| ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ ᠂ 2023 ᠣᠨ ᠳᠤ ᠥᠪᠥᠷ ᠮᠣᠩᠭᠤᠯ ᠤᠨ ᠬᠢᠨ ᠪᠥᠬᠦ | ᠤᠯᠤᠰ ᠤᠨ 12315 ᠲᠠᠪᠴᠠᠩ ᠢᠶᠠᠷ ᠬᠡᠷᠡᠭᠯᠡᠭᠴᠢᠳ ᠤᠨ ᠵᠠᠭᠠᠯᠳᠤᠯᠭ᠎ᠠ ᠂ ᠢᠯᠡᠴᠢᠯᠡᠨ ᠮᠡᠳᠡᠭᠦᠯᠦᠯᠲᠡ ᠂ ᠯᠠᠪᠯᠠᠯᠭ᠎ᠠ ᠶᠢ ᠨᠡᠶᠢᠲᠡ 374817 ᠬᠤᠪᠢ ᠭᠥᠯᠢᠶᠡᠨ | ᠠᠪᠴᠤ ᠂ ᠠᠳᠠᠯᠢ ᠬᠤᠭᠤᠴᠠᠭᠠᠨ ᠤ ᠬᠢ ᠠᠴᠠ 15.12% ᠢᠶᠠᠷ ᠨᠡᠮᠡᠭᠳᠡᠪᠡ ᠃ ᠮᠠᠷᠭᠤᠯᠳᠤᠭᠠᠨ ᠳᠤ ᠬᠤᠯᠪᠣᠭᠳᠠᠭᠰᠠᠨ ᠵᠣᠭᠤᠰ ᠤᠨ ᠲᠤᠭ᠎ᠠ 3.02 ᠳ᠋ᠦᠩᠰᠢᠭᠤᠷ | ᠲᠥᠭᠦᠷᠢᠭ ᠲᠤ ᠬᠦᠷᠴᠦ ᠂ ᠬᠡᠷᠡᠭᠯᠡᠭᠴᠢᠳ ᠲᠤ 6947.84 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠵᠦ ᠥᠭᠴᠡᠢ ᠃ 2024 ᠣᠨ ᠤ | 1 ᠳ᠋ᠦ᠋ᠭᠡᠷ ᠰᠠᠷ᠎ᠠ ᠶᠢᠨ 4 ᠤ ᠡᠳᠦᠷ ᠪᠣᠯᠲᠠᠯ᠎ᠠ ᠨᠢᠭᠡᠨᠲᠡ 169674 ᠬᠤᠪᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠵᠦ ᠂ ᠰᠢᠢᠳᠪᠦᠷᠢᠯᠡᠨ | ᠳᠠᠭᠤᠰᠬᠠᠭᠰᠠᠨ ᠨᠣᠷᠮ᠎ᠠ ᠨᠢ 96.86% ᠳᠤ ᠬᠦᠷᠴᠡᠢ ᠃ | ᠪᠦᠷᠢᠳᠬᠡᠯ ᠤᠨ ᠵᠠᠳᠠᠯᠤᠯᠲᠠ ᠠᠴᠠ ᠦᠵᠡᠪᠡᠯ ᠂ ᠪᠥᠬᠦ ᠵᠢᠯ ᠳᠤ ᠭᠥᠯᠢᠶᠡᠨ ᠠᠪᠤᠭᠰᠠᠨ ᠬᠡᠷᠡᠭᠯᠡᠭᠴᠢᠳ ᠤᠨ ᠪᠣᠶ ᠪᠦᠬᠦᠢ ᠵᠠᠭᠠᠯᠳᠤᠯᠭ᠎ᠠ ᠶᠢᠨ ᠳᠤᠮᠳᠠ ᠲᠠᠸᠠᠷ ᠤᠨ | ᠲᠥᠷᠥᠯ ᠳᠤ ᠬᠤᠯᠪᠣᠭᠳᠠᠭᠰᠠᠨ ᠵᠠᠭᠠᠯᠳᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 34.05% ᠪᠠᠷ ᠨᠡᠮᠡᠭᠳᠡᠵᠡᠢ ᠃ ᠵᠠᠭᠠᠯᠳᠤᠯᠭ᠎ᠠ ᠶᠢᠨ ᠬᠡᠮᠵᠢᠶ᠎ᠡ ᠪᠠᠷ ᠡᠮᠦᠨ᠎ᠡ | ᠲᠠᠪᠤ ᠳᠤ ᠵᠢᠭᠰᠠᠭᠠᠭᠳᠠᠭᠰᠠᠨ ᠲᠠᠸᠠᠷ ᠤᠨ ᠶᠡᠭᠡ ᠲᠥᠷᠥᠯ ᠨᠢ ᠲᠤᠰ ᠲᠤᠰ ᠢᠳᠡᠭᠡᠨ ᠂ ᠬᠤᠪᠴᠠᠰᠤ ᠬᠤᠨᠠᠷ ᠱᠠᠬᠠᠢ ᠮᠠᠯᠠᠭᠠᠢ ᠂ ᠵᠠᠮ ᠬᠠᠷᠢᠯᠴᠠᠭᠠᠨ ᠤ ᠪᠠᠭᠠᠵᠢ ᠂ | ᠭᠡᠷ ᠤᠨ ᠡᠳ᠋ᠯᠡᠯ ᠬᠡᠷᠡᠭᠰᠡᠯ ᠂ ᠴᠢᠮᠡᠭᠡ ᠨᠡᠪᠲᠡᠷᠡᠯᠭᠡ ᠶᠢᠨ ᠦᠢᠯᠡᠳᠬᠦᠨ ᠪᠣᠯᠣᠨ᠎ᠠ ︔ ᠪᠥᠬᠦ ᠵᠢᠯ ᠳᠤ ᠨᠡᠶᠢᠲᠡ 32501 ᠬᠤᠪᠢ ᠢᠯᠡᠴᠢᠯᠡᠨ ᠮᠡᠳᠡᠭᠦᠯᠦᠯᠲᠡ ᠶᠢ | ᠭᠥᠯᠢᠶᠡᠨ ᠠᠪᠴᠤ ᠂ ᠠᠳᠠᠯᠢ ᠬᠤᠭᠤᠴᠠᠭᠠᠨ ᠤ ᠬᠢ ᠠᠴᠠ 12.60% ᠪᠠᠷ ᠨᠡᠮᠡᠭᠳᠡᠪᠡ ᠃ ᠡᠭᠦᠨ ᠳᠤ ᠭᠤᠣᠯᠳᠠᠭᠤ ᠲᠠᠸᠠᠷ ᠤᠨ ᠲᠥᠷᠥᠯ ᠪᠠ ᠦᠢᠯᠡᠴᠢᠯᠡᠭᠡᠨ ᠤ | ᠲᠥᠷᠥᠯ ᠳᠤ ᠬᠤᠯᠪᠣᠭᠳᠠᠨ᠎ᠠ ︔ ᠪᠥᠬᠦ ᠵᠢᠯ ᠳᠤ ᠨᠡᠶᠢᠲᠡ 199648 ᠬᠤᠪᠢ ᠯᠠᠪᠯᠠᠯᠭ᠎ᠠ ᠶᠢ ᠬᠦᠯᠢᠶᠡᠵᠦ ᠂ ᠠᠳᠠᠯᠢ ᠬᠤᠭᠤᠴᠠᠭᠠᠨ ᠤ ᠬᠢ ᠠᠴᠠ 8.17% ᠪᠠᠷ | ᠨᠡᠮᠡᠭᠳᠡᠵᠦ ᠂ ᠡᠭᠦᠨ ᠳᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠂ ᠦᠢᠯᠡᠳᠬᠦᠨ ︵ ᠲᠠᠸᠠᠷ ︶ ᠤ ᠶᠠᠰᠤ ᠴᠢᠨᠠᠷ ᠂ ᠦᠢᠯᠡᠴᠢᠯᠡᠭᠡᠨ ᠤ | ᠬᠡᠷᠡᠭᠯᠡᠭᠡ ᠶᠢ ᠬᠢᠨᠠᠨ ᠬᠠᠮᠢᠶᠠᠷᠬᠤ ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠮᠡᠳᠡᠯᠭᠡ ᠵᠡᠷᠭᠡ ᠪᠠᠭᠲᠠᠨ᠎ᠠ ᠃ | 2023 ᠣᠨ ᠤ ᠪᠥᠬᠦ ᠣᠷᠣᠨ ᠤ ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠢᠯᠡᠳᠲᠡ | ᠨᠡᠮᠡᠭᠳᠡᠭᠰᠡᠨ ᠤ ᠰᠢᠯᠲᠠᠭᠠᠨ ᠢ ᠵᠠᠳᠠᠯᠪᠠᠯ ᠂ ᠭᠤᠣᠯᠳᠠᠭᠤ ᠭᠤᠷᠪᠠᠨ ᠲᠠᠯ᠎ᠠ ᠪᠠᠷ ᠢᠯᠡᠷᠡᠵᠦ ᠪᠣᠶ ᠃ ᠨᠢᠭᠡ ᠳᠤ ᠠᠵᠤ ᠠᠬᠤᠢ ᠶᠢᠨ ᠰᠡᠷᠭᠦᠯᠲᠡ ᠶᠢᠨ ᠬᠠᠨᠳᠤᠰᠢ | ᠰᠠᠶᠢᠵᠢᠷᠠᠵᠤ ᠂ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ ᠪᠠ ᠬᠡᠷᠡᠭᠯᠡᠭᠡᠨ ᠤ ᠬᠦᠰᠡᠯ ᠨᠡᠮᠡᠭᠳᠡᠵᠦ ᠂ ᠡᠳᠦᠷ ᠲᠤᠲᠤᠮ ᠤᠨ ᠪᠠᠷᠠᠭ᠎ᠠ ᠬᠤᠳᠠᠯᠳᠤᠨ ᠠᠪᠬᠤ ᠂ | ᠵᠢᠭᠤᠯᠴᠢᠯᠠᠬᠤ ᠂ ᠭᠠᠳᠠᠭᠰᠢ ᠭᠠᠷᠬᠤ ᠠᠵᠢᠯᠯᠠᠭ᠎ᠠ ᠢᠯᠡᠳᠲᠡ ᠨᠡᠮᠡᠭᠳᠡᠨ ᠂ ᠬᠠᠮᠢᠶ᠎ᠠ ᠪᠦᠬᠦᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠣᠯᠠᠰᠢᠷᠠᠭᠤᠯᠪᠠ ︔ | ᠬᠤᠶᠠᠷ ᠲᠤ ᠥᠪᠡᠷᠲᠡᠭᠡᠨ ᠵᠠᠰᠠᠬᠤ ᠣᠷᠣᠨ ᠤ 12315 ᠲᠠᠪᠴᠠᠩ ᠨᠢ 24 ᠴᠠᠭ ᠢᠶᠠᠷ ᠵᠢᠵᠢᠭᠦᠷᠯᠡᠨ ᠰᠠᠬᠢᠵᠤ ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠴᠠᠭ | ᠲᠤᠬᠠᠢ ᠳᠤ ᠨᠢ ᠪᠦᠲᠦᠮᠵᠢᠲᠡᠶ ᠳᠡᠩᠰᠡᠯᠡᠨ ᠰᠠᠯᠭᠠᠵᠤ ᠥᠭᠬᠦ ᠶᠢ ᠪᠠᠲᠤᠯᠠᠪᠠ ︔ ᠭᠤᠷᠪᠠ ᠳᠤ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠴᠢᠩᠭᠠᠷᠠᠵᠤ ᠂ | ᠸᠢᠴᠠᠲ ᠤᠨ ᠵᠢᠵᠢᠭ ᠫᠷᠣᠭ᠍ᠷᠠᠮ ᠂ ᡁᠢ ᠹᠦ᠋ ᠪᠣᠤ ᠶᠢᠨ ᠵᠢᠵᠢᠭ ᠫᠷᠣᠭ᠍ᠷᠠᠮ ᠵᠢᠴᠢ App ᠵᠡᠷᠭᠡ ᠣᠯᠠᠨ ᠠᠷᠭ᠎ᠠ ᠵᠠᠮ ᠢᠶᠠᠷ ᠪᠥᠬᠦ ᠤᠯᠤᠰ ᠤᠨ 12315 ᠲᠠᠪᠴᠠᠩ ᠳᠤ | ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠪᠠᠨ ᠲᠤᠰᠢᠶᠠᠵᠤ ᠳᠡᠶᠢᠯᠬᠦ ᠪᠣᠯᠵᠤ ᠂ ᠵᠠᠭᠠᠯᠳᠤᠵᠤ ᠢᠯᠡᠴᠢᠯᠡᠨ ᠮᠡᠳᠡᠭᠦᠯᠬᠦ ᠡᠵᠡᠨ ᠮᠡᠳᠡᠬᠦ ᠴᠢᠨᠠᠷ ᠂ ᠳᠥᠭᠦᠮ | ᠳᠥᠲᠡ ᠴᠢᠨᠠᠷ ᠳᠡᠭᠡᠭᠰᠢᠯᠡᠪᠡ ᠃ | |