| 1 ᠰᠠᠷ᠎ᠠ ᠶᠢᠨ 2 ᠤᠨ ᠡᠳᠦᠷ ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ︽ 2024 ᠣᠨ ᠤ ︿ ᠲᠠᠪᠤᠨ ᠲᠦᠮᠡᠨ ᠣᠶᠤᠲᠠᠨ ᠢ ᠭᠦᠭᠡᠬᠤᠲᠠ ᠳᠤ | ᠦᠯᠡᠳᠡᠭᠡᠬᠦ ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︾ ︵ ᠳᠣᠷᠣᠭᠰᠢ ︽ ᠲᠥᠰᠥᠯ ︾ ᠭᠡᠵᠦ ᠲᠣᠪᠴᠢᠯᠠᠨ᠎ᠠ ︶ ᠢ ᠳᠠᠷᠤᠮᠠᠯᠯᠠᠨ ᠲᠠᠷᠬᠠᠭᠠᠪᠠ ᠃ | ᠲᠥᠰᠥᠯ ᠳᠤ ᠭᠤᠣᠯᠳᠠᠭᠤ ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠂ | ᠣᠶᠤᠲᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠵᠡᠷᠭᠡ ᠲᠠᠯ᠎ᠠ ᠪᠠᠷ ᠨᠠᠷᠢᠯᠢᠭ ᠣᠨᠣᠴᠠᠲᠠᠢ ᠪᠠᠷ ᠳᠡᠮᠵᠢᠬᠦ ᠠᠷᠭ᠎ᠠ ᠬᠡᠮᠵᠢᠶ᠎ᠡ ᠲᠣᠭᠲᠠᠭᠠᠵᠤ ᠂ ᠪᠦᠭᠦ | ᠵᠢᠯ ᠳᠤ ᠪᠠᠭ᠎ᠠ ᠳᠠᠭᠠᠨ 5 ᠲᠦᠮᠡᠨ ᠬᠥᠮᠥᠨ ᠂ ᠴᠢᠳᠠᠪᠠᠯ 6 ᠲᠦᠮᠡᠨ ᠣᠶᠤᠲᠠᠨ ᠢ ᠭᠦᠭᠡᠬᠤᠲᠠ ᠳᠤ ᠢᠷᠡᠭᠦᠯᠵᠦ ᠂ ᠭᠦᠭᠡᠬᠤᠲᠠ ᠳᠤ ᠬᠠᠷᠢᠭᠤᠯᠵᠤ ᠂ ᠭᠦᠭᠡᠬᠤᠲᠠ ᠳᠤ | ᠦᠯᠡᠳᠡᠭᠡᠵᠦ ᠠᠵᠢᠯ ᠣᠯᠭᠤᠨ ᠠᠳᠠᠯ ᠦᠢᠯᠡᠰ ᠴᠣᠭᠴᠠᠯᠠᠭᠤᠯᠤᠨ᠎ᠠ ᠭᠡᠵᠦ ᠳᠤᠷᠠᠳᠤᠨ ᠭᠠᠷᠭᠠᠵᠠᠢ ᠃ | ᠲᠥᠰᠥᠯ ᠨᠢ ᠠᠵᠢᠯ ᠣᠯᠭᠤᠯᠲᠠ ᠶᠢᠨ ᠬᠠᠷᠠᠯᠲᠠ ᠶᠢᠨ ᠲᠣᠭᠤᠷᠢᠨ ᠳᠤ ᠂ ᠣᠶᠤᠲᠠᠳ ᠤᠨ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠭᠤᠯᠲᠠ ᠶᠢᠨ | ᠠᠵᠢᠯ ᠤᠨ ᠪᠠᠶᠢᠷᠢ ᠂ ᠤᠷ᠎ᠠ ᠴᠢᠳᠠᠪᠤᠷᠢ ᠶᠢᠨ ᠳᠡᠭᠡᠭᠰᠢᠯᠡᠭᠦᠯᠦᠯᠲᠡ ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ | ᠵᠡᠷᠭᠡ ᠲᠠᠯ᠎ᠠ ᠠᠴᠠ ᠭᠠᠷᠳᠠᠵᠤ ᠂ ︽ ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ︾ ︽ ᠦᠢᠯᠡᠰ ᠴᠣᠭᠴᠠᠯᠠᠬᠤ ᠳᠤ ᠲᠤᠰᠠᠯᠠᠬᠤ ︾ ︽ ᠴᠢᠳᠠᠪᠤᠷᠢᠲᠠᠨ | ᠡᠯᠰᠡᠵᠦ ᠤᠬᠠᠭᠠᠨᠲᠠᠨ ᠢ ᠣᠷᠣᠭᠤᠯᠬᠤ ︾ ᠵᠡᠷᠭᠡ 8 ᠵᠦᠢᠯ ᠤᠨ ᠠᠵᠢᠯᠯᠠᠭ᠎ᠠ ᠂ 22 ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠬᠡᠷᠡᠭᠵᠢᠭᠦᠯᠦᠨ᠎ᠡ ᠃ | 2024 ᠣᠨ ᠳᠤ ᠂ ᠭᠦᠭᠡᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠠᠵᠤ ᠦᠢᠯᠡᠰ ᠤᠨ ᠲᠥᠪᠯᠡᠷᠡᠯ ᠢ ᠦᠷᠭᠦᠯᠵᠢᠯᠡᠨ ᠠᠳᠬᠤᠵᠤ ᠂ | 1100 ᠠᠴᠠ ᠳᠡᠭᠡᠭᠰᠢ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ ᠂ 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ ᠂ ᠠᠵᠤ | ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠶᠢ ᠭᠦᠢᠴᠡᠳ ᠪᠠᠳᠠᠷᠠᠭᠤᠯᠤᠨ᠎ᠠ ᠃ ᠴᠢᠨᠠᠷ ᠰᠠᠶᠢᠲᠠᠢ ᠠᠵᠢᠯ ᠤᠨ ᠪᠠᠶᠢᠷᠢ ᠶᠢ ᠡᠭᠦᠳᠬᠦ ᠲᠠᠯ᠎ᠠ ᠪᠠᠷ ᠂ ︽ ᠠᠵᠤ | ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ︾ ᠠᠵᠢᠯᠯᠠᠭ᠎ᠠ ᠶᠢ ᠬᠡᠷᠡᠭᠵᠢᠭᠦᠯᠬᠦ ᠶᠢ ᠳᠤᠷᠠᠳᠤᠨ ᠭᠠᠷᠭᠠᠵᠤ ᠂ ᠦᠢᠯᠡᠳᠬᠡᠯ ᠤᠨ ᠦᠢᠯᠡᠰ ᠲᠤ ᠪᠡᠯᠡ ᠣᠷᠣᠭᠤᠯᠬᠤ | ᠵᠦᠢᠯᠡᠰ ᠢ 70 ᠠᠴᠠ ᠳᠡᠭᠡᠭᠰᠢ ᠲᠠᠳᠠᠨ ᠠᠪᠴᠢᠷᠠᠵᠤ ᠂ ︽ ᠲᠤᠰᠬᠠᠢ ᠨᠠᠷᠢᠯᠢᠭ ᠣᠨᠴᠠ ᠰᠢᠨ᠎ᠡ ︾ ᠂ ︽ ᠰᠢᠨ᠎ᠡ ᠶᠢ ᠡᠭᠦᠳᠬᠦ ᠭᠡᠯᠪᠡᠷᠢ ︾ ᠶᠢᠨ ᠳᠤᠮᠳᠠ ᠪᠠᠭ᠎ᠠ ᠠᠵᠤ | ᠠᠬᠤᠶᠢᠯᠠᠯ ᠢ 40 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠵᠦᠢᠯᠡᠰ ᠢ 30 ᠠᠴᠠ ᠳᠡᠭᠡᠭᠰᠢ ᠪᠦᠲᠦᠭᠡᠨ | ᠪᠠᠶᠢᠭᠤᠯᠵᠤ ᠂ ᠵᠢᠯ ᠤᠨ ᠳᠣᠲᠣᠷ᠎ᠠ 4.8 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠲᠠᠶᠢᠴᠢᠯᠠᠨ᠎ᠠ ᠃ | ︽ ᠠᠵᠢᠯ ᠣᠯᠭᠤᠯᠲᠠ ᠪᠠᠷ ᠠᠵᠤ ᠠᠬᠤᠶᠢᠯᠠᠯ ᠢ ᠳᠡᠮᠵᠢᠬᠦ ︾ ︽ ᠰᠤᠷᠭᠠᠭᠤᠯᠢ ᠳᠤ ᠬᠦᠷᠴᠦ ᠠᠵᠢᠯ ᠤᠨ ᠪᠠᠶᠢᠷᠢ ᠬᠠᠩᠭᠠᠬᠤ ︾ ᠵᠡᠷᠭᠡ ᠠᠵᠢᠯᠯᠠᠭ᠎ᠠ ᠶᠢ | ᠬᠡᠷᠡᠭᠵᠢᠭᠦᠯᠬᠦ ᠪᠠᠷ ᠳᠠᠮᠵᠢᠭᠤᠯᠤᠨ ᠂ ᠣᠶᠤᠲᠠᠳ ᠤᠨ ᠵᠠᠬ᠎ᠠ ᠳᠡᠯᠭᠡᠭᠦᠷ ᠯᠦᠭᠡ ᠪᠦᠲᠦᠮᠵᠢᠲᠡᠶ ᠵᠣᠯᠭᠠᠯᠳᠤᠬᠤ ᠶᠢ ᠠᠬᠢᠭᠤᠯᠵᠤ ᠂ ᠶᠡᠭᠡ ᠳᠡᠭᠡᠳᠦ ᠰᠤᠷᠭᠠᠭᠤᠯᠢ ᠶᠢᠨ | ᠠᠵᠢᠯ ᠣᠯᠭᠤᠯᠲᠠ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢᠨ ︽ ᠬᠤᠣᠰ ᠪᠠᠲᠤᠯᠠᠭ᠎ᠠ ︾ ᠶᠢ ᠪᠡᠶᠡᠯᠡᠭᠦᠯᠵᠦ ᠂ ᠣᠶᠤᠲᠠᠳ ᠲᠤ ᠪᠡᠶ᠎ᠡ ᠳᠤᠨᠢ | ᠲᠣᠬᠢᠷᠠᠭᠤᠯᠤᠨ ᠲᠣᠭᠲᠠᠭᠠᠭᠰᠠᠨ ᠦᠢᠯᠡᠴᠢᠯᠡᠭᠡ ᠬᠠᠩᠭᠠᠨ᠎ᠠ ᠃ ᠪᠠᠲᠤᠯᠠᠭ᠎ᠠ ᠶᠢᠨ ᠠᠵᠢᠯ ᠤᠨ ᠲᠠᠯ᠎ᠠ ᠪᠠᠷ ᠂ ᠭᠦᠭᠡᠬᠤᠲᠠ ᠶᠢᠨ ᠬᠢᠨ ᠣᠷᠣᠨ ᠰᠠᠭᠤᠴᠠ ᠶᠢᠨ ᠡᠬᠢ | ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ ᠂ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠣᠯᠭᠤᠬᠤ ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠬᠦ ᠂ ᠬᠦᠷᠢᠶᠡᠯᠡᠩ ᠲᠣᠭᠤᠷᠢᠭ ᠪᠠ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠪᠠ ᠨᠡᠶᠢᠲᠡ ᠶᠢᠨ ᠪᠠᠶᠢᠷᠢ ᠲᠣᠬᠢᠷᠠᠭᠤᠯᠤᠨ ᠪᠠᠶᠢᠭᠤᠯᠬᠤ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ ᠂ ᠣᠶᠤᠲᠠᠳ ᠢ ᠬᠠᠪᠰᠤᠷᠤᠨ ᠢᠳᠡᠵᠦ ᠡᠮᠦᠰᠬᠦ ᠶᠠᠪᠤᠵᠤ ᠰᠠᠭᠤᠬᠤ ᠶᠢᠨ ︽ ᠵᠠᠩᠭᠢᠯᠠᠭ᠎ᠠ ᠶᠢᠨ ᠪᠠᠭ᠎ᠠ ᠶᠠᠪᠤᠳᠠᠯ ︾ ᠢ ᠰᠠᠶᠢᠲᠤᠷ ᠰᠢᠢᠳᠪᠦᠷᠢᠯᠡᠵᠦ ᠥᠭᠬᠦ | ᠪᠣᠯᠣᠨ᠎ᠠ ᠃ | ᠲᠥᠰᠥᠯ ᠳᠤ ᠂ 2024 ᠣᠨ ᠳᠤ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ ᠂ ᠠᠵᠤ ᠠᠬᠤᠶᠢᠯᠠᠯ ᠲᠣᠬᠢᠷᠠᠭᠤᠯᠤᠨ ᠪᠠᠶᠢᠭᠤᠯᠬᠤ ᠪᠠ ᠵᠠᠬ᠎ᠠ ᠳᠡᠯᠭᠡᠭᠦᠷ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠨᠡᠶᠢᠲᠡ ᠶᠢᠨ ᠲᠦᠷᠢᠶᠡᠰᠦᠨ ᠭᠡᠷ ᠪᠠᠶᠢᠰᠢᠩ 2000 ᠢᠵᠢ ᠂ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ 3000 ᠢᠵᠢ ᠪᠡᠯᠡ ᠴᠤᠭᠯᠠᠭᠤᠯᠤᠨ ᠪᠠᠶᠢᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ ᠃ ᠭᠦᠭᠡᠬᠤᠲᠠ ᠳᠤ ᠭᠡᠷ ᠪᠠᠶᠢᠰᠢᠩ ᠦᠭᠡᠢ | ᠵᠠᠯᠠᠭᠤᠴᠤᠳ ᠪᠠ ᠰᠢᠨ᠎ᠡ ᠬᠤᠲᠠ ᠶᠢᠨ ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠨ ᠰᠠᠭᠤᠬᠤ ᠪᠠᠷ ᠭᠤᠶᠤᠴᠢᠯᠠᠪᠠᠯ ᠂ | ᠲᠦᠷᠢᠶᠡᠰᠦᠨ ᠮᠥᠩᠭᠦ ᠨᠢ ᠵᠠᠬ᠎ᠠ ᠳᠡᠯᠭᠡᠭᠦᠷ ᠤᠨ ᠦᠨ᠎ᠡ ᠶᠢᠨ 70% ᠠᠴᠠ ᠬᠡᠲᠦᠷᠡᠵᠦ ᠪᠤᠯᠬᠤ ᠦᠭᠡᠢ ; ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ | ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠬᠢᠨᠠᠬᠤ ᠶᠣᠰᠣᠲᠠᠢ ᠶᠢ ᠨᠢ ᠪᠦᠭᠦᠨ ᠢ ᠬᠢᠨᠠᠨ ᠂ ᠣᠯᠭᠤᠬᠤ ᠶᠣᠰᠣᠲᠠᠢ ᠳᠤ ᠨᠢ | ᠪᠦᠭᠦᠨ ᠢ ᠣᠯᠭᠤᠵᠤ ᠂ ᠡᠳ᠋ᠯᠡᠬᠦ ᠶᠣᠰᠣᠲᠠᠢ ᠳᠤ ᠨᠢ ᠪᠦᠭᠦᠨ ᠢ ᠡᠳ᠋ᠯᠡᠭᠦᠯᠭᠦ ᠶᠢ ᠪᠡᠶᠡᠯᠡᠭᠦᠯᠦᠨ᠎ᠡ ᠃ ᠡᠭᠦᠨ ᠠᠴᠠ ᠭᠠᠳᠠᠨ᠎ᠠ ᠂ ᠲᠥᠰᠥᠯ ᠳᠤ ᠪᠠᠰᠠ ᠬᠦᠷᠢᠶᠡᠯᠡᠩ | ᠲᠣᠭᠤᠷᠢᠭ ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ | ᠪᠠᠶᠢᠭᠤᠯᠬᠤ ᠶᠢ ᠵᠣᠷᠢᠭᠵᠢᠭᠤᠯᠵᠠᠢ ᠃ ︵ ᠢᠷᠡᠯᠲᠡ ᠄ ᠰᠢᠨᠬᠤᠸᠠ ᠰᠦᠯᠵᠢᠶ᠎ᠡ ︶ | | |