ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠮᠢ ᠠᠬᠤᠶ ᠶᠢᠨ ᠴᠠᠭᠳᠠᠭᠠᠨ ᠤ ᠶᠠᠪᠤᠳᠠᠯ ᠤᠨ ᠴᠣᠬᠢᠯᠲᠠ ᠥᠭᠬᠦ ᠪᠠ ᠰᠡᠷᠭᠡᠶᠢᠯᠡᠬᠦ ᠶᠢ ᠬᠠᠮᠵᠢᠯᠴᠠᠬᠤ ᠲᠤᠭᠲᠠᠯᠴᠠᠭ᠎ᠠ ᠶᠢ ᠪᠠᠶᠢᠭᠤᠯᠵᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2024/10/12
    ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠦᠬᠦ ᠤᠯᠤᠰ ᠲᠤ ᠤᠤᠯ ᠤᠨ ᠭᠤᠷᠪᠠᠳᠤᠭᠠᠷ ᠳᠡᠰ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠵᠢᠴᠢ ᠢᠳᠡᠭᠡᠨ ᠪᠠ ᠡᠮ ᠤᠨ ᠵᠦᠢᠯ ᠂ ᠣᠷᠴᠢᠨ ᠲᠣᠭᠤᠷᠢᠨ ᠤ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠠᠭ᠎ᠠ ᠮᠥᠴᠢᠷ ᠢ ᠨᠡᠶᠢᠳᠭᠡᠵᠦ ᠂ ᠡᠭᠦᠷᠭᠡ ᠴᠢᠳᠠᠪᠤᠷᠢ ᠶᠢ ᠨᠢ ᠠᠭᠤᠰᠤᠯᠴᠠᠭᠤᠯᠤᠨ ᠂ ᠠᠮᠢ ᠠᠬᠤᠶ ᠶᠢᠨ ᠡᠬᠢ ᠪᠠᠶᠠᠯᠢᠭ ᠢᠶᠠᠷ ᠲᠦᠪᠯᠡᠷᠡᠩᠭᠦᠢ ᠂ ᠬᠠᠮᠠᠭᠠᠯᠠᠬᠤ ᠡᠭᠦᠷᠭᠡ ᠪᠠᠷ ᠬᠦᠨᠳᠦ ᠪᠠᠶᠢᠭ᠎ᠠ ᠭᠤᠤᠯᠳᠠᠯᠭ᠎ᠠ ᠲᠠᠢ ᠣᠷᠣᠨ ᠪᠦᠰᠡ ᠳᠤ ᠠᠮᠢ ᠠᠬᠤᠶ ᠶᠢᠨ ᠴᠠᠭᠳᠠᠭᠠᠨ ᠤ ᠶᠠᠪᠤᠳᠠᠯ ᠤᠨ 77 ᠲᠠᠰᠤᠭ ᠢ ᠪᠦᠲᠦᠭᠡᠨ ᠪᠠᠶᠢᠭᠤᠯᠪᠠ ᠃ ᠬᠠᠲᠤᠨ ᠭᠤᠤᠯ ᠳᠠᠭᠠᠤ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ᠪᠦᠰᠡ ᠳᠤ ᠣᠶᠤᠨᠴᠢ ᠮᠡᠳᠡᠷᠡᠮᠵᠢ ᠶᠢᠨ ᠦᠵᠦᠭᠦᠷ ᠢ 2040 ᠪᠠᠶᠢᠭᠤᠯᠵᠤ ᠂ ︽ ᠪᠦᠷᠢᠨ ᠪᠦᠷᠬᠦᠭᠦᠯᠬᠦ ᠂ ᠦᠵᠡᠭᠳᠡᠬᠦ᠋ᠢᠴᠡ ᠂ ᠰᠡᠷᠡᠮᠵᠢᠯᠡᠭᠦᠯᠵᠦ ᠳᠡᠶᠢᠯᠬᠦ ︾ ᠠᠮᠢ ᠠᠬᠤᠶ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠰᠢᠨ᠎ᠡ ᠬᠡᠪ ᠵᠠᠭᠪᠤᠷ ᠢ ᠪᠣᠶ ᠪᠣᠯᠭᠠᠪᠠ ᠃ ᠡᠨᠡ ᠵᠢᠯ ᠡᠬᠢᠯᠡᠭᠰᠡᠨ ᠠᠴᠠ ᠨᠠᠭᠠᠰᠢ ᠂ ᠪᠥᠬᠦ ᠣᠷᠣᠨ ᠤ ᠬᠠᠲᠤᠨ ᠭᠤᠤᠯ ᠳᠠᠭᠠᠤ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠠᠲᠤᠨ ᠭᠤᠤᠯ ᠤᠨ ᠰᠠᠪᠠ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠂ ᠣᠷᠴᠢᠨ ᠲᠣᠭᠤᠷᠢᠨ ᠢ ᠪᠣᠬᠢᠷᠲᠤᠭᠤᠯᠬᠤ ᠂ ᠬᠠᠤᠯᠢ ᠪᠤᠰᠤ ᠪᠠᠷ ᠠᠭᠤᠷᠬᠠᠶ ᠮᠠᠯᠲᠠᠬᠤ ᠵᠡᠷᠭᠡ ᠭᠤᠷᠪᠠᠨ ᠶᠡᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠂ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠬᠦᠷᠢᠶᠡᠨ ᠳᠠᠬᠢ ᠡᠷᠡᠭᠦᠦ ᠶᠢᠨ ᠬᠡᠷᠡᠭ ᠢ ᠨᠡᠶᠢᠲᠡ 494 ᠢᠯᠡᠷᠡᠭᠦᠯᠵᠦ ᠂ ᠠᠳᠠᠯᠢ ᠬᠤᠭᠤᠴᠠᠭᠠᠨ ᠤ ᠬᠢ ᠠᠴᠠ 66% ᠪᠠᠷ ᠨᠡᠮᠡᠭᠳᠡᠪᠡ ᠃ ᠬᠠᠤᠯᠢ ᠪᠤᠰᠤ ᠪᠠᠷ ᠤᠰᠤᠨ ᠤ ᠭᠠᠷᠤᠯᠲᠠ ᠶᠢ ᠠᠩᠨᠠᠵᠤ ᠱᠦᠭᠦᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠤᠰᠤᠨ ᠤ ᠭᠠᠷᠤᠯᠲᠠ ᠶᠢ ᠬᠠᠤᠯᠢ ᠪᠤᠰᠤ ᠪᠠᠷ ᠱᠦᠭᠦᠭᠰᠡᠨ ᠬᠡᠷᠡᠭ ᠢ ᠨᠡᠶᠢᠲᠡ 20 ᠤᠳᠠᠭ᠎ᠠ ᠢᠯᠡᠷᠡᠭᠦᠯᠵᠦ ᠂ ᠡᠨᠡ ᠵᠢᠯ ᠤᠨ ᠬᠠᠲᠤᠨ ᠭᠤᠤᠯ ᠤᠨ ᠳᠡᠭᠡᠳᠦ ᠤᠷᠤᠰᠬᠠᠯ ᠤᠨ ᠭᠤᠤᠯ ᠵᠠᠮ ᠤᠨ ᠪᠥᠬᠦ ᠤᠯᠤᠰ ᠲᠠᠬᠢ ᠠᠩᠬᠠᠳᠠᠭᠴᠢ ᠬᠡᠷᠡᠭ ᠤᠨ ︽ 4 · 08 ︾ ᠤ ᠬᠠᠤᠯᠢ ᠪᠤᠰᠤ ᠪᠠᠷ ᠠᠩᠨᠠᠵᠤ ᠱᠦᠭᠦᠭᠰᠡᠨ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ ᠂ ᠬᠡᠷᠡᠭ ᠲᠤ ᠬᠤᠯᠪᠣᠭᠳᠠᠭᠰᠠᠨ ᠠᠩᠨᠠᠵᠤ ᠱᠦᠭᠦᠭᠰᠡᠨ ᠵᠢᠭᠠᠰᠤ 6000 ᠭᠠᠷᠤᠶ ᠵᠢᠩ ᠳᠤ ᠬᠦᠷᠴᠦ ᠂ ᠨᠡᠶᠢᠲᠡ 10 ᠲᠦᠮᠡ ᠭᠠᠷᠤᠶ ᠲᠥᠭᠦᠷᠢᠭ ᠠᠷᠠᠯᠵᠢᠶᠠᠯᠠᠭᠰᠠᠨ ᠪᠠᠶᠢᠨ᠎ᠠ ᠃ ︵ ᠳᠣᠲᠣᠭᠠᠳᠤ ᠶᠢ ᠬᠠᠮᠠᠭᠠᠯᠠᠬᠤ ᠲᠢᠩᠬᠢᠮ ︶       
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ