ᠣᠷᠳᠣᠰ ᠬᠤᠲᠠ ᠠᠵᠤ ᠦᠢᠯᠡᠳᠪᠦᠷᠢ ᠶᠢᠨ ᠬᠦᠷᠢᠶᠡᠨ ᠳᠠᠬᠢ ᠶᠡᠭᠡ ᠬᠡᠪᠴᠢᠶᠡᠨ ᠤ ᠲᠥᠬᠦᠭᠡᠷᠦᠮᠵᠢ ᠨᠦᠭᠦᠳ ᠢ ᠰᠢᠨᠡᠳᠬᠡᠬᠦ ᠪᠠᠨ ᠪᠥᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2024/10/15
    ᠣᠷᠳᠣᠰ ᠬᠤᠲᠠ ᠠᠵᠤ ᠦᠢᠯᠡᠳᠪᠦᠷᠢ ᠶᠢᠨ ᠬᠦᠷᠢᠶᠡᠨ ᠤ ᠶᠡᠭᠡ ᠬᠡᠪᠴᠢᠶᠡᠨ ᠤ ᠲᠥᠬᠦᠭᠡᠷᠦᠮᠵᠢ ᠨᠦᠭᠦᠳ ᠢ ᠰᠢᠨᠡᠳᠬᠡᠬᠦ ᠪᠠᠨ ᠪᠥᠬᠦ ᠬᠦᠴᠦᠨ ᠢᠶᠠᠷ ᠢᠶᠠᠨ ᠠᠬᠢᠭᠤᠯᠪᠠ ᠃ ᠠᠵᠤ ᠦᠢᠯᠡᠳᠪᠦᠷᠢ ᠶᠢᠨ ᠬᠦᠷᠢᠶᠡᠨ ᠤ ᠮᠡᠷᠭᠡᠵᠢᠯ ᠢ ᠥᠭᠡᠷᠡᠴᠢᠯᠡᠨ ᠰᠢᠨᠡᠳᠭᠡᠬᠦ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ ᠂ ᠪᠦᠬᠦ ᠬᠤᠲᠠ ᠳᠤ ᠨᠡᠶᠢᠲᠡ 30 ᠲᠥᠷᠥᠯ ᠵᠦᠢᠯ ᠢ ᠬᠥᠮᠥᠷᠭᠡ ᠳᠤ ᠣᠷᠣᠭᠤᠯᠵᠤ ᠂ ᠶᠡᠷᠦᠩᠬᠡᠢ ᠪᠡᠯᠡ ᠣᠷᠣᠭᠤᠯᠤᠯᠲᠠ ᠨᠢ 41.2 ᠳ᠋ᠦᠩᠰᠢᠭᠤᠷ ᠲᠥᠭᠦᠷᠢᠭ ᠪᠠᠶᠢᠵᠤ ᠂ ᠲᠤᠰ ᠵᠢᠯ ᠳᠤ 21.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠂ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 8.9 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠪᠠ ᠃ ᠨᠦᠬᠦᠴᠡᠯ ᠳᠤ ᠨᠡᠶᠢᠴᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠥᠬᠦᠭᠡᠷᠦᠮᠵᠢ ᠶᠢ ᠰᠢᠨᠡᠳᠭᠡᠬᠦ ᠂ ᠡᠷᠬᠢᠯᠳᠦᠬᠦᠯᠦᠨ ᠠᠰᠢᠭᠯᠠᠬᠤ ᠲᠦᠷᠦᠯ ᠵᠦᠢᠯ ᠢ ᠲᠦᠷᠦ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ ᠣᠷᠣᠭᠤᠯᠬᠤ ᠶᠢ ᠲᠦᠯᠬᠢᠨ ᠠᠬᠢᠭᠤᠯᠵᠤ ᠂ ᠣᠳᠣ ᠪᠣᠯᠲᠠᠯ᠎ᠠ ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠮᠡᠷᠭᠡᠵᠢᠯ ᠢ ᠥᠭᠡᠷᠡᠴᠢᠯᠡᠨ ᠰᠢᠨᠡᠳᠭᠡᠬᠦ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠤᠰᠬᠠᠢ ᠲᠥᠷᠥᠯ ᠤᠨ ᠳᠠᠬᠢᠨᠲᠠ ᠵᠢᠭᠡᠯᠡᠯᠭᠡ ᠲᠠᠯᠪᠢᠭᠰᠠᠨ 3 ᠲᠦᠷᠦᠯ ᠵᠦᠢᠯ ᠨᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠬᠢᠨᠠᠨ ᠬᠠᠷᠭᠤᠭᠤᠯᠤᠯᠲᠠ ᠶᠢ ᠥᠩᠭᠡᠷᠡᠭᠡᠪᠡ ︔ 2 ᠲᠥᠷᠥᠯ ᠵᠦᠢᠯ ᠨᠢ 2024 ᠣᠨ ᠤ ᠤᠯᠤᠰ ᠤᠨ ᠬᠡᠳᠦ ᠣᠷᠳᠣ ᠬᠤᠭᠤᠴᠠᠭᠠᠲᠤ ᠣᠨᠴᠠᠭᠠᠢ ᠵᠢᠭᠡᠯᠡᠯᠭᠡ ᠶᠢᠨ ᠪᠠᠯᠠ ᠮᠦᠩᠭᠦᠨ ᠤ ᠳᠡᠮᠵᠢᠯᠭᠡ ᠶᠢ ᠭᠤᠶᠤᠴᠢᠯᠠᠨ ᠮᠡᠳᠡᠭᠦᠯᠪᠡ ᠃ ︵ ᠣᠷᠳᠣᠰ ᠬᠤᠲᠠ ᠶᠢᠨ ᠵᠠᠰᠠᠭ ᠤᠨ ᠣᠷᠳᠣᠨ ︶        
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ