ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/10/15
     10 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠦ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃    ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠂ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠃ ᠭᠤᠣᠯ ᠰᠢᠵᠢᠮ ᠢ ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ ᠂ ᠭᠠᠷᠳᠠᠴᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠂ ᠪᠣᠳᠠᠲᠠᠢ ᠲᠠᠢ ᠨᠢᠭᠲᠠ ᠤᠶᠠᠯᠳᠤᠭᠤᠯᠵᠤ ᠪᠠᠶᠢᠭᠠᠳ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠷᠡᠭᠦᠯᠬᠦ ᠶᠢ ᠭᠦᠨᠵᠡᠭᠡᠶᠢᠷᠡᠭᠦᠯᠦᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠭᠤᠯᠤᠭᠰᠠᠨ ᠨᠡᠩ ᠣᠯᠠᠨ ᠰᠣᠶᠣᠯ ᠤᠨ ᠰᠣᠳᠣᠨ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠠᠶᠠᠵᠢᠬᠤ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠃ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠶᠢ ᠳᠠᠭᠠᠵᠤ ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠭᠦᠨ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠬᠤ ᠬᠡᠷᠡᠭᠲᠡᠢ ᠃ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠭᠠᠪᠢᠶᠠᠨ ᠲᠡᠮᠳᠡᠭ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ ᠂ ᠪᠠᠭᠠᠲᠤᠷ ᠵᠢᠱᠢᠶᠡᠴᠢ ᠶᠢᠨ ᠲᠡᠷᠢᠭᠦᠨ ᠤ ᠦᠶ᠋ᠯᠡ ᠠᠵᠢᠯᠯᠠᠭ᠎ᠠ ᠶᠢ ᠰᠤᠷᠤᠯᠴᠠᠨ ᠤᠬᠠᠭᠤᠯᠵᠤ ᠂ ᠪᠦᠭᠦ ᠣᠷᠣᠨ ᠤ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠠᠭᠠᠲᠤᠷ ᠵᠢᠱᠢᠶᠡᠴᠢ ᠪᠠᠷ ᠥᠯᠢᠭᠡᠷ ᠳᠠᠭᠤᠷᠢᠶᠠᠯ ᠪᠤᠯᠭᠠᠵᠤ ᠂ ᠬᠡᠬᠦᠳᠡᠭ ᠴᠡᠭᠡᠵᠢᠨ ᠳᠡᠭᠡᠨ ᠠᠤᠭ᠎ᠠ ᠵᠣᠷᠢᠭ ᠢ ᠡᠪᠦᠷᠯᠡᠨ ᠠᠵᠢᠯ ᠬᠢᠵᠦ ᠦᠢᠯᠡᠰ ᠪᠣᠰᠬᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠤᠬᠠᠮᠰᠠᠷ ᠠᠴᠠ ᠪᠠᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠬᠡᠷᠡᠭᠲᠡᠢ ᠃ ᠪᠠᠭᠠᠲᠤᠷ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠲᠡᠳᠡᠨ ᠤ ᠬᠦᠷᠲᠡᠮᠵᠢ ᠶᠢᠨ ᠲᠥᠷᠥᠭᠳᠡᠯ ᠂ ᠢᠷᠠᠭᠤ ᠠᠯᠳᠠᠷ ᠤᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠃ ᠡᠯ᠎ᠡ ᠹᠷᠣᠨᠲ ᠤᠨ ᠲᠡᠷᠢᠭᠦᠨ ᠤ ᠵᠢᠱᠢᠶᠡᠴᠢ ᠶᠢ ᠶᠡᠭᠡ ᠪᠠᠷ ᠤᠬᠠᠭᠤᠯᠵᠤ ᠂ ᠪᠠᠭᠠᠲᠤᠷᠴᠤᠳ ᠢ ᠬᠦᠨᠳᠦᠳᠬᠡᠨ ᠪᠢᠰᠢᠷᠡᠬᠦ ᠂ ᠪᠠᠭᠠᠲᠤᠷ ᠪᠤᠯᠬᠤ ᠪᠠᠷ ᠴᠢᠷᠮᠠᠶᠢᠬᠤ ᠥᠳᠬᠡᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠶ ᠪᠤᠯᠭᠠᠵᠤ ᠂ ᠣᠷᠣᠨ ᠳᠠᠶᠠᠭᠠᠷ ᠲᠤ ᠬᠥᠮᠥᠨ ᠪᠦᠭᠦᠨ ᠠᠵᠢᠯ ᠶᠠᠪᠤᠳᠠᠯ ᠬᠢᠬᠦ ᠳᠤᠷᠠᠲᠠᠢ ᠂ ᠠᠵᠢᠯ ᠶᠠᠪᠤᠳᠠᠯ ᠪᠦᠲᠦᠭᠡᠬᠦ ᠳᠤᠷᠠᠲᠠᠢ ᠠᠮᠢᠳᠤᠯᠢᠭ ᠪᠠᠶᠢᠳᠠᠯ ᠢ ᠪᠤᠶ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠨᠢᠭᠡᠳᠦᠭᠡᠷ ᠬᠦᠨᠳᠦ ᠭᠡᠯᠪᠡᠷᠢ ᠶᠢᠨ ᠮᠠᠰᠢᠨ ᠮᠧᠬᠠᠨᠢᠭ ᠤᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠠᠵᠤ ᠦᠢᠯᠡᠰ ᠤᠨ ᠠᠵᠢᠯᠴᠢᠨ ᠤ ᠲᠥᠯᠥᠭᠡᠯᠡᠭᠴᠢ ᠂ ︽ ᠪᠤᠭᠤᠷᠤᠯᠴᠤᠳ ᠤᠨ ᠠᠵᠢᠯᠯᠠᠭ᠎ᠠ ︾ ᠶᠢᠨ ᠪᠤᠭᠤᠷᠤᠯ ᠰᠠᠶᠢᠨ ᠳᠤᠷᠠᠴᠤᠳ ᠤᠨ ᠲᠥᠯᠥᠭᠡᠯᠡᠭᠴᠢ ᠳᠤ ᠢᠯᠡᠭᠡᠭᠰᠡᠨ ᠬᠠᠷᠢᠭᠤ ᠵᠠᠬᠢᠳᠠᠯ ᠵᠢᠴᠢ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠢᠯᠡᠭᠡᠭᠰᠡᠨ ᠵᠠᠬᠢᠳᠠᠯ ᠢ ᠤᠯᠠᠮᠵᠢᠯᠠᠨ ᠰᠤᠷᠤᠯᠴᠠᠵᠤ ᠂ ᠮᠠᠨ ᠤ ᠣᠷᠣᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠪᠠ ᠨᠠᠰᠤᠲᠠᠶᠢᠴᠤᠳ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃         
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ