| ᠠᠯᠲᠠᠨ ᠰᠢᠷᠭᠠᠯ ᠨᠠᠮᠤᠷ ᠤᠨ ᠠᠷᠪᠠᠨ ᠰᠠᠷ᠎ᠠ ᠳᠤ ᠂ ᠳᠠᠷᠢᠶᠠᠨ ᠲᠦᠷᠦᠭᠦᠦ ᠪᠤᠯᠪᠠᠰᠤᠷᠠᠵᠤ ᠠᠩᠬᠢᠯᠤᠮ᠎ᠠ ᠦᠨᠦᠷ ᠬᠠᠩᠬᠤᠯᠤᠨ᠎ᠠ ᠃ ᠵᠡᠭᠦᠨᠭᠠᠷ ᠬᠤᠰᠢᠭᠤᠨ ᠤ | ᠱᠠᠬᠳᠠᠷ ᠪᠠᠯᠭᠠᠰᠤᠨ ᠤ ᠲᠦᠮᠡᠨ ᠮᠦ ᠶᠢᠨ ︽ ᠬᠥᠲᠥᠯ ᠢ ᠱᠠᠳᠤᠨ ᠳᠠᠷᠢᠶ᠎ᠠ ᠪᠣᠯᠭᠠᠨ ᠥᠭᠡᠷᠡᠴᠢᠯᠡᠭᠰᠡᠨ ︾ ᠲᠠᠷᠢᠶᠠᠨ ᠭᠠᠵᠠᠷ ᠲᠤ ᠂ ᠨᠠᠷᠢᠮᠤ ᠂ ᠮᠣᠩᠭᠤᠯ ᠠᠮᠤ ᠂ | ᠰᠠᠭᠠᠭ ᠂ ᠳᠤᠰᠤᠯᠢᠭ ᠨᠠᠷᠠᠨ ᠬᠤᠸᠠᠷ ᠂ ᠰᠢᠷ᠎ᠠ ᠪᠤᠷᠴᠠᠭ ᠵᠡᠷᠭᠡ ᠡᠯᠳᠡᠪ ᠠᠮᠤ ᠬᠠᠳᠤᠵᠤ ᠬᠤᠷᠢᠶᠠᠬᠤ ᠬᠤᠭᠤᠴᠠᠭᠠᠨ ᠳᠤ ᠣᠷᠣᠵᠤ ᠂ ᠲᠠᠷᠢᠶᠠᠨ ᠭᠠᠵᠠᠷ ᠠᠭᠤᠯᠠ | ᠳᠤᠯᠤᠭᠠᠳ ᠰᠢᠷᠭᠠᠯ ᠦᠩᠭᠡ ᠪᠠᠷ ᠪᠤᠳᠤᠬᠳᠠᠨ ᠂ ᠡᠯᠪᠡᠭ ᠬᠤᠷᠢᠶᠠᠯᠲᠠ ᠪᠠᠷ ᠪᠢᠯᠬᠠᠵᠤ ᠪᠠᠶᠢᠯ᠎ᠠ ᠃ | | | | ᠱᠠᠬᠳᠠᠷ ᠪᠠᠯᠭᠠᠰᠤᠨ ᠤ ᠦ᠋ ᠽᠢ ᠸᠠᠨ ᠲᠣᠰᠬᠤᠨ ᠤ ᠡᠯᠳᠡᠪ ᠠᠮᠤ ᠳᠠᠷᠢᠬᠤ ᠰᠠᠭᠤᠷᠢᠨ ᠭᠠᠵᠠᠷ ᠲᠤ ᠬᠦᠷᠴᠦ ᠂ ᠠᠯᠤᠰ ᠢ ᠪᠠᠷᠠᠯᠠᠬᠤᠶ᠎ᠠ᠂ ᠲᠥᠪᠯᠡᠷᠡᠨ | ᠵᠠᠯᠭᠠᠯᠳᠤᠭᠰᠠᠨ ᠲᠠᠷᠢᠶᠠᠨ ᠲᠦᠷᠦᠭᠦᠦ ᠳᠠᠪᠠᠯᠭᠠᠯᠠᠨ ᠬᠠᠷᠠᠬᠳᠠᠵᠤ ᠂ ᠮᠠᠰᠢᠨ ᠤ ᠳᠠᠭᠤᠨ ᠬᠦᠷᠴᠢᠬᠢᠨᠡᠨ ᠳᠤᠤᠭᠠᠷᠴᠤ ᠂ ᠬᠠᠳᠤᠵᠤ ᠬᠤᠷᠢᠶᠠᠬᠤ ᠮᠠᠰᠢᠨ | ᠠᠯᠭᠤᠷᠬᠠᠨ ᠢᠶᠠᠷ ᠤᠷᠤᠭᠰᠢᠯᠠᠨ᠎ᠠ᠂ ᠤᠳᠠᠯ ᠦᠭᠡᠢ ᠮᠥᠬᠦᠯᠢᠭ ᠳᠦᠬᠦᠷᠡᠩ ᠳᠠᠷᠢᠶ᠎ᠠ ᠬᠠᠳᠤᠬᠤ ᠮᠠᠰᠢᠨ ᠳᠤ ᠬᠠᠮᠤᠬᠳᠠᠨ ᠤᠷᠤᠵᠤ ᠂ ᠣᠩᠭᠤᠴᠠᠨ ᠤ ᠠᠮᠠᠰᠠᠷ ᠢᠶᠠᠷ | ᠳᠠᠮᠵᠢᠨ ᠬᠦᠷᠬᠢᠷ᠎ᠡ ᠮᠡᠲᠦ ᠵᠥᠭᠡᠭᠡᠪᠦᠷᠢ ᠶᠢᠨ ᠲᠡᠷᠭᠡᠨ ᠳᠤ ᠤᠷᠤᠰᠤᠨ ᠣᠷᠣᠵᠤ ᠪᠠᠶᠢᠯ᠎ᠠ᠂ ᠳᠠᠷᠠᠭ᠎ᠠ ᠨᠢ ᠡᠳᠡᠭᠡᠷ ᠰᠢᠨ᠎ᠡ ᠰᠣᠷᠭᠤᠭ ᠠᠮᠤ ᠂ ᠰᠠᠭᠠᠭ ᠢ ᠪᠦᠯᠦᠭ | ᠪᠦᠯᠦᠭ ᠢᠶᠠᠷ ᠠᠪᠠᠴᠢᠵᠤ ᠨᠡᠷᠡᠨ ᠳᠤ ᠡᠭᠡᠭᠡᠵᠦ ᠂ ᠬᠠᠳᠠᠭᠠᠬᠰᠠᠨ ᠤ ᠰᠡᠬᠦᠯᠡᠷ ᠬᠥᠮᠥᠷᠭᠡ ᠳᠤ ᠣᠷᠣᠭᠤᠯᠬᠤ ᠪᠤᠯᠤᠨ᠎ᠠ᠃ | | | | ᠣᠶᠢᠯᠠᠭᠠᠭᠰᠠᠨ ᠢᠶᠠᠷ ᠂ 2023 ᠣᠨ ᠳᠤ ᠂ ᠦ᠋ ᠽᠢ ᠸᠠᠨ ᠲᠣᠰᠬᠤᠨ ᠳᠤ 1600 ᠮᠦ ᠬᠥᠲᠥᠯ ᠢ ᠱᠠᠳᠤᠨ ᠳᠠᠷᠢᠶ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠢ | ᠬᠡᠷᠡᠭᠵᠢᠭᠦᠯᠵᠦ ᠂ ᠡᠨᠡ ᠵᠢᠯ ᠤᠨ ᠲᠥᠷᠥᠯ ᠵᠦᠢᠯ ᠤᠨ ᠤᠷᠤᠨ ᠳᠤ ᠪᠦᠬᠦᠨ ᠢᠶᠠᠷ ᠢᠶᠠᠨ ᠡᠯᠳᠡᠪ ᠠᠮᠤ ᠳᠠᠷᠢᠬᠰᠠᠨ ᠪᠠᠶᠢᠨ᠎ᠠ ᠃ ᠬᠥᠲᠥᠯ ᠢ ᠱᠠᠳᠤᠨ ᠳᠠᠷᠢᠶ᠎ᠠ ᠪᠣᠯᠭᠠᠨ | ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠭᠰᠡᠨ ᠨᠢ ᠥᠩᠭᠡᠷᠡᠭᠰᠡᠨ ᠤ ᠰᠢᠷᠣᠢ ᠂ ᠤᠰᠤ ᠂ ᠪᠣᠷᠳᠣᠭᠤᠷ ᠵᠡᠷᠭᠡ ︽ ᠭᠤᠷᠪᠠ ᠳᠤᠬᠳᠠᠳᠠᠭ ᠦᠭᠡᠢ ᠲᠠᠷᠢᠶᠠᠨ ᠭᠠᠵᠠᠷ ︾ | ᠳᠠᠬᠢᠨ ᠠᠮᠢᠵᠢᠷᠠᠯ ᠤᠨ ᠬᠦᠴᠦᠨ ᠲᠠᠢ ᠪᠣᠯᠵᠤ ᠂ ᠰᠢᠷᠣᠢ ᠂ ᠤᠰᠤ ᠂ ᠪᠣᠷᠳᠣᠭᠤᠷ ᠢ ᠪᠠᠲᠤᠯᠠᠬᠰᠠᠨ ︽ ᠭᠤᠷᠪᠠ ᠶᠢ ᠪᠠᠳᠤᠯᠠᠬᠰᠠᠨᠲ᠋ᠠᠷᠢᠶᠠᠨ ᠭᠠᠵᠠᠷ ︾ ᠪᠤᠯᠤᠬᠰᠠᠨ | ᠪᠠᠶᠢᠨ᠎ᠠ ᠃ ᠡᠯᠳᠡᠪ ᠠᠮᠤ ᠪᠤᠳᠠᠭᠠᠨ ᠤ ᠵᠢᠵᠢᠭ ᠠᠵᠤ ᠦᠢᠯᠡᠰ ᠨᠢ ᠲᠤᠬᠠᠢ ᠶᠢᠨ ᠭᠠᠵᠠᠷ ᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠂ | ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠥᠷᠭᠡᠳᠬᠡᠬᠦ ︽ᠰᠢᠵᠢᠷ ᠠᠯᠳᠠᠨ ︾ᠠᠵᠤ ᠦᠢᠯᠡᠰ ᠪᠣᠯᠤᠭᠰᠠᠨ ᠪᠠᠶᠢᠨ᠎ᠠ᠃ | | | | | ︽ ᠡᠨᠡ ᠵᠢᠯ ᠪᠢᠳᠡ ᠨᠠᠷᠢᠮᠤ ᠂ ᠮᠣᠩᠭᠤᠯ ᠠᠮᠤ ᠂ ᠡᠷᠳᠡᠨᠢ ᠰᠢᠰᠢ ᠂ ᠪᠤᠷᠴᠠᠭ ᠂ ᠳᠤᠰᠤᠯᠢᠭ ᠨᠠᠷᠠᠨ ᠬᠤᠸᠠᠷ ᠂ ᠰᠢᠰᠢ ᠂ ᠰᠠᠭᠠᠭ ᠤᠨ ᠭᠤᠯᠢᠷ ᠵᠡᠷᠭᠡ 7 ᠵᠦᠢᠯ ᠤᠨ | ᠡᠯᠳᠡᠪ ᠠᠮᠤ ᠳᠠᠷᠢᠵᠤ ᠂ ᠡᠭᠦᠨ ᠤ ᠳᠣᠲᠣᠷ᠎ᠠ ᠨᠠᠷᠢᠮᠤ ᠂ ᠮᠣᠩᠭᠤᠯ ᠠᠮᠤ ᠂ ᠰᠠᠭᠠᠭ ᠡᠯᠪᠡᠭ ᠬᠤᠷᠢᠶᠠᠯᠲᠠ ᠣᠯᠵᠤ ᠂ ᠨᠡᠶᠢᠲᠡ 170 ᠭᠠᠷᠤᠢ ᠮᠦ ᠳᠠᠷᠢᠵᠤ ᠂ 6 | ᠲᠦᠮᠡ ᠭᠠᠷᠤᠢ ᠵᠢᠩ ᠬᠤᠷᠢᠶᠠᠬᠰᠠᠨ ᠪᠠᠶᠢᠨ᠎ᠠ ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ ᠂ ᠮᠦ ᠪᠦᠷᠢ ᠶᠢᠨ ᠤᠨᠠᠯᠲᠠ ᠨᠢ ᠬᠤᠶᠠᠷ ᠭᠤᠷᠪᠠᠨ ᠵᠠᠭᠤᠨ ᠵᠢᠩ | ᠪᠠᠶᠢᠬᠰᠠᠨ ᠠᠴᠠ ᠪᠠᠨ ᠣᠳᠣ ᠮᠦ ᠪᠦᠷᠢ ᠶᠢᠨ ᠤᠨᠠᠯᠲᠠ ᠨᠢ ᠲᠠᠪᠤ ᠵᠢᠷᠭᠤᠭᠠᠨ ᠵᠠᠭᠤᠨ ᠵᠢᠩ ᠳᠤ ᠬᠦᠷᠴᠦ ᠂ ᠨᠢᠭᠡ ᠳᠠᠬᠢᠨ ᠨᠡᠮᠡᠭᠳᠡᠭᠰᠡᠨ ᠪᠠᠶᠢᠨ᠎ᠠ ︾ ᠭᠡᠵᠦ ᠱᠠᠬᠳᠠᠷ | ᠪᠠᠯᠭᠠᠰᠤ ᠶᠢᠨ ᠦ᠋ ᠽᠢ ᠸᠠᠨ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠸᠠᠩ ᠰᠢᠶᠣᠣ ᠪᠥᠸᠧ ᠶᠠᠷᠢᠨ᠎ᠠ᠃ | ᠲᠠᠨᠢᠯᠴᠠᠭᠤᠯᠤᠭᠰᠠᠨ ᠢᠶᠠᠷ ᠂ ᠱᠠᠬᠳᠠᠷ ᠪᠠᠯᠭᠠᠰᠤ ᠡᠯᠳᠡᠪ ᠠᠮᠤ ᠲᠠᠷᠢᠬᠤ ᠶᠢ ᠰᠣᠩᠭᠤᠭᠰᠠᠨ ᠨᠢ ᠠᠳᠡᠬᠢ ᠠᠭᠤᠯᠠ ᠶᠡᠭᠡ ᠭᠤᠤ ᠭᠦᠨ ᠂ ᠠᠭᠤᠷ ᠠᠮᠢᠰᠬᠤᠯ | ᠬᠦᠢᠲᠡᠨ ᠰᠡᠷᠢᠭᠦᠨ ᠂ ᠬᠢᠷᠠᠭᠤ ᠦᠭᠡᠢ ᠬᠤᠭᠤᠴᠠᠭ᠎ᠠ ᠣᠬᠤᠷ ᠮᠥᠷᠲᠡᠭᠡᠨ ᠭᠠᠩ ᠬᠠᠭᠤᠷᠠᠢ ᠪᠣᠷᠣᠭᠠᠨ ᠪᠠᠭ᠎ᠠ ᠠᠴᠠ ᠪᠣᠯᠤᠭᠰᠠᠨ ᠶᠤᠮ ᠃ ᠥᠪᠡᠷᠮᠢᠴᠡ ᠣᠨᠴᠠᠯᠢᠭ | ᠪᠦᠬᠦᠢ ᠭᠠᠵᠠᠷ ᠤᠨ ᠪᠠᠶᠢᠴᠠ ᠶᠢᠨ ᠠᠭᠤᠷ ᠠᠮᠢᠰᠬᠤᠯ ᠪᠠ ᠰᠠᠶᠢᠨ ᠰᠠᠶᠢᠬᠠᠨ ᠠᠮᠢ ᠠᠬᠤᠢ ᠣᠷᠴᠢᠨ ᠳᠤᠭᠤᠷᠢᠨ ᠨᠢ ᠲᠤᠬᠠᠢ ᠶᠢᠨ ᠭᠠᠵᠠᠷ ᠤᠨ ᠡᠯᠳᠡᠪ ᠠᠮᠤ ᠳᠠᠷᠢᠬᠤ | ᠥᠪᠡᠷᠮᠢᠴᠡ ᠣᠨᠴᠠᠯᠢᠭ ᠪᠦᠬᠦᠢ ᠳᠠᠪᠠᠭᠤᠯᠢᠭ ᠪᠣᠯᠤᠭᠰᠠᠨ ᠪᠠᠶᠢᠨ᠎ᠠ ᠃ | | | | ᠣᠶᠢᠷ᠎ᠠ ᠶᠢᠨ ᠵᠢᠯ ᠤᠳ ᠲᠤ ᠂ ᠱᠠᠬᠳᠠᠷ ᠪᠠᠯᠭᠠᠰᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠤᠯᠤᠰ ᠤᠨ ᠳᠡᠰ ᠤᠨ ᠡᠯᠳᠡᠪ ᠠᠮᠤ ᠶᠢᠨ ᠭᠤᠣᠯ | ᠲᠠᠷᠢᠮᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠵᠤ ᠂ ᠲᠦᠮᠡᠨ ᠮᠦ ᠡᠯᠳᠡᠪ ᠠᠮᠤ ᠳᠠᠷᠢᠬᠤ ᠰᠠᠭᠤᠷᠢᠨ ᠭᠠᠵᠠᠷ ᠢ ᠪᠠᠶᠢᠭᠤᠯᠵᠤ ᠂ ︽ ᠰᠢᠷ᠎ᠠ ᠨᠠᠷᠢᠮᠤ ︾ ᠂ ︽ | ᠥᠨᠳᠦᠷᠯᠢᠭ ᠤᠨ ᠮᠣᠩᠭᠤᠯ ᠠᠮᠤ ︾ ᠵᠡᠷᠭᠡ ᠳᠦᠷᠤᠯ ᠳᠡᠮᠳᠡᠭᠳᠤ ᠪᠠᠷ ᠭᠤᠣᠯᠳᠠᠯᠭ᠎ᠠ ᠪᠣᠯᠭᠠᠭᠰᠠᠨ ᠣᠨᠴᠠᠯᠢᠭᠲᠤ ᠡᠯᠳᠡᠪ ᠠᠮᠤ ᠶᠢᠨ ᠠᠵᠤ ᠦᠢᠯᠡᠰ ᠢ ᠬᠥᠭᠵᠢᠭᠦᠯᠵᠦ ᠂ | ︽ ᠡᠯᠧᠺᠲᠷᠣᠨ ᠬᠤᠳᠠᠯᠳᠤᠭ᠎ᠠ + ᠳᠡᠯᠭᠡᠭᠦᠷ ︾ ᠤᠨ ᠲᠠᠷᠢᠶᠠᠯᠠᠩ ᠢ ᠲᠤᠰᠠᠯᠠᠬᠤ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠱᠠᠬᠳᠠᠷ | ᠲᠠᠷᠢᠶᠠᠯᠠᠩ ᠤᠨ ᠣᠨᠴᠠ ᠭᠠᠷᠤᠯᠲᠠ ᠶᠢ ᠰᠢᠭᠤᠳ ᠨᠠᠪᠲᠠᠷᠡᠭᠦᠯᠭᠡ ᠪᠠᠷ ᠳᠡᠯᠭᠡᠨ ᠪᠣᠷᠣᠯᠠᠭᠤᠯᠬᠤ ᠲᠠᠪᠴᠠᠩ ᠤᠨ ᠨᠥᠯᠥᠭᠡᠯᠡᠬᠦ ᠬᠦᠴᠦᠨ ᠢ ᠪᠠᠳᠠᠷᠠᠭᠤᠯᠤᠨ ᠂ ︽ | ᠦᠢᠯᠡᠳᠪᠦᠷᠢᠯᠡᠵᠦ ᠡᠳ᠋ᠰᠢᠭᠦᠯᠬᠦ ︱ ᠲᠥᠷᠥᠯ ᠲᠡᠮᠳᠡᠭᠲᠦ ᠶᠢᠨ ᠡᠵᠡᠩᠨᠡᠯᠲᠡ ᠪᠣᠷᠣᠯᠠᠭᠤᠯᠤᠯᠲᠠ ︱ ᠪᠣᠳᠠᠲᠤ ᠳᠡᠯᠭᠡᠭᠦᠷ ᠤᠨ ᠪᠡᠶᠡᠴᠢᠯᠡᠭᠰᠡᠨ ᠣᠶᠢᠯᠠᠭᠠᠯᠲᠠ ︱ | ᠡᠯᠧᠺᠲᠷᠣᠨ ᠬᠤᠳᠠᠯᠳᠤᠭᠠᠨ ᠤ ᠪᠣᠷᠣᠯᠠᠭᠤᠯᠤᠯᠲᠠ ︾ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ ᠳᠤᠬᠳᠠᠯᠴᠠᠭ᠎ᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠲᠣᠰᠬᠤᠨ ᠤ ᠱᠠᠲᠤᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠪᠠ ᠲᠠᠷᠢᠶᠠᠯᠠᠩ ᠮᠠᠯ ᠠᠵᠤ ᠠᠬᠤᠢ ᠶᠢᠨ | ᠳᠠᠭᠠᠭᠤᠯᠤᠬᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ ᠂ ︽ ᠮᠧᠶ ᠵᠢᠢ ︾ ᠰᠣᠶᠣᠯ ᠢ ᠤᠯᠠᠮᠵᠢᠯᠠᠨ ᠵᠠᠯᠭᠠᠮᠵᠢᠯᠠᠵᠤ ᠂ ︽ ᠵᠢᠢ ᠰᠢᠶᠠᠩ ︾ ᠤᠨ | ᠲᠥᠷᠥᠯ ᠲᠡᠮᠳᠡᠭᠲᠦ ᠶᠢ ᠪᠣᠶ ᠪᠣᠯᠭᠠᠵᠠᠢ ᠃ ᠲᠥᠷᠥᠯ ᠲᠡᠮᠳᠡᠭᠲᠦ ᠶᠢᠨ ᠪᠠᠶᠢᠭᠤᠯᠤᠯᠲᠠ ᠂ ᠪᠣᠬᠢᠷᠲᠤᠯ ᠦᠭᠡᠢ ᠭᠡᠷᠡᠴᠢᠯᠡᠯ ᠂ ᠵᠠᠬ᠎ᠠ ᠳᠡᠯᠭᠡᠭᠦᠷ ᠢ ᠨᠡᠭᠡᠭᠡᠬᠦ ᠪᠠ ᠡᠳ᠋ᠰᠢᠭᠦᠯᠬᠦ | ᠮᠡᠷᠭᠡᠵᠢᠯ ᠢ ᠰᠠᠶᠢᠵᠢᠷᠠᠭᠤᠯᠬᠤ ᠪᠠᠷ ᠳᠡᠮᠵᠢᠨ ᠂ ᠺᠢᠯᠣᠭ᠍ᠷᠠᠮ ᠪᠦᠷᠢ ᠶᠢᠨ ᠡᠯᠳᠡᠪ ᠠᠮᠤ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ 3 ᠲᠥᠭᠦᠷᠢᠭ ᠣᠷᠴᠢᠮ | ᠳᠡᠭᠡᠭᠰᠢᠯᠡᠭᠦᠯᠵᠦ ᠪᠣᠯᠣᠨ᠎ᠠ ᠃ ᠣᠲᠣ ᠪᠣᠯᠲᠠᠯ᠎ᠠ ᠂ ᠵᠡᠭᠦᠨᠭᠠᠷ ᠬᠤᠰᠢᠭᠤ 19704 ᠮᠦ ᠬᠥᠲᠥᠯ ᠢ ᠱᠠᠳᠤᠨ ᠳᠠᠷᠢᠶ᠎ᠠ ᠪᠣᠯᠭᠠᠨ ᠥᠭᠡᠷᠡᠴᠢᠯᠡᠬᠦ ᠶᠢ ᠬᠡᠷᠡᠭᠵᠢᠭᠦᠯᠵᠦ ᠂ | ᠡᠭᠦᠨ ᠳᠤ ᠱᠠᠬᠳᠠᠷ ᠪᠠᠯᠭᠠᠰᠤ 15000 ᠮᠦ ᠱᠠᠳᠤᠨ ᠳᠠᠷᠢᠶ᠎ᠠ ᠲᠠᠢ ᠪᠠᠶᠢᠵᠤ ᠂ ᠪᠦᠬᠦᠨ ᠢ ᠡᠯᠳᠡᠪ ᠠᠮᠤ ᠳᠠᠷᠢᠬᠤ ᠳᠤ ᠬᠡᠷᠡᠭᠯᠡᠵᠤ ᠪᠤᠢ ᠃ | |