ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/10/11
    10 ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃    ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠱᠠᠭᠠᠷᠳᠠᠯᠭ᠎ᠠ ᠶᠣᠰᠣᠭᠠᠷ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠵᠠᠰᠠᠭ ᠤᠨ ᠣᠷᠳᠣᠨ ᠤ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ ᠂ ︽ ᠵᠢᠷᠭᠤᠭᠠᠨ ᠢᠨᠵᠧᠨᠧᠷᠢᠩ ︾ ᠢ ᠪᠦᠭᠦ ᠬᠦᠴᠦᠨ ᠢᠶᠠᠷ ᠢᠶᠠᠨ ᠬᠡᠷᠡᠭᠵᠢᠭᠦᠯᠵᠦ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠰᠠᠶᠢᠲᠤᠷ ᠠᠳᠬᠤᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠤᠬᠠᠭᠤᠯᠵᠤ ᠲᠠᠶᠢᠯᠪᠤᠷᠢᠯᠠᠬᠤ ᠶᠢ ᠴᠢᠩᠭᠠᠳᠬᠠᠵᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠤᠷᠢᠳᠴᠢᠯᠠᠨ ᠬᠢᠨᠠᠨ ᠪᠠᠶᠢᠴᠠᠭᠠᠬᠤ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠠᠷ ᠠᠵᠠ ᠲᠣᠭᠢᠶᠠᠯ ᠪᠤᠯᠭᠠᠵᠤ ᠂ ᠨᠡᠶᠢᠳᠡᠮ ᠪᠠᠶᠢᠴᠠᠭᠠᠯᠲᠠ ᠬᠢᠬᠦ ᠶᠢᠨ ᠳᠠᠭᠠᠤ ᠠᠰᠠᠭᠤᠳᠠᠯ ᠢ ᠢᠯᠡᠷᠡᠭᠦᠯᠵᠦ ᠂ ᠴᠡᠭᠴᠡᠯᠡᠨ ᠰᠠᠶᠢᠵᠢᠷᠠᠭᠤᠯᠬᠤ ᠶᠢᠨ ᠳᠠᠭᠠᠤ ᠲᠣᠭᠲᠠᠴᠠ ᠪᠠᠨ ᠲᠡᠭᠦᠯᠳᠡᠷᠵᠢᠭᠦᠯᠵᠦ ᠂ ᠬᠤᠪᠣᠷ ᠨᠠᠨᠳᠢᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠂ ᠰᠠᠶᠢᠲᠤᠷ ᠤᠯᠠᠮᠵᠢᠯᠠᠵᠤ ᠂ ᠰᠠᠶᠢᠲᠤᠷ ᠠᠰᠢᠭᠯᠠᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠰᠢᠰᠲ᠋ᠧᠮ ᠤᠨ ᠦᠵᠡᠯᠲᠡ ᠂ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠤᠶ ᠪᠤᠯᠭᠠᠵᠤ ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠂ ᠬᠤᠯᠪᠤᠭᠠᠯᠠᠨ ᠪᠠᠶᠢᠭᠤᠯᠵᠤ ᠬᠤᠯᠪᠤᠭᠠᠯᠠᠨ ᠵᠠᠰᠠᠬᠤ ᠶᠢ ᠴᠢᠩᠭᠠᠳᠬᠠᠵᠤ ᠂ ᠶᠡᠭᠡ ᠬᠢᠩᠭᠠᠨ ᠳᠠᠪᠠᠭ᠎ᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠤᠨ ᠲᠤᠰᠬᠠᠢ ᠲᠥᠯᠦᠪᠵᠢᠭᠦᠯᠭᠡ ᠶᠢ ᠰᠤᠳᠤᠯᠤᠨ ᠨᠠᠶᠢᠷᠠᠭᠤᠯᠤᠨ ᠵᠣᠬᠢᠶᠠᠵᠤ ᠂ ᠪᠦᠭᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠭᠦ ᠣᠷᠣᠨ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠭᠦᠭᠡᠬᠤᠲᠠ ᠶᠢᠨ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠥᠪ ᠢ ᠲᠦᠷᠭᠡᠳᠬᠡᠨ ᠪᠠᠶᠢᠭᠤᠯᠬᠤ ᠶᠢ ᠳᠡᠮᠵᠢᠬᠦ ᠰᠠᠨᠠᠯ ᠢ ᠬᠢᠨᠠᠨ ᠵᠥᠪᠯᠡᠵᠦ ᠪᠠᠲᠤᠯᠠᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠂ ᠰᠢᠨ᠎ᠡ ᠡᠭᠦᠳᠦᠯᠲᠡ ᠶᠢᠨ ᠴᠢᠨᠠᠷᠲᠠᠢ ᠂ ᠰᠢᠪᠲᠤᠯᠤᠯᠲᠠ ᠶᠢᠨ ᠴᠢᠨᠠᠷᠲᠠᠢ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠭᠦᠭᠡᠬᠤᠲᠠ ᠶᠢᠨ ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠲᠥᠪᠯᠡᠷᠡᠯ ᠤᠨ ᠣᠷᠣᠨ ᠢ ᠲᠦᠷᠭᠡᠳᠬᠡᠨ ᠪᠠᠶᠢᠭᠤᠯᠵᠤ ᠂ ᠪᠦᠭᠦ ᠣᠷᠣᠨ ᠢ ᠬᠥᠲᠥᠯᠥᠨ ᠳᠠᠭᠠᠭᠤᠯᠵᠤ ᠮᠥᠩᠭᠦᠨ ᠭᠦᠢᠯᠭᠡᠭᠡᠨ ᠤ ᠰᠢᠨ᠎ᠡ ᠪᠠᠶᠢᠳᠠᠯ ᠢ ᠡᠭᠦᠳᠬᠦ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠡᠨᠧᠷᠭᠢ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠨ ᠂ ᠲᠤᠨᠤᠭ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠣᠨ ᠤ ᠡᠭᠦᠷᠭᠡ ᠶᠢᠨ ᠠᠵᠢᠯ ᠤᠨ ᠨᠠᠷᠢᠨ ᠲᠠᠩᠰᠠ ᠶᠢ ᠨᠠᠷᠢᠯᠢᠭᠵᠢᠭᠤᠯᠤᠨ ᠂ ᠰᠢᠨᠡᠳᠬᠡᠨ ᠥᠭᠡᠷᠡᠴᠢᠯᠡᠬᠦ ᠠᠯᠬᠤᠭ᠎ᠠ ᠶᠢ ᠲᠦᠷᠭᠡᠳᠬᠡᠵᠦ ᠂ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠭᠦ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠤᠪᠢ ᠶᠢᠨ ᠵᠢᠩ ᠢ ᠬᠦᠴᠦᠯᠡᠨ ᠳᠡᠭᠡᠭᠰᠢᠯᠡᠭᠦᠯᠵᠦ ᠂ ᠠᠵᠠ ᠲᠣᠭᠢᠶᠠᠯ ᠢ ᠠᠮᠵᠢᠨ ᠠᠵᠤ ᠦᠢᠯᠡᠰ ᠤᠨ ᠲᠡᠰ ᠳᠠᠪᠬᠤᠷᠭ᠎ᠠ ᠶᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠠᠰᠠ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠠᠵᠢᠯ ᠢ ᠰᠤᠳᠤᠯᠵᠠᠢ ᠃         
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ