ᠮᠠᠨ ᠤ ᠣᠷᠣᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠦᠢᠮᠤ︾ ᠶᠢᠨ ᠪᠦᠷᠢᠨ ᠢᠵᠢᠲᠦ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ ᠤᠷᠢᠳ ᠢᠶᠠᠷ ᠪᠠᠶᠢᠭᠤᠯᠪᠠ
ᠨᠡᠶᠢᠲᠡᠯᠡᠭᠰᠡᠨ ᠴᠠᠭ᠄
2024/10/16
    ᠡᠨᠡ ᠵᠢᠯ ᠠᠴᠠ ᠨᠠᠭᠠᠰᠢ ᠂ ᠰᠤᠷᠭᠠᠨ ᠬᠥᠮᠦᠵᠢᠯ ᠤᠨ ᠲᠢᠩᠭᠢᠮ ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︽ ᠵᠢᠱᠢᠶ᠎ᠡ ᠦᠵᠡᠭᠦᠯᠬᠦ ᠰᠢᠯᠭᠠᠷᠠᠭᠰᠠᠨ ᠪᠠᠭᠰᠢ ︾ ᠨᠠᠷ ᠢ ᠵᠣᠬᠢᠶᠠᠨ ᠪᠠᠶᠢᠭᠤᠯᠤᠨ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠦᠢᠮᠤ ︾ ᠶᠢᠨ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠣᠭᠤᠷᠢᠨ ᠳᠤ ᠪᠦᠷᠢᠨ ᠢᠵᠢᠲᠦ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ ᠂ ᠣᠳᠣ ᠨᠢᠭᠡᠨᠲᠡ ᠰᠦᠯᠵᠢᠶᠡᠨ ᠳᠤ ᠭᠠᠷᠭᠠᠪᠠ ᠃ ᠲᠣᠰ ᠡᠬᠢ ᠪᠠᠶᠠᠯᠢᠭ ᠤᠨ ᠬᠥᠮᠥᠷᠭᠡ ᠨᠢ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠵᠢᠷᠤᠭ ᠲᠥᠯᠥᠪᠯᠡᠭᠡ ᠶᠢᠨ ᠲᠠᠯ᠎ᠠ ᠪᠠᠷ ᠂ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠂ ᠵᠢᠭᠠᠨ ᠰᠤᠷᠭᠠᠯᠲᠠ ᠶᠢᠨ ᠵᠥᠭᠡᠯᠡᠨ ᠲᠣᠨᠤᠭ ᠂ ᠵᠢᠭᠠᠨ ᠰᠤᠷᠭᠠᠯᠲᠠ ᠶᠢᠨ ᠲᠤᠰᠠᠯᠠᠬᠤ ᠸᠢᠳᠢᠤ᠋ ᠦᠢᠯᠡᠳᠬᠦ ᠵᠢᠴᠢ ᠵᠢᠭᠠᠨ ᠰᠤᠷᠭᠠᠯᠲᠠ ᠶᠢᠨ ᠬᠡᠷᠡᠭ ᠤᠨ ᠵᠢᠱᠢᠶ᠎ᠡ ᠬᠢᠭᠡᠳ ᠵᠠᠳᠠᠯᠤᠯᠲᠠ ᠂ ᠵᠢᠭᠠᠨ ᠰᠤᠷᠭᠠᠯᠲᠠ ᠶᠢᠨ ᠦᠨᠡᠯᠡᠯᠲᠡ ᠪᠠ ᠦᠢᠯᠡᠳᠦᠯᠭᠡ ᠶᠢᠨ ᠵᠢᠭᠠᠨ ᠰᠤᠷᠭᠠᠯᠲᠠ ᠵᠡᠷᠭᠡ ᠵᠢᠷᠭᠤᠭᠠᠨ ᠲᠥᠷᠥᠯ ᠤᠨ 183 ᠬᠤᠪᠢ ᠡᠬᠢ ᠪᠠᠶᠠᠯᠢᠭ ᠢ ᠬᠠᠮᠤᠷᠴᠤ ᠂ ᠵᠢᠭᠠᠬᠤ ᠮᠠᠲ᠋ᠧᠷᠢᠶᠠᠯ ᠤᠨ ᠠᠭᠤᠯᠭ᠎ᠠ ᠶᠢ ᠵᠢᠭᠠᠨ ᠰᠤᠷᠭᠠᠯᠲᠠ ᠶᠢᠨ ᠠᠭᠤᠯᠭ᠎ᠠ ᠪᠣᠯᠭᠠᠨ ᠂ ᠲᠧᠺᠰᠲ ᠂ ᠵᠢᠷᠤᠭ ᠳᠦᠷᠰᠦ ᠂ ᠠᠦ᠋ᠳᠢᠣ᠋ ᠸᠢᠳᠢᠣ᠋ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠵᠦ ᠪᠣᠯᠬᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ︽ ᠭᠤᠣᠯ ᠲᠣᠭᠤᠭᠠᠨ ᠬᠡᠷ ︾ ᠢ ᠪᠠᠶᠢᠭᠤᠯᠪᠠ ᠃ ︵ ᠰᠤᠷᠭᠠᠨ ᠬᠥᠮᠦᠵᠢᠯ ᠤᠨ ᠲᠢᠩᠬᠢᠮ ︶         
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ