| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠠᠯᠪᠠᠨ ᠤ ᠵᠢᠷᠬᠢᠶ᠎ᠠ ᠶᠢᠨ ᠤᠯᠠᠨ ᠨᠡᠶᠢᠲᠡ ᠶᠢᠨ | ᠳᠠᠪᠴᠠᠩ ᠤᠨ 10 ᠰᠠᠷ᠎ᠠ ᠶᠢᠨ 11 ᠤ ᠡᠳᠦᠷ ᠨᠡᠶᠢᠲᠡᠯᠡᠭᠰᠡᠨ ︽ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠤᠭᠠᠴᠠᠯ ᠤᠨ | ᠲᠥᠷᠥᠯ ᠲᠡᠮᠳᠡᠭᠲᠦ ᠶᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠤᠨ ᠲᠤᠬᠠᠢ ᠢᠯᠡ ᠵᠠᠷᠯᠠᠯ ︾ ︵ ᠬᠤᠯᠪᠤᠬᠳᠠᠯ ᠪᠦᠬᠦᠢ ᠬᠤᠯᠪᠣᠭᠠᠰᠤ ᠄ 2024 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠤᠭᠠᠴᠠᠯ ᠤᠨ ᠲᠥᠷᠥᠯ ᠲᠡᠮᠳᠡᠭᠲᠦ ᠶᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠤᠨ ᠲᠤᠬᠠᠢ ᠢᠯᠡ ᠵᠠᠷᠯᠠᠯ ︶ ᠢ | ᠦᠨᠳᠦᠰᠦᠯᠡᠪᠡᠯ ᠂ ᠵᠡᠭᠦᠨᠭᠠᠷ ᠡᠨᠧᠷᠬᠢ ᠶᠢᠨ ᠪᠦᠯᠦᠭᠯᠡᠯ ᠤᠨ ᠠᠭᠤᠷᠬᠠᠢ ᠶᠢᠨ ᠠᠮᠢ ᠠᠬᠤᠢ ᠶᠢᠨ ᠵᠤᠭᠠᠴᠠᠯ ᠤᠨ ᠣᠷᠣᠨ ᠂ ᠵᠡᠭᠦᠨᠭᠠᠷ ᠬᠤᠰᠢᠭᠤᠨ ᠤ ᠰᠢᠶᠣᠣ ᠲᠠᠨ ᠽᠢ | ᠲᠣᠰᠬᠤᠨ ᠬᠢᠨᠠᠨ ᠰᠢᠯᠭᠠᠷᠠᠭᠤᠯᠤᠯᠲᠠ ᠶᠢ ᠤᠷᠤᠭᠰᠢᠲᠠᠢ ᠥᠩᠭᠡᠷᠡᠭᠦᠯᠦᠭᠡᠳ 2024 ᠣᠨ ᠳᠤ ᠰᠢᠨ᠎ᠡ ᠪᠠᠷ ᠬᠢᠨᠠᠨ ᠲᠣᠭᠲᠠᠭᠠᠬᠳᠠᠬᠤ ᠪᠠᠷ ᠪᠠᠶᠢᠭ᠎ᠠ A ᠲᠠᠰ ᠤᠨ | ᠵᠤᠭᠠᠴᠠᠯ ᠤᠨ ᠦᠵᠡᠮᠵᠢ ᠶᠢᠨ ᠣᠷᠣᠨ ᠪᠠ ᠬᠢᠨᠠᠨ ᠲᠣᠭᠲᠠᠭᠠᠬᠳᠠᠬᠤ ᠪᠠᠷ ᠪᠠᠶᠢᠭ᠎ᠠ ᠳᠥᠷᠪᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ ᠨᠡᠷᠡᠰ ᠲᠤ ᠣᠷᠣᠵᠤ ᠂ ᠵᠡᠭᠦᠨᠭᠠᠷ ᠬᠤᠰᠢᠭᠤᠨ ᠳᠤ ᠤᠯᠤᠰ ᠤᠨ 4A ᠲᠠᠰ ᠤᠨ ᠵᠤᠭᠠᠴᠠᠯ ᠤᠨ | ᠦᠵᠡᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠳᠤᠰ ᠳᠤᠰ | ᠰᠢᠨ᠎ᠡ ᠪᠠᠷ 1 ᠨᠡᠮᠡᠭᠳᠡᠬᠦ ᠪᠠᠷ ᠪᠣᠶ ᠃ | ᠵᠡᠭᠦᠨᠭᠠᠷ ᠡᠨᠧᠷᠬᠢ ᠶᠢᠨ ᠪᠦᠯᠦᠭᠯᠡᠯ ᠤᠨ ᠠᠭᠤᠷᠬᠠᠢ ᠶᠢᠨ ᠠᠮᠢ ᠠᠬᠤᠢ ᠶᠢᠨ ᠵᠤᠭᠠᠴᠠᠯ ᠤᠨ ᠣᠷᠣᠨ ᠨᠢ ᠵᠡᠭᠦᠨᠭᠠᠷ ᠬᠤᠰᠢᠭᠤᠨ ᠤ ᠬᠠᠳᠠᠢ ᠭᠤᠤᠯ ᠵᠠᠳᠠᠭᠠᠢ | ᠠᠭᠤᠷᠬᠠᠢ ᠪᠠ ᠬᠠᠷᠬᠤᠰᠤ ᠵᠠᠳᠠᠭᠠᠢ ᠠᠭᠤᠷᠬᠠᠢ ᠶᠢᠨ ᠣᠷᠣᠨ ᠳᠤ ᠪᠠᠶᠢᠷᠢᠯᠠᠵᠤ ᠂ ᠶᠡᠷᠦᠩᠬᠡᠢ ᠲᠠᠯᠠᠪᠠᠶ ᠨᠢ 16.91 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ ᠃ | ᠵᠤᠭᠠᠴᠠᠯ ᠤᠨ ᠣᠷᠣᠨ ᠤᠮᠠᠷᠠᠰᠢ ᠪᠠᠨ ᠷᠦᠩ ᠴᠧᠩ ᠠᠴᠠ ᠦᠬᠠᠢ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠲᠠᠢ ᠬᠥᠷᠰᠢᠯᠡᠵᠦ ᠂ ᠡᠮᠦᠨᠡᠰᠢ ᠪᠠᠨ ᠰᠢᠤᠸᠠᠢ ᠵᠢᠶᠠ | ᠸᠠᠨ ᠠᠴᠠ ᠸᠧᠢ ᠵᠢᠶᠠ ᠮᠤᠤ ᠬᠦᠷᠬᠦ ᠱᠤᠭᠤᠮ ᠲᠠᠢ ᠬᠠᠪᠢᠳᠠᠨ ᠂ ᠪᠠᠷᠠᠭᠤᠨᠰᠢ ᠪᠠᠨ ᠯᠢ ᠵᠢᠶᠠ ᠶᠢᠨ ᠫᠦᠸᠧ ᠬᠦᠷᠴᠦ ᠂ ᠵᠡᠭᠦᠨᠰᠢ ᠪᠠᠨ ᠵᠢᠶᠣᠣ ᠵᠢᠶᠠ ᠭᠧ ᠪᠥᠸᠧ | ᠬᠦᠷᠴᠦ ᠂ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ ᠂ ᠵᠠᠮ ᠬᠠᠷᠢᠯᠴᠠᠭᠠᠨ ᠤ ᠨᠥᠬᠦᠴᠡᠯ ᠲᠦᠭᠦᠮ ᠪᠠᠶᠢᠳᠠᠭ ᠃ ᠵᠤᠭᠠᠴᠠᠯ ᠤᠨ ᠣᠷᠣᠨ ᠳᠤ ᠡᠯᠪᠡᠭ ᠳᠡᠯᠪᠡᠭ | ᠠᠭᠤᠷᠬᠠᠢ ᠶᠢᠨ ᠦᠢᠯᠡᠰ ᠤᠨ ᠦᠯᠡᠳᠡᠭᠳᠡᠯ ᠂ ᠠᠮᠢ ᠠᠬᠤᠢ ᠶᠢᠨ ᠦᠵᠡᠮᠵᠢ ᠪᠠ ᠰᠣᠶᠣᠯ ᠢᠷᠭᠡᠨᠰᠢᠯ ᠤᠨ ᠲᠡᠦᠬᠡ ᠵᠡᠷᠭᠡ ᠦᠵᠡᠮᠵᠢ ᠶᠢᠨ ᠡᠬᠢ ᠪᠠᠶᠠᠯᠢᠭ ᠲᠠᠢ ᠪᠠᠶᠢᠵᠤ ᠂ | ᠣᠯᠠᠨ ᠵᠢᠯ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠪᠠᠷ ᠳᠡᠮᠵᠢᠨ ᠂ ᠤᠳᠤ ᠨᠢᠭᠡᠨᠲᠡ ᠦᠢᠯᠡᠳᠪᠦᠷᠢᠯᠡᠯ ᠤᠨ ᠴᠢᠳᠠᠪᠤᠷᠢ ᠶᠢᠨ ᠳᠤᠷᠠᠰᠬᠠᠯ ᠤᠨ ᠬᠥᠰᠢᠶ᠎ᠡ᠂ | ᠵᠠᠳᠠᠭᠠᠢ ᠰᠠᠭᠤᠭᠳᠠᠯ ᠂ ᠨᠡᠷᠡᠨ ᠬᠡᠮᠵᠢᠭᠦᠷ ᠤᠨ ᠠᠭᠤᠳᠠᠮ ᠲᠠᠯᠠᠪᠠᠢ᠂ ᠬᠤᠷᠢᠮ ᠨᠠᠶᠢᠷ ᠤᠨ ᠰᠣᠶᠣᠯ ᠤᠨ ᠬᠦᠷᠢᠶᠡᠯᠡᠩ᠂ ᠨᠠᠮ ᠤᠨ ᠭᠡᠰᠢᠭᠦᠨ ᠤ ᠬᠥᠮᠦᠵᠢᠯ ᠤᠨ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠴᠡᠴᠡᠷᠯᠢᠭ᠂ ᠪᠢᠴᠢᠭᠡᠰᠦ ᠶᠢᠨ ᠬᠥᠰᠢᠶ᠎ᠡ᠂ ᠠᠮᠢ ᠠᠬᠤᠢ ᠶᠢᠨ ᠰᠤᠳᠤᠯᠭᠠᠨ ᠤ | ᠵᠢᠱᠢᠶ᠎ᠡ ᠦᠵᠡᠭᠦᠯᠬᠦ ᠬᠦᠷᠢᠶᠡᠯᠡᠩ᠂ ᠠᠭᠤᠷᠬᠠᠢ ᠶᠢᠨ ᠦᠢᠯᠡᠰ ᠤᠨ ᠰᠣᠶᠣᠯ ᠤᠨ ᠮᠦᠽᠸᠢ ᠶᠢᠨ ᠴᠡᠴᠡᠷᠯᠢᠭ᠂ ᠠᠴᠢᠶᠠᠨ ᠤ ᠮᠠᠰᠢᠨ ᠲᠡᠷᠭᠡᠨ ᠤ ᠪᠠᠭᠤᠳᠠᠯ ᠂ ᠸᠠᠩ ᠰᠢᠩ | ᠶᠤᠸᠠᠨ᠂ ᠠᠭᠤᠷᠬᠠᠢ ᠶᠢᠨ ᠣᠷᠣᠨ ᠤ ᠪᠠᠲᠤᠯᠠᠭ᠎ᠠ ᠶᠢᠨ ᠲᠥᠪ ᠪᠠᠭᠤᠳᠠᠯ ᠵᠡᠷᠭᠡᠮᠠᠰᠢ ᠤᠯᠠᠨ ᠣᠨᠴᠠᠯᠢᠭᠲᠤ ᠲᠠᠯᠠᠪᠠᠢ ᠣᠷᠳᠣᠨ ᠪᠣᠯᠣᠨ ᠦᠵᠡᠮᠵᠢ ᠶᠢᠨ ᠪᠦᠯᠦᠭᠵᠢᠯ ᠢ | ᠪᠠᠶᠢᠭᠤᠯᠵᠠᠢ ᠃ ᠠᠵᠤ ᠦᠢᠯᠡᠳᠪᠦᠷᠢ ᠶᠢᠨ ᠦᠯᠡᠳᠡᠭᠳᠡᠯ ᠢ ᠬᠠᠮᠠᠭᠠᠯᠠᠬᠤ ᠂ ᠨᠡᠭᠦᠷᠡᠰᠦᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠶᠣᠯ ᠂ ᠰᠡᠯᠡᠭᠦᠴᠡᠯ ᠠᠵᠤ | ᠦᠢᠯᠡᠰ ᠤᠨ ᠵᠤᠭᠠᠴᠠᠯ ᠂ ᠠᠮᠢ ᠠᠬᠤᠢ ᠶᠢᠨ ᠪᠣᠯᠪᠠᠰᠤᠨ᠂ ᠬᠤᠪᠢᠰᠬᠠᠯᠳᠤ ᠬᠥᠮᠦᠵᠢᠯ ᠢ ᠳᠡᠯᠭᠡᠨ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ | ᠦᠢᠯᠡᠳᠪᠦᠷᠢ ᠶᠢᠨ ᠵᠤᠭᠠᠴᠠᠯ ᠤᠨ ᠦᠵᠡᠮᠵᠢ ᠶᠢᠨ ᠣᠷᠣᠨ ᠢ ᠪᠠᠶᠢᠭᠤᠯᠵᠤ ᠂ ᠲᠤᠰ ᠤᠳᠠᠭ᠎ᠠ ᠤᠯᠤᠰ ᠤᠨ AAAA ᠲᠡᠰ ᠤᠨ ᠵᠤᠭᠠᠴᠠᠯ ᠤᠨ ᠦᠵᠡᠮᠵᠢ ᠶᠢᠨ | ᠣᠷᠣᠨ ᠢᠶᠠᠷ ᠦᠨᠡᠯᠡᠭᠳᠡᠬᠦ ᠪᠠᠷ ᠪᠤᠢ᠃ | | | | | ᠰᠢᠶᠣᠣ ᠲᠠᠨ ᠽᠢ ᠲᠣᠰᠬᠤᠨ ᠨᠢ ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤ ᠶᠢᠨ ᠬᠤᠶᠢᠲᠤ ᠪᠡᠶ᠎ᠡ ᠳᠤ ᠪᠠᠶᠢᠷᠢᠯᠠᠵᠤ ᠂ ᠳ᠋ᠠ ᠯᠦ ᠰᠢᠨ᠎ᠡ ᠲᠣᠭᠤᠷᠢᠭ ᠠᠴᠠ | ᠳᠥᠷᠪᠡᠬᠡᠨ ᠺᠢᠯᠣᠮᠧᠲᠷ ᠵᠠᠶᠢᠲᠠᠢ ᠪᠠᠶᠢᠵᠤ ᠂ ᠡᠮᠦᠨ᠎ᠡ ᠪᠡᠶ᠎ᠡ ᠪᠠᠷ ᠢᠶᠠᠨ ᠬᠥᠪᠴᠢ ᠶᠢᠨ ᠡᠯᠡᠰᠦᠨ ᠴᠦᠯ ᠢᠶᠠᠷ ᠬᠦᠷᠢᠶᠡᠯᠡᠭᠳᠡᠨ ᠂ ᠬᠤᠶᠢᠲᠤ ᠪᠡᠶ᠎ᠡ ᠳᠤᠨᠢ | ᠬᠥᠬᠡᠬᠤᠲᠠ ᠶᠢᠨ ᠲᠣᠭᠲᠠᠬᠤ ᠰᠢᠶᠠᠨ ᠲᠠᠢ ᠬᠠᠳᠤᠨ ᠭᠤᠣᠯ ᠢᠶᠠᠷ ᠠᠯᠤᠰᠯᠠᠵᠤ ᠪᠠᠶᠢᠨ᠎ᠠ᠃ ᠣᠶᠢᠷ᠎ᠠ ᠶᠢᠨ ᠵᠢᠯ ᠤᠳ ᠲᠤ ᠂ ᠰᠢᠶᠣᠣ ᠲᠠᠨ ᠽᠢ ᠲᠣᠰᠬᠤᠨ ︽ ᠨᠢᠭᠡ | ᠲᠡᠩᠭᠡᠯᠢᠭ ᠨᠢᠭᠡ ᠪᠦᠰᠡ ᠨᠢᠭᠡ ᠭᠤᠤᠯᠳᠠᠯᠭ᠎ᠠ ᠣᠯᠠᠨ ᠭᠤᠬᠴᠤᠭ᠎ᠠ ︾ ᠶᠢᠨ ᠠᠵᠤ ᠦᠢᠯᠡᠰ ᠤᠨ ᠴᠢᠳᠠᠮᠵᠢ ᠶᠢᠨ ᠪᠠᠶᠢᠷᠢᠯᠠᠭᠤᠯᠤᠯᠲᠠ ᠶᠣᠰᠣᠭᠠᠷ ᠂ ᠲᠠᠷᠢᠶᠠᠯᠠᠩ ᠢᠶᠠᠷ | ᠭᠤᠤᠯᠯᠠᠬᠤ ᠠᠵᠤ ᠤᠶᠢᠯᠡᠰ ᠪᠣᠯᠭᠠᠨ ᠂ ᠦᠵᠡᠮᠵᠢ ᠰᠡᠯᠡᠭᠦᠴᠡᠯ ᠤᠨ ᠲᠠᠷᠢᠶᠠᠯᠠᠩ ᠪᠣᠯᠣᠨ ᠣᠨᠴᠠᠯᠢᠭᠲᠤ ᠢᠳᠡᠭᠡᠨ ᠤᠮᠳᠠᠭᠠᠨ ᠤ ᠦᠢᠯᠡᠰ ᠢ ᠬᠥᠭᠵᠢᠭᠦᠯᠵᠦ ᠂ | ᠣᠳᠣᠬᠠᠨ ᠳᠤ ᠬᠠᠷᠢᠶ᠎ᠠ ᠣᠷᠣᠨ ᠳᠤ 220 ᠮᠦ ᠣᠨᠴᠠᠯᠢᠭᠲᠤ ᠤᠰᠤᠨ ᠲᠤᠲᠤᠷᠭ᠎ᠠ ᠲᠠᠷᠢᠵᠦ ᠂ ᠤᠯᠤᠰ ᠤᠨ 3A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ | 1᠂ ᠲᠠᠷᠢᠶᠠᠴᠢᠨ ᠠᠶᠢᠯ ᠤᠨ ᠪᠠᠶᠠᠰᠤᠯ ᠵᠤᠭᠠᠴᠠᠯ ᠂ ᠵᠢᠭᠠᠰᠤᠴᠢᠨ ᠠᠶᠢᠯ ᠤᠨ ᠪᠠᠶᠠᠰᠤᠯ ᠵᠤᠭᠠᠴᠠᠯ ᠢᠶᠠᠷ ᠭᠤᠣᠯ ᠪᠣᠯᠭᠠᠭᠰᠠᠨ ᠬᠥᠳᠡᠭᠡ ᠲᠣᠰᠬᠤᠨ ᠤ ᠵᠤᠭᠠᠴᠠᠯ ᠤᠨ | ᠬᠦᠯᠢᠶᠡᠨ ᠠᠪᠬᠤ ᠡᠷᠦᠬᠡ 71 ᠪᠣᠯᠵᠤ ᠂ ᠵᠤᠭᠠᠴᠠᠯ ᠤᠨ ᠬᠦᠴᠤᠨ ᠵᠤᠶᠢᠯ ᠤᠨ ᠴᠢᠳᠠᠪᠬᠢ ᠪᠦᠷᠢᠨ ᠭᠦᠢᠴᠡᠳ ᠤᠳᠤ ᠦᠶ᠎ᠡ ᠶᠢᠨ ᠬᠥᠳᠡᠭᠡ ᠲᠣᠰᠬᠤᠨ ᠤ | ᠵᠤᠭᠠᠴᠠᠯ ᠤᠨ ᠰᠣᠳᠣᠨ ᠲᠣᠰᠬᠤᠨ ᠢ ᠪᠦᠷᠢᠯᠳᠦᠭᠦᠯᠵᠦ ᠂ ᠲᠤᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ ᠲᠣᠰᠬᠤᠨ ᠤ ᠵᠤᠭᠠᠴᠠᠯ ᠤᠨ | ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠬᠦ ᠪᠠᠷ ᠪᠤᠢ᠃ | | | | | | | |