ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠬᠢᠭᠡᠳ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠬᠢᠯᠢ ᠠᠯᠤᠰᠯᠠᠭᠰᠠᠨ ᠰᠢᠭᠤᠳ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠦᠷᠨᠢᠩᠭᠦᠢ ᠬᠥᠭᠵᠢᠪᠡ
ᠨᠡᠶᠢᠲᠡᠯᠡᠭᠰᠡᠨ ᠴᠠᠭ᠄
2024/10/15
     ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠲᠠᠯ᠎ᠠ ᠪᠠᠷ ᠂ 1 — 9 ᠳ᠋ᠦ᠋ᠭᠡᠷ ᠰᠠᠷ᠎ᠠ ᠳᠤ ᠂ ᠮᠠᠨ ᠤ ᠣᠷᠣᠨ ︽ ᠨᠢᠭᠡ ᠪᠦᠰᠡ ᠨᠢᠭᠡ ᠵᠠᠮ ︾ ᠳᠠᠭᠠᠤ ᠶᠢᠨ ᠤᠯᠤᠰ ᠲᠠᠬᠢ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠢ 30 ᠰᠢᠨ᠎ᠡ ᠪᠠᠷ ᠨᠡᠮᠡᠭᠳᠡᠭᠦᠯᠵᠦ ᠂ ᠠᠳᠠᠯᠢ ᠬᠤᠭᠤᠴᠠᠭᠠᠨ ᠤ ᠬᠢ ᠠᠴᠠ 42.86% ᠪᠠᠷ ᠨᠡᠮᠡᠭᠳᠡᠨ ᠂ ᠪᠥᠬᠦ ᠣᠷᠣᠨ ᠤ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ 81.08% ᠶᠢ ᠡᠵᠡᠯᠡᠪᠡ ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠂ ᠮᠠᠨ ᠤ ᠣᠷᠣᠨ ︽ ᠨᠢᠭᠡ ᠪᠦᠰᠡ ᠨᠢᠭᠡ ᠵᠠᠮ ︾ ᠳᠠᠭᠠᠤ ᠶᠢᠨ ᠬᠠᠮᠲᠤ ᠪᠠᠷ ᠪᠠᠶᠢᠭᠤᠯᠬᠤ 28 ᠤᠯᠤᠰ ᠲᠤ ᠣᠲᠣ ᠪᠠᠶᠢᠭ᠎ᠠ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ 401 ᠪᠠᠶᠢᠵᠤ ᠂ ᠪᠥᠬᠦ ᠣᠷᠣᠨ ᠤ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ 74.81% ᠶᠢ ᠡᠵᠡᠯᠡᠵᠦ ᠂ ᠳᠤᠮᠳᠠᠳᠤ ᠶᠢᠨ ᠲᠠᠯ᠎ᠠ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ 37.25 ᠳ᠋ᠦᠩᠰᠢᠭᠤᠷ ᠳ᠋ᠣᠯᠯᠠᠷ ᠲᠤ ᠬᠦᠷᠴᠦ ᠂ ᠪᠥᠭᠡᠮ ᠢᠶᠠᠷ ᠬᠤᠳᠠᠯᠳᠤᠬᠤ ᠦᠢᠯᠡᠰ ᠂ ᠠᠭᠤᠷᠬᠠᠶ ᠮᠠᠯᠲᠠᠬᠤ ᠦᠢᠯᠡᠰ ᠂ ᠲᠠᠷᠢᠶᠠᠯᠠᠩ ᠣᠶ ᠰᠢᠭᠤᠢ ᠮᠠᠯ ᠠᠵᠤ ᠠᠬᠤᠶ ᠵᠢᠭᠠᠰᠤᠨ ᠠᠵᠤ ᠠᠬᠤᠶ ᠵᠡᠷᠭᠡ ᠠᠵᠢᠯ ᠲᠥᠷᠥᠯ ᠳᠤ ᠲᠥᠪᠯᠡᠷᠡᠭᠦᠯᠦᠨ ᠪᠡᠯᠡ ᠤᠷᠤᠭᠤᠯᠵᠦ ᠪᠤᠢ ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠲᠠᠯ᠎ᠠ ᠪᠠᠷ ᠂ 1 — 9 ᠳ᠋ᠦ᠋ᠭᠡᠷ ᠰᠠᠷ᠎ᠠ ᠳᠤ ᠂ ︽ ᠨᠢᠭᠡ ᠪᠦᠰᠡ ᠨᠢᠭᠡ ᠵᠠᠮ ︾ ᠳᠠᠭᠠᠤ ᠶᠢᠨ ᠪᠡᠯᠡ ᠣᠷᠣᠭᠤᠯᠤᠭᠴᠢᠳ ᠮᠠᠨ ᠤ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ 11 ᠪᠠᠶᠢᠭᠤᠯᠵᠤ ᠂ ᠠᠳᠠᠯᠢ ᠬᠤᠭᠤᠴᠠᠭᠠᠨ ᠤ ᠬᠢ ᠠᠴᠠ 83.33% ᠪᠠᠷ ᠨᠡᠮᠡᠭᠳᠡᠵᠦ ᠂ ᠲᠡᠦᠬᠡ ᠶᠢᠨ ᠠᠳᠠᠯᠢ ᠬᠤᠭᠤᠴᠠᠭᠠᠨ ᠤ ᠬᠠᠮᠤᠭ ᠤᠨ ᠥᠨᠳᠥᠷ ᠣᠷᠭᠢᠯ ᠬᠡᠮᠵᠢᠭᠳᠡᠯ ᠳᠤ ᠬᠦᠷᠴᠦ ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ 35.48% ᠶᠢ ᠡᠵᠡᠯᠡᠪᠡ ᠃ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ ᠂ ︽ ᠨᠢᠭᠡ ᠪᠦᠰᠡ ᠨᠢᠭᠡ ᠵᠠᠮ ︾ ᠳᠠᠭᠠᠤ ᠶᠢᠨ ᠬᠠᠮᠲᠤ ᠪᠠᠷ ᠪᠠᠶᠢᠭᠤᠯᠬᠤ 20 ᠤᠯᠤᠰ ᠠᠴᠠ ᠮᠠᠨ ᠤ ᠣᠷᠣᠨ ᠳᠤ ᠰᠢᠭᠤᠳ ᠪᠡᠯᠡ ᠣᠷᠣᠭᠤᠯᠵᠤ ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ 134 ᠪᠠᠶᠢᠭᠤᠯᠵᠤ ᠂ ᠭᠠᠳᠠᠭᠠᠳᠤ ᠶᠢᠨ ᠲᠠᠯ᠎ᠠ ᠶᠢᠨ ᠬᠢᠨ ᠤ ᠳᠠᠩᠰᠠᠯᠠᠭᠤᠯᠤᠭᠰᠠᠨ ᠬᠦᠷᠦᠩᠭᠡ 13.35 ᠳ᠋ᠦᠩᠰᠢᠭᠤᠷ ᠳ᠋ᠣᠯᠯᠠᠷ ᠲᠤ ᠬᠦᠷᠴᠦ ᠂ ᠬᠢᠯᠢ ᠠᠯᠤᠰᠯᠠᠭᠰᠠᠨ ᠤᠷᠤᠭᠤᠯᠤᠯᠲᠠ ᠨᠡᠶᠢᠲᠡ 7.62 ᠳ᠋ᠦᠩᠰᠢᠭᠤᠷ ᠳ᠋ᠣᠯᠯᠠᠷ ᠲᠤ ᠬᠦᠷᠴᠦ ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠂ ᠠᠭᠤᠷᠬᠠᠶ ᠮᠠᠯᠲᠠᠬᠤ ᠦᠢᠯᠡᠰ ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠢ ᠵᠢᠴᠢ ᠲᠡᠭᠦᠨ ᠤ ᠦᠢᠯᠡᠴᠢᠯᠡᠭᠡᠨ ᠤ ᠦᠢᠯᠡᠰ ᠂ ᠢᠳᠡᠭᠡᠨ ᠤᠮᠳᠠᠭᠠᠨ ᠬᠤᠳᠠᠯᠳᠤᠭᠠᠨ ᠤ ᠶᠠᠪᠤᠳᠠᠯ ᠰᠣᠶᠣᠯ ᠵᠠᠭᠤᠴᠢᠯᠠᠭᠤᠷ ᠤᠨ ᠦᠢᠯᠡᠴᠢᠯᠡᠭᠡᠨ ᠤ ᠦᠢᠯᠡᠰ ᠵᠡᠷᠭᠡ ᠠᠵᠢᠯ ᠲᠥᠷᠥᠯ ᠳᠤ ᠲᠥᠪᠯᠡᠷᠡᠭᠦᠯᠦᠨ ᠪᠡᠯᠡ ᠣᠷᠣᠭᠤᠯᠪᠠ ᠃ ︵ ᠳᠤᠮᠳᠠᠳᠤ ᠤᠯᠤᠰ ᠤᠨ ᠠᠷᠠᠳ ᠤᠨ ᠪᠠᠩᠬᠢ ︶        
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ