| ᠡᠪᠦᠯ ᠤᠨ ᠠᠮᠠᠷᠠᠯᠲᠠ ᠬᠦᠷᠴᠦ ᠢᠷᠡᠯ᠎ᠡ ᠃ ᠵᠢᠯ ᠪᠦᠷᠢ ᠶᠢᠨ ᠡᠪᠦᠯ ᠤᠨ ᠠᠮᠠᠷᠠᠯᠲᠠ ᠪᠣᠯ ᠪᠠᠶᠠᠷ ᠭᠦᠷ ᠲᠠᠢ ᠪᠤᠯᠪᠠᠴᠤ ᠮᠥᠨ ᠬᠡᠦᠬᠡᠳ ᠤᠨ ᠰᠠᠨᠠᠭᠠᠨ ᠳᠤ ᠦᠭᠡᠢ | ᠭᠡᠮᠲᠦᠯ ᠣᠯᠠᠨ ᠡᠭᠦᠰᠬᠦ ᠬᠤᠭᠤᠴᠠᠭ᠎ᠠ ᠶᠤᠮ ᠂ ᠬᠡᠦᠬᠡᠳ ᠤᠨ ᠡᠷᠡᠭᠦᠯ ᠮᠡᠨᠳᠦ ᠶᠢᠨ ᠬᠥᠮᠦᠵᠢᠯ ᠂ ᠠᠮᠤᠷ ᠲᠦᠪᠰᠢᠨ ᠤ ᠤᠬᠠᠮᠰᠠᠷ ᠤᠨ ᠬᠥᠮᠦᠵᠢᠯ ᠢ | ᠴᠢᠩᠭᠠᠳᠬᠠᠬᠤ ᠨᠢ ᠲᠦᠢᠯ ᠤᠨ ᠴᠢᠬᠤᠯᠠ ᠶᠤᠮ ᠃ ᠬᠡᠦᠬᠡᠳ ᠤᠨ ᠠᠮᠤᠷ ᠲᠦᠪᠰᠢᠨ ᠳᠤ ᠪᠠᠭ᠎ᠠ ᠤᠴᠢᠷ ᠦᠭᠡᠢ ᠂ ᠪᠠᠭᠰᠢ ᠨᠠᠷ ᠂ ᠭᠡᠷ ᠤᠨ ᠠᠬᠠᠮᠠᠳ ᠡᠳᠡᠭᠡᠷ ᠠᠮᠤᠷ | ᠲᠦᠪᠰᠢᠨ ᠤ ᠰᠠᠨᠠᠭᠤᠯᠤᠮᠵᠢ ᠶᠢ ᠬᠡᠦᠬᠡᠳ ᠲᠤ ᠪᠠᠨ ᠶᠠᠷᠢᠵᠤ ᠥᠭᠭᠦᠭᠡᠷᠡᠢ ᠃ ᠡᠪᠦᠯ ᠤᠨ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ︵ ᠨᠢᠭᠡ ︶ ︽ | ᠭᠠᠳᠠᠭᠰᠢ ᠭᠠᠷᠪᠠᠯ ᠠᠮᠤᠷ ᠲᠦᠪᠰᠢᠨ ᠢ ᠪᠠᠲᠤᠯᠠᠶ᠎ᠠ ︾ ᠡᠪᠦᠯ ᠤᠨ ᠠᠮᠠᠷᠠᠯᠲᠠ ᠬᠦᠷᠴᠦ ᠢᠷᠡᠯ᠎ᠡ ᠂ ᠣᠯᠠᠨ ᠢᠶᠠᠷ ᠢᠶᠠᠨ ᠠᠮᠠᠷᠠᠯᠲᠠ ᠶᠢᠨ ᠬᠤᠭᠤᠴᠠᠭ᠎ᠠ ᠪᠠᠨ ᠡᠳ᠋ᠯᠡᠬᠦ ᠶᠢᠨ | ᠬᠠᠮᠲᠤ ᠠᠮᠤᠷ ᠲᠦᠪᠰᠢᠨ ᠤ ᠠᠰᠠᠭᠤᠳᠠᠯ ᠢ ᠴᠤ ᠣᠮᠲᠣᠭᠠᠶᠢᠯᠠᠵᠤ ᠪᠤᠯᠬᠤ ᠦᠭᠡᠢ ᠃ ᠨᠢᠭᠡ ᠳᠤ ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠢᠴᠢ ᠠᠮᠤᠷ | ᠲᠦᠪᠰᠢᠨ ᠤ ᠰᠡᠷᠡᠮᠵᠢᠯᠡᠭᠦᠯᠭᠦ ᠮᠡᠳᠡᠭᠡ ᠵᠠᠩᠭᠢ ᠶᠢ ᠠᠩᠬᠠᠷᠴᠤ ᠂ ᠠᠮᠤᠷ ᠲᠦᠪᠰᠢᠨ ᠤ ᠮᠡᠳᠡᠯᠭᠡ ᠶᠢ ᠰᠤᠷᠤᠯᠴᠠᠨ ᠂ ᠭᠠᠳᠠᠭᠰᠢ ᠶᠠᠪᠤᠬᠤ ᠠᠴᠠ ᠪᠠᠨ ᠡᠮᠦᠨ᠎ᠡ ᠴᠢᠬᠤᠯᠠ | ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ ᠂ ᠭᠡᠷ ᠤᠨ ᠠᠬᠠᠮᠠᠳ ᠲᠤ ᠪᠠᠨ ᠥᠪᠡᠷ ᠤᠨ ᠬᠠᠮᠢᠭ᠎ᠠ ᠶᠠᠪᠤᠭᠰᠠᠨ ᠂ ᠬᠠᠨᠢ ᠨᠥᠬᠦᠳ ᠪᠠ ᠪᠤᠴᠠᠵᠤ ᠢᠷᠡᠬᠦ ᠴᠠᠭ ᠢᠶᠠᠨ | ᠰᠠᠨᠠᠭᠠᠴᠢᠯᠠᠭ᠎ᠠ ᠠᠴᠠ ᠪᠠᠨ ᠬᠡᠯᠡᠵᠦ ᠥᠭᠬᠦ ᠬᠡᠷᠡᠭᠲᠡᠢ ᠃ ᠬᠤᠶᠠᠷ ᠲᠤ ᠂ ᠬᠥᠪᠥᠩ ᠱᠠᠬᠠᠢ ᠂ ᠬᠥᠪᠥᠩ ᠣᠶᠢᠮᠤᠰᠤ ᠪᠠᠨ ᠰᠠᠶᠢᠨ ᠡᠮᠦᠰᠴᠦ ᠂ ᠭᠠᠳᠠᠭᠰᠢ ᠭᠠᠷᠪᠠᠯ ᠪᠡᠭᠡᠯᠡᠢ ᠂ | ᠮᠠᠯᠠᠭᠠᠢ ᠂ ᠬᠦᠵᠦᠭᠦᠨ ᠤ ᠣᠷᠢᠶᠠᠯᠲᠠ ᠵᠡᠭᠦᠵᠦ ᠂ ᠳᠠᠭᠠᠷᠠᠬᠤ ᠂ ᠭᠠᠷ ᠬᠥᠯ ᠢᠶᠠᠨ ᠬᠥᠯᠳᠡᠭᠡᠬᠦ ᠂ ᠬᠢᠮᠤᠷᠠᠬᠤ ᠠᠴᠠ ᠬᠢᠴᠢᠶᠡᠬᠦ ᠬᠡᠷᠡᠭᠲᠡᠢ ᠃ ᠴᠢᠬᠢ ᠬᠠᠮᠠᠷ ᠭᠠᠷ ᠢᠶᠠᠨ | ᠤᠷᠲᠤ ᠬᠤᠭᠤᠴᠠᠭ᠎ᠠ ᠪᠠᠷ ᠭᠠᠳᠠᠨ᠎ᠠ ᠭᠠᠷᠭᠠᠵᠤ ᠪᠤᠯᠬᠤ ᠦᠭᠡᠢ ᠃ ᠭᠤᠷᠪᠠ ᠳᠤ ᠂ ᠪᠣᠷᠣᠭᠠᠨ ᠴᠠᠰᠤ ᠲᠠᠢ ᠡᠳᠦᠷ ᠠᠯᠭᠤᠷ ᠶᠠᠪᠤᠬᠤ ᠬᠡᠷᠡᠭᠲᠡᠢ ᠂ ᠵᠠᠮ ᠤᠨ ᠪᠠᠶᠢᠳᠠᠯ | ᠲᠣᠳᠣᠷᠬᠠᠢ ᠦᠭᠡᠢ ᠵᠠᠮ ᠢᠶᠠᠷ ᠶᠠᠪᠤᠬᠤ ᠦᠭᠡᠢ ᠃ ᠶᠡᠭᠡ ᠮᠠᠨᠠᠨ ᠂ ᠪᠣᠷᠣᠭᠠᠨ ᠴᠠᠰᠤ ᠵᠡᠷᠭᠡ ᠴᠠᠭ ᠠᠭᠤᠷ ᠲᠣᠬᠢᠶᠠᠯᠳᠤᠪᠠᠯ ᠭᠠᠳᠠᠭᠰᠢ ᠭᠠᠷᠬᠤ ᠪᠠᠨ ᠬᠤᠶᠢᠰᠢᠯᠠᠭᠤᠯᠵᠤ ᠂ | ᠠᠮᠤᠷ ᠲᠦᠪᠰᠢᠨ ᠢ ᠠᠩᠬᠠᠷᠬᠤ ᠬᠡᠷᠡᠭᠲᠡᠢ ᠃ ᠳᠥᠷᠪᠡ ᠳᠤ ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ ᠃ ᠣᠯᠠᠨ ᠨᠡᠶᠢᠲᠡ ᠶᠢᠨ | ᠲᠠᠯᠠᠪᠤᠷ ᠲᠤ ᠣᠴᠢᠬᠤ ᠳᠤ ᠶᠠᠭᠤᠨ ᠤ ᠡᠮᠦᠨ᠎ᠡ ᠠᠮᠤᠷ ᠲᠦᠪᠰᠢᠨ ᠤ ᠡᠭᠦᠳᠡ ᠶᠢ ᠠᠩᠬᠠᠷᠤᠨ ᠠᠵᠢᠭᠯᠠᠵᠤ ᠂ ᠡᠮᠬᠢ ᠵᠢᠷᠤᠮ ᠢ ᠳᠠᠭᠠᠵᠦ ᠂ ᠰᠢᠬᠠᠯᠳᠤᠬᠤ ᠦᠭᠡᠢ ᠂ | ᠵᠢᠯᠣᠭᠤᠳᠤᠯᠭ᠎ᠠ ᠶᠣᠰᠣᠭᠠᠷ ᠶᠠᠪᠤᠵᠤ ᠂ ᠭᠢᠰᠬᠢᠳᠡᠯ ᠤᠨ ᠬᠡᠷᠡᠭ ᠠᠴᠠ ᠵᠠᠶᠢᠯᠠᠰᠬᠢᠬᠦ ᠬᠡᠷᠡᠭᠲᠡᠢ ᠃ ᠲᠠᠪᠤ ᠳᠤ ᠂ ᠤᠰᠤᠨ ᠤ ᠬᠥᠪᠡᠭᠡᠨ ᠳᠤ ᠳᠤᠷ᠎ᠠ ᠪᠠᠷ ᠢᠶᠠᠨ ᠣᠴᠢᠵᠤ | ᠨᠠᠭᠠᠳᠬᠤ ᠦᠭᠡᠢ ᠂ ᠡᠵᠡᠭᠦᠢ ᠭᠤᠣᠯ ᠳᠡᠭᠡᠷ᠎ᠡ ᠮᠥᠰᠥ ᠲᠡᠰᠢᠬᠦ ᠦᠭᠡᠢ ᠃ ᠬᠠᠨᠢ ᠬᠠᠮᠰᠠᠭᠠᠲᠠᠨ ᠤ ᠤᠰᠤᠨ ᠳᠤ ᠵᠢᠪᠦᠭᠰᠡᠨ ᠢ ᠣᠯᠵᠤ ᠮᠡᠳᠡᠪᠡᠯ ᠲᠡᠷᠡ ᠳᠠᠷᠤᠢ ᠳᠤᠨᠢ | ᠨᠠᠰᠤᠨ ᠳᠤ ᠭᠦᠷᠦᠭᠰᠡᠳ ᠤᠨ ᠬᠠᠪᠰᠤᠷᠤᠯᠭ᠎ᠠ ᠶᠢ ᠡᠷᠢᠵᠦ ᠂ 110 ᠂ 120 ᠤᠲᠠᠰᠤ ᠪᠠᠷ ᠴᠠᠭᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠨ᠎ᠠ ᠃ ᠵᠢᠷᠭᠤᠭ᠎ᠠ ᠳᠤ ᠂ | ᠡᠪᠦᠯ ᠤᠨ ᠠᠮᠠᠷᠠᠯᠲᠠ ᠶᠢᠨ ᠭᠠᠵᠠᠷ ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠣᠷᠤᠯᠴᠠᠬᠤ ᠳᠤ ᠵᠣᠬᠢᠶᠠᠨ | ᠪᠠᠶᠢᠭᠤᠯᠤᠭᠴᠢ ᠂ ᠠᠭᠤᠯᠭ᠎ᠠ ᠂ ᠵᠠᠮ ᠱᠤᠭᠤᠮ ᠂ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ ᠣᠶᠢᠯᠠᠭᠠᠨ ᠮᠡᠳᠡᠵᠦ ᠂ ᠬᠠᠤᠯᠢ ᠳᠤ ᠨᠡᠶᠢᠴᠡᠬᠦ ᠦᠭᠡᠢ ᠂ ᠠᠮᠤᠷ | ᠲᠦᠪᠰᠢᠨ ᠪᠤᠰᠤ ᠠᠵᠢᠯᠯᠠᠭ᠎ᠠ ᠳᠤ ᠣᠷᠤᠯᠴᠠᠬᠤ ᠦᠭᠡᠢ ᠃ ᠳᠣᠯᠤᠭ᠎ᠠ ᠳᠤ ᠂ ᠠᠶᠤᠯᠲᠤ ᠲᠣᠭᠯᠠᠭᠠᠮ ᠠᠴᠠ ᠵᠠᠶᠢᠳᠠᠵᠤ ᠂ ᠠᠮᠤᠷ ᠲᠦᠪᠰᠢᠨ ᠤ ᠬᠠᠮᠠᠭᠠᠯᠠᠬᠤ | ᠪᠠᠭᠠᠵᠢ ᠪᠠᠨ ᠰᠠᠶᠢᠲᠤᠷ ᠵᠡᠭᠦᠵᠦ ᠂ ᠨᠠᠶᠢᠵᠠ ᠨᠠᠷ ᠲᠠᠢ ᠪᠠᠨ ᠨᠠᠭᠠᠳᠬᠤ ᠳᠠᠭᠠᠨ ᠨᠠᠶᠢᠷ ᠲᠠᠯᠪᠢᠬᠤ ᠶᠢ ᠰᠤᠷᠴᠤ ᠂ ᠠᠮᠤᠷ ᠲᠦᠪᠰᠢᠨ ᠢ ᠠᠩᠬᠠᠷᠬᠤ ᠬᠡᠷᠡᠭᠲᠡᠢ ᠃ | ᠨᠠᠢᠮᠠ ᠳᠤ ᠂ ᠲᠣᠭᠲᠠᠭᠰᠠᠨ ᠴᠠᠭ ᠪᠠ ᠭᠠᠵᠠᠷ ᠲᠤ ᠂ ᠲᠣᠮᠣ ᠬᠥᠮᠥᠰ ᠤᠨ ᠪᠠᠷ᠎ᠠ ᠪᠤᠯᠣᠯᠭ᠎ᠠ ᠳᠣᠣᠷ᠎ᠠ ᠠᠮᠤᠷ ᠲᠦᠪᠰᠢᠨ ᠂ ᠣᠷᠴᠢᠨ ᠠᠬᠤᠢ ᠶᠢ ᠬᠠᠮᠠᠭᠠᠯᠠᠬᠤ ᠬᠤᠸᠠᠷ | ᠫᠤᠤᠵᠢᠩ ᠢ ᠣᠷᠣᠯᠠᠭᠤᠯᠬᠤ ᠴᠢᠨᠠᠷᠲᠠᠢ ᠦᠢᠯᠡᠳᠬᠦᠨ ᠢ ᠬᠡᠷᠡᠭᠯᠡᠨ᠎ᠡ ᠃ ᠡᠪᠦᠯ ᠤᠨ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ︵ ᠬᠤᠶᠠᠷ ︶ ︽ ᠠᠮᠤᠷ | ᠲᠦᠪᠰᠢᠨ ᠪᠠᠶᠠᠷ ᠭᠦᠷ ᠲᠠᠢ ᠪᠠᠷ ᠪᠠᠶᠠᠷ ᠤᠨ ᠡᠳᠦᠷ ᠢᠶᠠᠨ ᠪᠡᠯᠭᠡᠯᠡᠶ᠎ᠡ ︾ ᠡᠪᠦᠯ ᠤᠨ ᠠᠮᠠᠷᠠᠯᠲᠠ ᠶᠢ ᠠᠮᠤᠷ ᠲᠦᠪᠰᠢᠨ ᠥᠩᠭᠡᠷᠡᠭᠦᠯᠵᠦ ᠂ ᠪᠠᠶᠠᠷ ᠭᠦᠷ ᠲᠠᠢ ᠪᠠᠷ | ᠰᠢᠨ᠎ᠡ ᠵᠢᠯ ᠢᠶᠠᠨ ᠤᠭᠲᠤᠶ᠎ᠠ ᠃ ᠨᠢᠭᠡ ᠳᠤ ᠂ ᠲᠠᠸᠠᠷ ᠤᠨ ᠪᠣᠭᠤᠳᠠᠯ ᠪᠠᠭᠯᠠᠭ᠎ᠠ ᠂ ᠢᠯᠵᠢᠷᠡᠬᠦ ᠶᠢ ᠰᠡᠷᠭᠡᠶᠢᠯᠡᠬᠦ ᠡᠳ᠋ ᠂ ᠬᠠᠲᠠᠭᠠᠬᠴᠢ ᠡᠳ᠋ ᠵᠡᠷᠭᠡ ᠠᠮᠠᠷᠬᠠᠨ ᠰᠢᠲᠠᠬᠤ | ᠠᠮᠠᠷᠬᠠᠨ ᠳᠡᠯᠪᠡᠷᠡᠬᠦ ᠪᠤᠶᠤ ᠬᠤᠣᠷᠲᠤ ᠪᠣᠳᠠᠰ ᠢ ᠨᠠᠭᠠᠳᠬᠤ ᠦᠭᠡᠢ ᠂ ᠨᠡᠭᠦᠷᠡᠰᠦᠨ ᠴᠠᠭᠢᠯᠭᠠᠨ ᠬᠡᠷᠡᠭᠰᠡᠯ ᠵᠢᠴᠢ ᠡᠯ᠎ᠡ ᠲᠥᠷᠥᠯ ᠤᠨ ᠭᠡᠷ ᠤᠨ ᠴᠠᠭᠢᠯᠭᠠᠨ ᠬᠡᠷᠡᠭᠰᠡᠯ ᠢ | ᠵᠥᠪ ᠬᠡᠷᠡᠭᠯᠡᠨ᠎ᠡ ᠃ ᠬᠤᠶᠠᠷ ᠲᠤ ᠂ ᠨᠣᠴᠣᠭᠠᠭᠤᠷ ᠂ ᠴᠦᠢᠳᠧᠩ ᠢᠶᠠᠷ ᠨᠠᠭᠠᠳᠴᠤ ᠪᠤᠯᠬᠤ ᠦᠭᠡᠢ ᠂ ᠨᠣᠴᠣᠮᠠᠲᠠᠭᠠᠢ ᠳᠡᠯᠪᠡᠷᠡᠮᠡᠲᠡᠭᠡᠢ ᠵᠡᠷᠭᠡ ᠠᠶᠤᠯᠲᠤ ᠪᠣᠳᠠᠰ ᠲᠠᠢ | ᠣᠶᠢᠷᠠᠳᠴᠤ ᠪᠤᠯᠬᠤ ᠦᠭᠡᠢ ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ᠃ ᠭᠤᠷᠪᠠ ᠳᠤ ᠂ ᠭᠠᠭᠴᠠᠭᠠᠷ ᠢᠶᠠᠨ ᠫᠤᠤᠵᠢᠩ ᠪᠤᠶᠤ ᠬᠤᠸᠠᠷ | ᠫᠤᠤᠵᠢᠩ ᠲᠠᠯᠪᠢᠬᠤ ᠦᠭᠡᠢ ᠂ ᠨᠣᠴᠣᠵᠤ ᠪᠠᠶᠢᠭ᠎ᠠ ᠫᠤᠤᠵᠢᠩ ᠪᠠ ᠬᠤᠸᠠᠷ ᠫᠤᠤᠵᠢᠩ ᠠᠴᠠ ᠬᠤᠯᠠ ᠵᠠᠶᠢᠳᠠᠭᠤ ᠪᠠᠶᠢᠬᠤ ᠬᠡᠷᠡᠭᠲᠡᠢ ᠃ ᠳᠥᠷᠪᠡ ᠳᠤ ᠂ ᠠᠶᠤᠯᠲᠤ ᠪᠣᠳᠠᠰ | ᠪᠠ ᠠᠶᠤᠯᠲᠠᠢ ᠲᠠᠯᠠᠪᠤᠷ ᠠᠴᠠ ᠬᠤᠯᠠ ᠪᠠᠶᠢᠬᠤ ᠬᠡᠷᠡᠭᠲᠡᠢ ᠂ ᠵᠢᠱᠢᠶᠡᠯᠡᠪᠡᠯ ᠬᠤᠷᠴᠠ ᠦᠵᠦᠭᠦᠷ ᠲᠠᠢ ᠰᠢᠷᠡᠭᠡ ᠰᠠᠨᠳᠠᠯᠢ ᠂ ᠬᠤᠷᠭᠤ ᠵᠡᠷᠭᠡ ᠠᠮᠢᠳᠤᠷᠠᠯ ᠤᠨ | ᠬᠡᠷᠡᠭᠰᠡᠯ ᠠᠴᠠ ᠬᠤᠯᠠ ᠪᠠᠶᠢᠬᠤ ᠬᠡᠷᠡᠭᠲᠡᠢ ᠃ ᠴᠣᠩᠬᠤᠨ ᠳᠡᠷᠭᠡᠳᠡ ᠨᠠᠭᠠᠳᠴᠤ ᠪᠤᠯᠬᠤ ᠦᠭᠡᠢ ᠂ ᠨᠠᠩ ᠴᠤ ᠪᠡᠶ᠎ᠡ ᠪᠠᠨ ᠴᠣᠩᠬᠤᠨ ᠭᠠᠳᠠᠨ᠎ᠠ ᠭᠠᠷᠭᠠᠵᠤ ᠪᠤᠯᠬᠤ | ᠦᠭᠡᠢ ᠃ ᠲᠠᠪᠤ ᠳᠤ ᠂ ᠫᠤᠤᠵᠢᠩ ᠢ ᠲᠣᠰᠣ ᠨᠡᠮᠡᠬᠦ ᠥᠷᠲᠡᠭᠡ ᠂ ᠵᠦᠯᠭᠡ ᠵᠡᠷᠭᠡ ᠨᠣᠴᠣᠮᠠᠲᠠᠭᠠᠢ ᠳᠡᠯᠪᠡᠷᠡᠮᠡᠲᠡᠭᠡᠢ ᠲᠠᠯᠠᠪᠤᠷ ᠵᠦᠭ ᠰᠢᠳᠡᠵᠦ ᠪᠤᠯᠬᠤ ᠦᠭᠡᠢ ᠃ | ᠵᠢᠷᠭᠤᠭ᠎ᠠ ᠳᠤ ᠂ ᠰᠢᠨᠵᠢᠯᠡᠬᠦ ᠤᠬᠠᠭᠠᠨᠴᠢ ᠪᠠᠷ ᠢᠳᠡᠭᠡᠨ ᠤᠮᠳᠠᠭᠠᠨ ᠢᠳᠡᠬᠦ ᠬᠡᠷᠡᠭᠲᠡᠢ ᠂ ᠬᠡᠲᠦᠷᠡᠲᠡᠯ᠎ᠡ ᠢᠳᠡᠵᠦ ᠤᠤᠭᠤᠬᠤ ᠦᠭᠡᠢ ᠂ ᠬᠤᠭᠤᠯᠠ ᠭᠤᠯᠣᠬᠤ ᠦᠭᠡᠢ ᠂ | ᠰᠢᠬᠢᠷᠯᠢᠭ ᠳᠠᠪᠤᠰᠤ ᠲᠠᠢ ᠲᠣᠰᠣᠨ ᠳᠤ ᠰᠢᠷᠠᠭᠰᠠᠨ ᠢᠳᠡᠭᠡᠨ ᠢ ᠬᠡᠲᠦᠷᠡᠲᠡᠯ᠎ᠡ ᠢᠳᠡᠬᠦ ᠦᠭᠡᠢ ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ ᠢ ᠢᠳᠡᠬᠦ ᠦᠭᠡᠢ ᠂ | ᠦᠨᠡᠮᠯᠡᠯ ᠦᠭᠡᠢ ᠪᠠᠷ ᠡᠵᠡᠩᠨᠡᠭᠰᠡᠨ ᠪᠠ ᠶᠠᠰᠤ ᠴᠢᠨᠠᠷ ᠤᠨ ᠪᠠᠲᠤᠯᠠᠭ᠎ᠠ ᠦᠭᠡᠢ ᠢᠳᠡᠭᠡᠨ ᠢ ᠬᠤᠳᠠᠯᠳᠤᠨ ᠠᠪᠬᠤ ᠦᠭᠡᠢ ᠃ ᠳᠣᠯᠤᠭ᠎ᠠ ᠳᠤ ᠂ ᠭᠠᠷ ᠤᠲᠠᠰᠤ ᠂ | ᠰᠦᠯᠵᠢᠶᠡᠨ ᠳᠤ ᠰᠢᠨᠤᠬᠤ ᠦᠭᠡᠢ ᠂ ᠱᠠᠯᠢᠭ ᠵᠠᠪᠬᠠᠢ ᠬᠦᠴᠦᠷᠬᠡᠭᠯᠡᠯ ᠤᠨ ᠲᠣᠭᠯᠠᠭᠠᠮ ᠨᠠᠭᠠᠳᠬᠤ ᠦᠭᠡᠢ ᠂ ᠪᠦᠬᠦᠯᠢ 18 ᠨᠠᠰᠤ ᠭᠦᠷᠦᠭᠡᠳᠦᠢ ᠪᠣᠯ ᠨᠠᠰᠤᠨ ᠳᠤ | ᠥᠯᠥ ᠭᠦᠷᠦᠭᠰᠡᠳ ᠣᠷᠣᠬᠤ ᠶᠢ ᠴᠠᠭᠠᠵᠠᠯᠠᠭᠰᠠᠨ ᠵᠤᠭ᠎ᠠ ᠴᠡᠩᠭᠡᠯ ᠤᠨ ᠭᠠᠵᠠᠷ ᠲᠤ ᠣᠴᠢᠬᠤ ᠦᠭᠡᠢ ᠃ ᠨᠠᠢᠮᠠ ᠳᠤ ᠂ ᠴᠠᠭᠢᠯᠭᠠᠨ ᠬᠤᠯᠪᠤᠭ᠎ᠠ ᠰᠦᠯᠵᠢᠶᠡᠨ ᠤ | ᠮᠡᠬᠡᠯᠡᠯ ᠢ ᠰᠡᠷᠭᠡᠶᠢᠯᠡᠵᠦ ᠂ ᠰᠦᠯᠵᠢᠶᠡᠨ ᠤ ᠮᠡᠳᠡᠭᠡ ᠵᠠᠩᠭᠢ ᠶᠢ ᠠᠮᠠᠷᠬᠠᠨ ᠢᠲᠡᠭᠡᠬᠦ ᠦᠭᠡᠢ ᠂ ᠴᠤᠤᠷᠬᠠᠯ ᠲᠠᠷᠬᠠᠭᠠᠬᠤ ᠦᠭᠡᠢ ᠂ ᠲᠠᠨᠢᠯ ᠪᠤᠰᠤ ᠰᠦᠯᠵᠢᠶᠡᠨ | ᠠᠨᠳᠠ ᠲᠠᠢ ᠠᠭᠤᠯᠵᠠᠬᠤ ᠦᠭᠡᠢ ᠃ ᠡᠪᠦᠯ ᠤᠨ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ︵ ᠭᠤᠷᠪᠠ ︶ ︽ ᠬᠤᠪᠢ ᠪᠡᠶ᠎ᠡ ᠶᠢᠨ ᠬᠠᠮᠢᠶᠠᠷᠤᠯᠲᠠ ᠪᠠᠨ | ᠰᠠᠶᠢᠲᠤᠷ ᠭᠢᠶ᠎ᠠ ︾ ᠡᠷᠡᠭᠦᠯ ᠮᠡᠨᠳᠦ ᠂ ᠤᠳᠬ᠎ᠠ ᠠᠭᠤᠯᠭ᠎ᠠ ᠲᠠᠢ ᠠᠮᠠᠷᠠᠯᠲᠠ ᠶᠢ ᠬᠡᠷᠬᠢᠨ ᠥᠩᠭᠡᠷᠡᠭᠦᠯᠬᠦ ᠪᠤᠢ ︖ ᠡᠨᠡ ᠬᠦ ᠬᠤᠪᠢ ᠪᠡᠶ᠎ᠡ ᠶᠢᠨ ᠬᠠᠮᠢᠶᠠᠷᠤᠯᠲᠠ ᠶᠢᠨ | ᠰᠠᠨᠠᠭᠤᠯᠤᠮᠵᠢ ᠶᠢ ᠬᠢᠨᠠᠮᠠᠭᠠᠢ ᠴᠡᠭᠡᠵᠢᠯᠡᠭᠡᠷᠡᠢ ᠃ ᠨᠢᠭᠡ ᠳᠤ ᠂ ᠠᠵᠢᠯᠯᠠᠵᠤ ᠠᠮᠠᠷᠠᠬᠤ ᠪᠠᠨ ᠡᠮᠬᠢ ᠵᠢᠷᠤᠮ ᠲᠠᠢ ᠪᠠᠶᠢᠯᠭᠠᠵᠤ ᠂ ᠡᠷᠲᠡ ᠤᠨᠲᠠᠵᠤ ᠡᠷᠲᠡ ᠪᠤᠰᠬᠤ ᠬᠡᠷᠡᠭᠲᠡᠢ ᠃ | ᠪᠠᠭ᠎ᠠ ᠰᠤᠷᠭᠠᠭᠤᠯᠢ ᠶᠢᠨ ᠰᠤᠷᠤᠬᠴᠢᠳ ᠡᠳᠦᠷ ᠪᠦᠷᠢ ᠠᠷᠪᠠᠨ ᠴᠠᠭ ᠤᠨᠲᠠᠵᠤ ᠂ ᠠᠩᠬ᠎ᠠ ᠳᠤᠮᠳᠠᠳᠤ ᠶᠢᠨ ᠰᠤᠷᠤᠬᠴᠢᠳ ᠶᠢᠰᠦᠨ ᠴᠠᠭ ᠤᠨᠲᠠᠵᠤ ᠂ ᠥᠨᠳᠥᠷ | ᠳᠤᠮᠳᠠᠳᠤ ᠶᠢᠨ ᠰᠤᠷᠤᠬᠴᠢᠳ ᠨᠠᠢᠮᠠᠨ ᠴᠠᠭ ᠤᠨᠲᠠᠬᠤ ᠬᠡᠷᠡᠭᠲᠡᠢ ᠃ ᠬᠤᠶᠠᠷ ᠲᠤ ᠂ ᠪᠡᠶ᠎ᠡ ᠪᠠᠨ ᠪᠤᠯᠪᠠᠰᠤᠷᠠᠭᠤᠯᠵᠤ ᠂ ᠡᠳᠦᠷ ᠪᠦᠷᠢ ᠨᠢᠭᠡ ᠴᠠᠭ ᠬᠥᠳᠡᠯᠭᠡᠭᠡᠨ ᠬᠢᠨ᠎ᠡ ᠃ | ᠡᠷᠡᠭᠦᠯ ᠬᠠᠮᠠᠭᠠᠯᠠᠯ ᠢ ᠡᠷᠬᠢᠮᠯᠡᠵᠦ ᠂ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠂ ᠪᠡᠶ᠎ᠡ ᠡᠪ ᠦᠭᠡᠢ ᠪᠤᠶᠤ ᠡᠪᠡᠳᠴᠢᠯᠡᠬᠦ ᠳᠤ ᠴᠠᠭ ᠲᠤᠬᠠᠢ ᠳᠤᠨᠢ | ᠭᠡᠷ ᠤᠨ ᠠᠬᠠᠮᠠᠳ ᠪᠠ ᠪᠠᠭᠰᠢ ᠳᠠᠭᠠᠨ ᠮᠡᠳᠡᠭᠳᠡᠬᠦ ᠬᠡᠷᠡᠭᠲᠡᠢ ᠃ ᠭᠤᠷᠪᠠ ᠳᠤ ᠂ ᠥᠪᠡᠷ ᠢᠶᠠᠨ ᠰᠤᠷᠤᠯᠴᠠᠬᠤ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ ᠂ ᠰᠠᠶᠢᠨ ᠰᠠᠶᠢᠬᠠᠨ ᠰᠤᠷᠤᠯᠴᠠᠯᠭ᠎ᠠ ᠠᠮᠢᠳᠤᠷᠠᠯ ᠤᠨ ᠳᠠᠳᠬᠠᠯ ᠲᠠᠢ ᠪᠣᠯᠵᠤ ᠂ ᠳᠤᠷ᠎ᠠ ᠪᠠᠬ᠎ᠠ ᠪᠠ ᠳᠤᠷ᠎ᠠ ᠰᠣᠨᠢᠷᠬᠠᠯ ᠢ ᠬᠥᠮᠥᠵᠢᠭᠦᠯᠦᠨ ᠂ ᠶᠣᠰᠣ | ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠃ ᠨᠡᠶᠢᠭᠡᠮ ᠤᠨ ᠪᠣᠯᠪᠠᠰᠤᠷᠠᠯ ᠤᠨ | ᠪᠠᠶᠢᠭᠤᠯᠤᠮᠵᠢ ᠳᠤ ᠰᠣᠬᠤᠷ ᠪᠠᠯᠠᠢ ᠪᠠᠷ ᠣᠷᠤᠯᠴᠠᠬᠤ ᠦᠭᠡᠢ ᠪᠠᠶᠢᠵᠤ ᠂ ᠰᠤᠷᠭᠠᠭᠤᠯᠢ ᠡᠬᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ ᠃ ᠳᠥᠷᠪᠡ ᠳᠤ ᠂ | ᠰᠤᠷᠤᠯᠭ᠎ᠠ ᠠᠮᠢᠳᠤᠷᠠᠯ ᠂ ᠰᠡᠳᠬᠢᠯᠭᠡ ᠵᠡᠷᠭᠡ ᠲᠠᠯ᠎ᠠ ᠪᠠᠷ ᠰᠡᠳᠬᠢᠴᠡ ᠶᠢᠨ ᠲᠥᠭᠡᠷᠢᠭᠳᠡᠯ ᠳᠤ ᠤᠴᠠᠷᠠᠬᠤ ᠦᠶᠡᠰ ᠂ ᠬᠠᠪᠰᠤᠷᠤᠨ ᠵᠢᠯᠣᠭᠤᠳᠤᠭᠴᠢ ᠂ ᠠᠩᠭᠢ ᠶᠢᠨ | ᠡᠷᠭᠢᠯᠡᠭᠴᠢ ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠥᠪ ᠤᠨ ᠪᠠᠭᠰᠢ ᠠᠴᠠ ᠰᠢᠭᠤᠳ ᠬᠠᠪᠰᠤᠷᠤᠯᠭ᠎ᠠ ᠡᠷᠢᠨ᠎ᠡ ᠃ ᠲᠠᠪᠤ ᠳᠤ ᠂ ᠡᠯᠧᠺᠳ᠋ᠷᠣᠨ | ᠦᠢᠯᠡᠳᠬᠦᠨ ᠬᠡᠷᠡᠭᠯᠡᠬᠦ ᠴᠠᠭ ᠢ ᠰᠠᠶᠢᠲᠤᠷ ᠡᠵᠡᠮᠳᠡᠵᠦ ᠂ ᠬᠡᠷᠡᠭᠯᠡᠬᠦ ᠴᠠᠭ ᠢᠶᠠᠨ 20 ᠮᠢᠨᠦ᠋ᠲ ᠣᠷᠴᠢᠮ ᠪᠠᠶᠢᠯᠭᠠᠪᠠᠯ ᠬᠠᠮᠤᠭ ᠤᠨ ᠲᠣᠬᠢᠷᠠᠮᠵᠢᠲᠠᠢ ᠂ ᠠᠯᠤᠰ ᠢ | ᠪᠠᠷᠠᠯᠠᠬᠤ ᠵᠡᠷᠭᠡ ᠠᠷᠭ᠎ᠠ ᠬᠡᠮᠵᠢᠶ᠎ᠡ ᠠᠪᠴᠤ ᠨᠢᠳᠦ ᠪᠠᠨ ᠠᠮᠠᠷᠠᠭᠤᠯᠵᠤ ᠪᠣᠯᠣᠨ᠎ᠠ ᠃ ᠵᠢᠷᠭᠤᠭ᠎ᠠ ᠳᠤ ᠂ ᠮᠦᠽᠧᠢ ᠂ ᠠᠯᠳᠠᠷᠲᠤ ᠬᠥᠮᠥᠰ ᠤᠨ ᠬᠠᠭᠤᠴᠢᠨ ᠰᠠᠭᠤᠴᠠ ᠂ | ᠠᠯᠳᠠᠷᠲᠤ ᠬᠠᠭᠤᠴᠢᠳ ᠲᠤ ᠠᠮᠠᠷᠠᠯᠲᠠ ᠶᠢᠨ ᠬᠤᠭᠤᠴᠠᠭᠠᠨ ᠳᠤ ᠢᠯᠡᠭᠦᠬᠡᠨ ᠲᠣᠭᠤᠷᠢᠵᠤ ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠨᠥᠬᠦᠪᠦᠷᠢ | ᠪᠤᠯᠭᠠᠵᠤ ᠂ ᠮᠡᠳᠡᠯᠭᠡ ᠪᠠᠨ ᠨᠡᠮᠡᠭᠳᠡᠭᠦᠯᠵᠦ ᠂ ᠮᠡᠳᠡᠯᠭᠡ ᠪᠠᠨ ᠪᠠᠶᠠᠯᠢᠭᠵᠢᠭᠤᠯᠵᠤ ᠪᠣᠯᠣᠨ᠎ᠠ ᠃ ᠳᠣᠯᠤᠭ᠎ᠠ ᠳᠤ ᠂ ᠠᠶᠤᠯᠭᠦᠢ ᠶᠢᠨ ᠮᠡᠳᠡᠯᠭᠡ ᠶᠢ ᠬᠢᠨᠠᠮᠠᠭᠠᠢ ᠰᠤᠷᠤᠯᠴᠠᠵᠤ ᠂ | ᠠᠶᠤᠯᠭᠦᠢ ᠶᠢᠨ ᠦᠵᠡᠯ ᠤᠬᠠᠮᠰᠠᠷ ᠢ ᠪᠠᠲᠤ ᠪᠠᠬᠢ ᠪᠤᠶ ᠪᠣᠯᠭᠠᠨ ᠂ ᠠᠶᠤᠯᠭᠦᠢ ᠶᠢᠨ ᠰᠡᠷᠭᠡᠶᠢᠯᠡᠬᠦ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ ᠂ ᠨᠡᠭᠦᠷᠡᠰᠦᠨ | ᠬᠡᠢ ᠳᠤ ᠬᠤᠣᠷᠳᠠᠭᠳᠠᠬᠤ ᠂ ᠰᠠᠨᠠᠭᠠᠨ ᠳᠤ ᠦᠭᠡᠢ ᠤᠰᠤᠨ ᠳᠤ ᠴᠠᠴᠠᠬᠤ ᠂ ᠭᠢᠰᠬᠢᠳᠡᠯ ᠤᠨ ᠬᠡᠷᠡᠭ ᠲᠤ ᠤᠴᠠᠷᠠᠬᠤ ᠂ ᠭᠠᠯ ᠤᠨ ᠠᠶᠤᠯ ᠵᠡᠷᠭᠡ ᠡᠯ᠎ᠡ ᠲᠥᠷᠥᠯ ᠤᠨ | ᠠᠳᠡᠯ ᠢ ᠴᠢᠩᠭ᠎ᠠ ᠰᠡᠷᠭᠡᠶᠢᠯᠡᠵᠦ ᠂ ᠡᠯ᠎ᠡ ᠲᠥᠷᠥᠯ ᠤᠨ ᠴᠠᠭᠢᠯᠭᠠᠨ ᠬᠤᠯᠪᠣᠭᠠᠨ ᠤ ᠮᠡᠬᠡᠯᠡᠯ ᠪᠠ ᠰᠦᠯᠵᠢᠶᠡᠨ ᠤ ᠮᠡᠬᠡᠯᠡᠯ ᠢ ᠰᠡᠷᠡᠮᠵᠢᠯᠡᠨ ᠂ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢᠶᠠᠨ ᠨᠡᠮᠡᠭᠳᠡᠭᠦᠯᠵᠦ ᠂ ᠲᠤᠰ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢᠶᠠᠨ ᠦᠨᠡᠨᠬᠦ ᠪᠠᠲᠤᠯᠠᠬᠤ | ᠬᠡᠷᠡᠭᠲᠡᠢ ᠃ ᠨᠠᠢᠮᠠ ᠳᠤ ᠂ ᠪᠣᠯᠪᠠᠰᠤᠨ ᠬᠡᠪ ᠰᠤᠷᠲᠠᠯ ᠢ ᠰᠠᠨᠠᠭᠠᠴᠢᠯᠠᠨ᠎ᠠ ᠃ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢᠶᠠᠨ ᠵᠦᠢ ᠵᠣᠬᠢᠰᠲᠠᠢ ᠲᠣᠬᠢᠷᠠᠭᠤᠯᠵᠤ ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠢᠴᠢ ᠪᠤᠰᠤᠳ ᠡᠷᠡᠭᠦᠯ ᠮᠡᠨᠳᠦ ᠳᠤ ᠠᠰᠢᠭᠲᠠᠢ ᠨᠡᠶᠢᠭᠡᠮ ᠤᠨ ᠦᠢᠯᠡᠳᠦᠯᠭᠡ ᠳᠤ ᠢᠳᠡᠪᠬᠢᠲᠡᠢ ᠣᠷᠤᠯᠴᠠᠬᠤ | ᠬᠡᠷᠡᠭᠲᠡᠢ ᠃ ᠰᠤᠷᠤᠬᠴᠢ ᠪᠦᠷᠢ ᠶᠢᠨ ᠡᠪᠦᠯ ᠤᠨ ᠠᠮᠠᠷᠠᠯᠲᠠ ᠪᠠᠨ ᠤᠳᠬ᠎ᠠ ᠠᠭᠤᠯᠭ᠎ᠠ ᠲᠠᠢ ᠂ ᠡᠯᠪᠡᠭ ᠣᠯᠣᠯᠲᠠ ᠲᠠᠢ ᠥᠩᠭᠡᠷᠡᠭᠦᠯᠬᠦ ᠶᠢ ᠬᠦᠰᠡᠨ ᠵᠥᠩᠨᠡᠵᠦ ᠪᠠᠶᠢᠨ᠎ᠠ ᠃ | ᠢᠷᠡᠯᠲᠡ ᠄ ᠥᠪᠥᠷ ᠮᠣᠩᠭᠤᠯ ᠰᠤᠷᠭᠠᠨ ᠬᠥᠮᠦᠵᠢᠯ ᠵᠢᠷᠭᠢᠶ᠎ᠡ ᠶᠢᠨ ᠲᠠᠪᠴᠠᠩ | | |