬᠢ ᠪᠠ ᠡᠪᠡᠳᠴᠢᠨ ᠡᠳᠡᠭᠡᠷᠡᠭᠰᠡᠨ ᠠᠴᠠ ᠰᠡᠭᠦᠯᠡᠷᠬᠢ ᠶᠡᠷᠦᠩᠬᠡᠶᠢᠯᠡᠭᠰᠡᠨ ᠴᠢᠨᠠᠷᠲᠠᠢ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠠᠮᠢᠶᠠᠷᠤᠯᠲᠠ ᠲᠡᠶᠢᠰᠢ | ᠬᠥᠭᠵᠢᠵᠦ ᠂ ᠰᠢᠨ᠎ᠡ ᠦᠢᠯᠡᠳᠬᠦᠨ ᠤ ᠲᠥᠷᠥᠯ ᠭᠡᠯᠪᠡᠷᠢ ᠲᠠᠰᠤᠷᠠᠯᠲᠠ ᠦᠭᠡᠢ ᠣᠯᠠᠰᠢᠷᠠᠪᠠ ᠃ ᠲᠠᠨᠢᠯᠴᠠᠭᠤᠯᠤᠭᠰᠠᠨ ᠢᠶᠠᠷ ᠂ 2022 ᠣᠨ ᠤ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ ᠤᠨ ᠰᠦᠢᠳᠬᠡᠯ ᠤᠨ ᠣᠷᠣᠯᠭ᠎ᠠ 8653 ᠳ᠋ᠦᠩᠰᠢᠭᠤᠷ ᠲᠥᠭᠦᠷᠢᠭ ᠂ ᠲᠥᠯᠥᠪᠦᠷᠢ ᠥᠭᠭᠦᠭᠰᠡᠨ ᠵᠠᠷᠤᠯᠭ᠎ᠠ 3600 ᠳ᠋ᠦᠩᠰᠢᠭᠤᠷ | ᠲᠥᠭᠦᠷᠢᠭ ᠲᠤ ᠬᠦᠷᠴᠡᠢ ᠂ ᠡᠭᠦᠨ ᠤ ᠬᠠᠮᠲᠤ 1.6 ᠲᠦᠮᠡᠨ ᠳ᠋ᠦᠩᠰᠢᠭᠤᠷ ᠲᠥᠭᠦᠷᠢᠭ ᠤᠨ ᠣᠷᠳᠣ ᠬᠤᠭᠤᠴᠠᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ | ᠬᠠᠷᠢᠭᠤᠴᠠᠯᠭ᠎ᠠ ᠶᠢᠨ ᠪᠡᠯᠡᠳᠬᠡᠯ ᠮᠥᠩᠭᠦ ᠶᠢ ᠬᠤᠷᠠᠮᠳᠤᠭᠤᠯᠵᠤ ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ᠬᠤᠶᠢᠰᠢᠳᠠ ᠶᠢᠨ ᠰᠠᠨᠠᠭᠠᠰᠢᠷᠠᠯ ᠢ ᠪᠠᠭᠠᠰᠬᠠᠬᠤ ᠂ | ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ | ᠳᠦᠷᠢᠮ ᠤᠨ ᠲᠤᠷᠰᠢᠯᠲᠠ ᠶᠢᠨ ᠴᠡᠭ ᠢ ᠳᠡᠮᠵᠢᠬᠦ ᠲᠠᠯ᠎ᠠ ᠪᠠᠷ ᠂ 2022 ᠣᠨ ᠤ ᠡᠴᠦᠰ ᠪᠤᠯᠲᠠᠯ᠎ᠠ ᠨᠡᠶᠢᠲᠡ 31 ᠳᠠᠭᠠᠳᠬᠠᠯ ᠤᠨ ᠺᠤᠮᠫᠠᠨᠢ ᠤᠷᠢᠳ ᠬᠤᠵᠢᠳ | ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠣᠷᠣᠯᠴᠠᠪᠠ ᠃ ᠬᠠᠮᠢᠶ᠎ᠠ ᠪᠦᠬᠦᠢ | ᠰᠠᠯᠠᠭ᠎ᠠ ᠮᠥᠴᠢᠷ ᠨᠢ ᠬᠤᠳᠠᠯᠳᠤᠭᠠᠨ ᠤ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ ᠂ ᠭᠠᠶᠢᠯᠢ | ᠲᠤᠰᠢᠶᠠᠬᠤ ᠶᠢ ᠰᠢᠯᠢᠳᠡᠭᠵᠢᠭᠦᠯᠬᠦ ᠬᠡᠪᠴᠢᠶ᠎ᠡ ᠶᠢ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠠᠴᠠ ᠬᠤᠳᠠᠯᠳᠤᠭᠠᠨ ᠤ ᠣᠷᠳᠣ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠭᠦᠷᠲᠡᠯ᠎ᠡ ᠥᠷᠭᠡᠳᠬᠡᠬᠦ ᠶᠢᠨ ᠬᠠᠮᠲᠤ ᠂ ᠠᠮᠢ ᠨᠠᠰᠤᠨ ᠤ ᠳᠠᠭᠠᠳᠬᠠᠯ ᠤᠨ ᠲᠥᠯᠥᠬᠦ ᠬᠠᠷᠢᠭᠤᠴᠠᠯᠭ᠎ᠠ ᠬᠢᠭᠡᠳ ᠰᠤᠪᠢᠯᠠᠯᠲᠠ ᠳᠤ | ᠲᠥᠯᠥᠬᠦ ᠬᠠᠷᠢᠭᠤᠴᠠᠯᠭ᠎ᠠ ᠶᠢ ᠬᠤᠪᠢᠷᠠᠭᠤᠯᠬᠤ ᠲᠣᠭᠲᠠᠴᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠪᠡ ᠃ ︵ ᠰᠢᠨᠬᠤᠸᠠ ᠬᠤᠷᠢᠶ᠎ᠠ ᠶᠢᠨ ᠪᠡᠭᠡᠵᠢᠩ ᠤᠨ | 1 ᠰᠠᠷ᠎ᠠ ᠶᠢᠨ 2 ᠤᠨ ᠴᠠᠭᠢᠯᠭᠠᠨ ᠮᠡᠳᠡᠭᠡ ︶ | | |