ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ᠶᠢ ᠬᠢᠨᠠᠨ ᠵᠥᠪᠯᠡᠵᠡᠢ ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/1/9
      1 ᠰᠠᠷ᠎ᠠ ᠶᠢᠨ 5 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︾ ᠶᠢ ᠬᠢᠨᠠᠨ ᠵᠥᠪᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠰᠢᠨ᠎ᠡ ᠵᠢᠯ ᠤᠨ ᠪᠠᠶᠠᠷ ᠤᠨ ᠦᠭᠡ ᠶᠢ ᠤᠯᠠᠮᠵᠢᠯᠠᠨ ᠰᠤᠷᠤᠯᠴᠠᠵᠤ ᠂ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠤᠯᠤᠰ ᠲᠥᠷᠥ ᠶᠢᠨ ᠢᠲᠡᠭᠡᠯ ᠪᠢᠰᠢᠷᠡᠯ ᠢᠶᠠᠨ ᠴᠢᠨᠠᠭᠰᠢᠳᠠ ᠪᠠᠲᠤᠳᠬᠠᠵᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠠᠷᠠᠳ ᠤᠨ ᠲᠥᠯᠥᠭᠡ ᠭᠡᠬᠦ ᠰᠡᠳᠬᠢᠯᠭᠡ ᠶᠢ ᠵᠤᠵᠠᠭᠠᠳᠬᠠᠵᠤ ᠂ ᠥᠪᠥᠷ ᠮᠣᠩᠭᠤᠯ ᠤᠨ ᠠᠵᠢᠯ ᠢ ᠨᠠᠩ ᠰᠠᠶᠢᠲᠤᠷ ᠬᠢᠬᠦ ᠪᠠᠷ ᠴᠢᠷᠮᠠᠶᠢᠵᠤ ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ ᠂ ᠡᠯ᠎ᠡ ᠲᠠᠯ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠡᠨᠡ ᠬᠦ ᠭᠤᠣᠯ ᠠᠵᠢᠯ ᠪᠠ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠰᠠᠶᠢᠲᠤᠷ ᠠᠳᠬᠤᠵᠤ ᠂ ᠪᠦᠭᠦ ᠵᠢᠯ ᠤᠨ ᠬᠠᠷᠠᠯᠲᠠ ᠡᠭᠦᠷᠭᠡ ᠶᠢ ᠪᠦᠭᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︾ ᠶᠢ ᠬᠢᠨᠠᠨ ᠵᠥᠪᠯᠡᠵᠦ ᠂ ᠥᠪᠥᠷ ᠮᠣᠩᠭᠤᠯ ᠳᠤ ᠠᠪᠴᠤ ᠬᠡᠯᠡᠪᠡᠯ ᠤᠰᠤ ᠪᠣᠯ ᠦᠬᠦᠵᠦ ᠰᠡᠭᠡᠭᠦ ᠳᠤ ᠬᠤᠯᠪᠣᠭᠳᠠᠬᠤ ᠶᠡᠭᠡ ᠶᠠᠪᠤᠳᠠᠯ ᠮᠥᠨ ᠂ ︽ ᠲᠠᠪᠤᠨ ᠶᠡᠭᠡ ᠡᠭᠦᠷᠭᠡ ︾ ᠶᠢ ᠪᠡᠶᠡᠯᠡᠭᠦᠯᠵᠦ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠯᠢ ᠨᠢᠭᠡ ᠵᠦᠢᠯ ᠨᠢ ᠴᠦ ᠤᠰᠤᠨ ᠤ ᠲᠤᠯᠭᠠᠭᠤᠷᠢᠯᠠᠯ ᠪᠠ ᠪᠠᠲᠤᠯᠠᠭ᠎ᠠ ᠠᠴᠠ ᠰᠠᠯᠵᠤ ᠴᠢᠳᠠᠬᠤ ᠦᠭᠡᠢ ᠶᠤᠮ ᠃ ᠤᠳᠤ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠭᠠᠯᠪᠠ ᠠᠰᠢᠭ ᠭᠦᠷᠲᠡᠭᠦ ᠥᠨᠳᠥᠷᠴᠡ ᠠᠴᠠ ᠤᠰᠤᠨ ᠤ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠂ ᠤᠯᠤᠰ ᠤᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠥᠪᠥᠷ ᠮᠣᠩᠭᠤᠯ ᠤᠨ ᠤᠰᠤᠨ ᠲᠣᠣᠷ ᠢ ᠲᠦᠷᠭᠡᠳᠬᠡᠨ ᠪᠠᠶᠢᠭᠤᠯᠵᠤ ᠂ ᠤᠰᠤ ᠶᠢ ᠠᠷᠪᠢᠯᠠᠨ ᠬᠡᠷᠡᠭᠯᠡᠬᠦ ᠶᠢ ᠶᠡᠭᠡ ᠪᠠᠷ ᠠᠬᠢᠭᠤᠯᠤᠨ ᠂ ᠤᠰᠤᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2023 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠰᠤᠳᠤᠯᠪᠠ ᠃ ᠬᠤᠷᠠᠯ ᠠᠴᠠ ᠂ ᠥᠩᠭᠡᠷᠡᠭᠰᠡᠨ ᠨᠢᠭᠡ ᠵᠢᠯ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠤᠯᠢ ᠲᠣᠭᠲᠠᠭᠠᠬᠤ ᠲᠠᠯ᠎ᠠ ᠪᠠᠷ ᠶᠡᠭᠡ ᠬᠡᠮᠵᠢᠶᠡᠨ ᠤ ᠭᠢᠯᠠᠯᠵᠠᠭᠰᠠᠨ ᠪᠦᠲᠦᠮᠵᠢᠲᠡᠢ ᠠᠵᠢᠯ ᠬᠢᠵᠡᠢ ᠂ ᠢᠯᠠᠩᠭᠤᠶ᠎ᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ 6 ᠢᠵᠢ ᠠᠬᠢᠭᠤᠯᠬᠤ ᠳᠦᠷᠢᠮ ᠢ ᠲᠣᠭᠲᠠᠭᠠᠨ ᠨᠡᠶᠢᠲᠡᠯᠡᠵᠦ ᠂ ᠣᠷᠣᠨ ᠳᠠᠶᠠᠭᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠵᠠᠢ ᠃ ᠰᠢᠨ᠎ᠡ ᠨᠢᠭᠡ ᠵᠢᠯ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠶᠢ ᠬᠠᠤᠯᠢ ᠲᠣᠭᠲᠠᠭᠠᠬᠤ ᠪᠦᠭᠦ ᠶᠠᠪᠤᠴᠠ ᠡᠯ᠎ᠡ ᠲᠠᠯ᠎ᠠ ᠳᠤ ᠢᠯᠡᠷᠡᠭᠦᠯᠵᠦ ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠭᠦ ᠡᠨᠡ ᠬᠦ ᠵᠠᠩᠭᠢᠯᠠᠭ᠎ᠠ ᠶᠢ ᠠᠳᠬᠤᠵᠤ ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠭᠦᠨᠵᠡᠭᠡᠢ ᠠᠬᠢᠭᠤᠯᠵᠤ ᠂ ᠣᠨ ᠤ ᠬᠠᠤᠯᠢ ᠲᠣᠭᠲᠠᠭᠠᠬᠤ ᠲᠥᠯᠥᠪᠯᠡᠭᠡ ᠪᠠᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ