| 10 ᠳ᠋ᠤᠭᠠᠷ ᠰᠠᠷ᠎ᠠ ᠶᠢᠨ 11 — 12 ᠤᠨ ᠡᠳᠦᠷ ᠪᠣᠯᠲᠠᠯ᠎ᠠ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠲᠥᠯᠥᠪᠵᠢᠭᠦᠯᠭᠡ ᠶᠢᠨ | ᠵᠤᠷᠭᠠᠨ ᠤ ᠬᠦᠷᠢᠶᠡᠯᠡᠩ ᠲᠣᠭᠤᠷᠢᠭ ᠤᠨ ᠭᠠᠵᠠᠷ ᠤᠨ ᠬᠢᠨ ᠮᠠᠨ ᠤ ᠣᠷᠣᠨ ᠳᠤ ᠢᠷᠡᠵᠦ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠳᠡᠰ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤ ᠨᠢ ᠬᠦᠷᠴᠦ ᠵᠢᠭᠠᠨ | ᠵᠢᠯᠣᠭᠤᠳᠤᠭᠰᠠᠨ ᠨᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠬᠥᠬᠡᠬᠤᠲᠠ ᠪᠤᠭᠤᠲᠤ ᠣᠷᠳᠣᠰ ᠤᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠭᠠᠷᠳᠠᠨ ᠠᠬᠢᠭᠤᠯᠬᠤ ᠶᠢ ᠵᠢᠩᠬᠢᠨᠢ ᠪᠠᠷ ᠠᠵᠢᠯᠯᠠᠭᠤᠯᠬᠤ ᠳᠠᠷᠠᠭᠠᠯᠠᠯ ᠳᠤ ᠤᠷᠤᠭᠤᠯᠤᠭᠰᠠᠨ ᠢ ᠬᠠᠷᠠᠭᠤᠯᠵᠤ | ᠪᠣᠢ ᠃ ︵ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ︶ | 2023 ᠣᠨ ᠳᠤ ᠂ ᠪᠤᠭᠤᠲᠤ ᠬᠤᠲᠠ ᠶᠢᠨ R&D ᠤᠨ ᠵᠠᠷᠤᠳᠠᠯ 82.4 ᠳ᠋ᠦᠩᠰᠢᠭᠤᠷ ᠲᠥᠭᠦᠷᠢᠭ ᠪᠠᠶᠢᠵᠤ ᠂ ᠪᠥᠬᠦ ᠣᠷᠣᠨ ᠳᠠᠬᠢ ᠡᠵᠡᠯᠡᠬᠦ ᠬᠤᠪᠢ ᠶᠢᠨ | ᠵᠢᠩ 36.1% ᠳᠤ ᠬᠦᠷᠴᠦ ᠂ R&D ᠤᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ 1.93% ᠪᠠᠶᠢᠵᠤ ᠂ ᠴᠥᠮ ᠪᠥᠬᠦ ᠣᠷᠣᠨ ᠳᠤ ᠲᠡᠷᠢᠭᠦᠯᠡᠭᠰᠡᠨ | ᠪᠠᠶᠢᠨ᠎ᠠ ᠃ ︵ ᠪᠤᠭᠤᠲᠤ ᠬᠤᠲᠠ ᠶᠢᠨ ᠵᠠᠰᠠᠭ ᠤᠨ ᠣᠷᠳᠣᠨ ︶ | 10 ᠳ᠋ᠤᠭᠠᠷ ᠰᠠᠷ᠎ᠠ ᠶᠢᠨ 12 ᠤᠨ ᠡᠳᠦᠷ ᠂ ᠰᠢᠯᠢ ᠶᠢᠨ ᠭᠤᠣᠯ ᠠᠶᠢᠮᠠᠭ ᠤᠨ ᠣᠨᠴᠠ ᠥᠨᠳᠥᠷ ᠬᠦᠴᠦᠳᠡᠯᠲᠦ ᠬᠤᠶᠠᠳᠤᠭᠠᠷ ᠬᠤᠭᠤᠴᠠᠭᠠᠨ ᠤ 400 ᠲᠦᠮᠡᠨ | ᠺᠢᠯᠣᠸᠠᠲ ᠤᠨ ᠰᠢᠨ᠎ᠡ ᠡᠨᠧᠷᠭᠢ ᠶᠢᠨ 6 ᠠᠵᠤ ᠠᠬᠤᠶᠢᠯᠠᠯ ᠨᠢ ᠵᠢᠶᠠᠩᠰᠦ ᠮᠣᠵᠢ ᠶᠢᠨ ᠴᠠᠬᠢᠯᠭᠠᠨ ᠬᠦᠴᠦᠨ ᠤ ᠬᠡᠷᠡᠭᠯᠡᠭᠴᠢ ᠲᠠᠢ ᠮᠠᠨ ᠤ ᠣᠷᠣᠨ ᠵᠢᠶᠠᠩᠰᠤ | ᠮᠤᠵᠢ ᠯᠤᠭ᠎ᠠ ᠶᠢᠨ ᠪᠣᠬᠢᠷᠳᠣᠯ ᠦᠭᠡᠢ ᠴᠠᠬᠢᠯᠭᠠᠨ ᠤ ᠠᠩᠬᠠᠳᠠᠭᠴᠢ ᠠᠷᠠᠯᠵᠢᠶ᠎ᠠ ᠶᠢ ᠪᠡᠶᠡᠯᠡᠭᠦᠯᠵᠦ ᠂ ᠠᠷᠠᠯᠵᠢᠶ᠎ᠠ ᠪᠦᠲᠦᠭᠰᠡᠨ ᠶᠡᠷᠦᠩᠬᠡᠢ ᠴᠠᠬᠢᠯᠭᠠᠨ ᠤ ᠬᠡᠮᠵᠢᠶ᠎ᠡ 0.7 | ᠳ᠋ᠦᠩᠰᠢᠭᠤᠷ ᠺᠢᠯᠣᠸᠠᠲ ᠴᠠᠭ ᠪᠠᠶᠢᠵᠤ ᠂ ᠠᠷᠠᠯᠵᠢᠶ᠎ᠠ ᠪᠦᠲᠦᠭᠰᠡᠨ ᠦᠨ᠎ᠡ ᠨᠢ 0.3305 ᠲᠥᠭᠦᠷᠢᠭ / ᠺᠢᠯᠣᠸᠠᠲ ᠴᠠᠭ ᠪᠣᠯᠤᠨ᠎ᠠ ᠃ ︵ ᠰᠢᠯᠢ ᠶᠢᠨ ᠭᠤᠣᠯ | ᠠᠶᠢᠮᠠᠭ ᠤᠨ ᠵᠠᠬᠢᠷᠭ᠎ᠠ ︶ | | | |