ᠰᠢ ᠶᠢᠨ ᠫᠢᠩ ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/10/21
    ᠰᠢᠨᠬᠤᠸᠠ ᠬᠤᠷᠢᠶ᠎ᠠ ᠶᠢᠨ ᠲᠢᠶᠠᠨᠵᠢᠨ ᠤ 10 ᠰᠠᠷ᠎ᠠ ᠶᠢᠨ 20 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠳᠤ ᠴᠢᠬᠤᠯᠠ ᠵᠢᠭᠠᠪᠤᠷᠢ ᠥᠭᠴᠦ ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢ ᠪᠦᠲᠦᠭᠡᠨ ᠪᠠᠶᠢᠭᠤᠯᠬᠤ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠃ 40 ᠵᠢᠯ ᠤᠨ ᠲᠤᠷᠰᠢ ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠡᠭᠡᠭᠡᠯᠲᠡ ᠪᠠᠨ ᠥᠷᠭᠡᠳᠬᠡᠬᠦ ᠶᠢ ᠪᠠᠷᠢᠮᠲᠠᠯᠠᠵᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠂ ᠰᠢᠷᠭᠠᠭᠤ ᠬᠠᠲᠠᠭᠤᠵᠢᠯᠲᠠᠢ ᠲᠡᠮᠡᠴᠡᠵᠦ ᠂ ᠡᠷᠡᠮᠡᠬᠡᠶᠢᠯᠡᠨ ᠤᠷᠤᠭᠰᠢᠯᠠᠵᠤ ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠤᠨ ᠪᠦᠲᠦᠭᠡᠨ ᠪᠠᠶᠢᠭᠤᠯᠤᠯᠲᠠ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯᠣᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ ᠃    ᠰᠢ ᠶᠢᠨ ᠫᠢᠩ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠣᠭᠤᠷᠢᠨ ᠳᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠣᠷᠣᠯᠴᠠᠵᠥ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠵᠣᠷᠢᠭᠲᠠᠢ ᠪᠠᠷ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠴᠢ ᠴᠡᠷᠢᠭ ᠪᠣᠯᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠬᠦ ᠭᠡᠷᠡᠭᠲᠡᠢ ︔ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ ᠂ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠨ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ ᠂ ︽ ᠳᠤᠮᠳᠠᠳᠤ ᠤᠯᠤᠰ ᠲᠤ ᠪᠡᠯᠡ ᠣᠷᠣᠭᠤᠯᠬᠤ ︾ ᠲᠥᠷᠥᠯ ᠲᠡᠮᠳᠡᠭ ᠢ ᠴᠣᠭᠴᠠᠯᠠᠬᠤ ᠳᠤ ᠬᠦᠴᠦᠨ ᠨᠡᠮᠡᠷᠢᠯᠡᠬᠦ ᠭᠡᠷᠡᠭᠳᠡᠢ ︔ ᠲᠡᠷᠢᠭᠦᠨ ᠤ ᠦᠢᠯᠡᠳᠬᠦ ᠦᠢᠯᠡᠰ ᠤᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ ᠂ ᠠᠵᠤ ᠦᠢᠯᠡᠰ ᠢ ᠳᠡᠭᠡᠳᠦ ᠲᠡᠰᠵᠢᠭᠦᠯᠭᠦ ᠪᠣᠬᠢᠷᠳᠤᠯ ᠦᠭᠡᠶᠢᠵᠢᠭᠦᠯᠭᠦ ᠲᠣᠭᠠᠴᠢᠯᠠᠬᠤ ᠶᠢ ᠠᠬᠢᠭᠤᠯᠵᠤ ᠂ ᠲᠣᠭᠠᠴᠢᠯᠠᠭᠰᠠᠨ ᠠᠵᠤ ᠦᠢᠯᠡᠰ ᠂ ᠢᠷᠡᠭᠡᠳᠦᠢ ᠶᠢᠨ ᠠᠵᠤ ᠦᠢᠯᠡᠰ ᠢ ᠴᠣᠭᠴᠠᠯᠠᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃    ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ 40 ᠵᠢᠯ ᠤᠨ ᠣᠶ ᠶᠢᠨ ᠶᠠᠷᠢᠯᠴᠠᠬᠤ ᠬᠤᠷᠠᠯ 20 ᠤ ᠡᠳᠦᠷ ᠲᠢᠶᠠᠨᠵᠢᠨ ᠳᠤ ᠬᠤᠷᠠᠯᠳᠤᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ ᠃ ᠾᠧ ᠯᠢ ᠹᠧᠩ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠢ ᠰᠠᠶᠢᠲᠤᠷ ᠬᠢᠬᠦ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠢ ᠲᠠᠨᠢᠵᠤ ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠭᠠᠵᠠᠷ ᠢ ᠡᠭᠦᠳᠦᠨ ᠴᠣᠭᠴᠠᠯᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠤᠰᠢᠭᠤᠴᠢ ᠪᠣᠯᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠵᠤ ᠂ ᠣᠷᠣᠨ ᠪᠦᠰᠡ ᠶᠢᠨ ᠨᠡᠭᠡᠭᠡᠯᠲᠡ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠠᠬᠢᠭᠤᠯᠤᠭᠴᠢ ᠪᠤᠯᠬᠤ ᠪᠠᠷ ᠴᠢᠷᠮᠠᠶᠢᠵᠤ ᠂ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ ᠪᠡᠯᠡᠳᠬᠡᠯ ᠬᠦᠴᠦᠨ ᠪᠣᠯᠵᠤ ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠳᠠᠯᠳᠤᠭᠠᠨ ᠤ ᠶᠠᠪᠤᠳᠠᠯ ᠤᠨ ᠶᠠᠮᠤᠨ ᠂ ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠂ ᠲᠢᠶᠠᠨᠵᠢᠨ ᠂ ᠵᠢᠶᠠᠩᠰᠤ ᠂ ᠠᠨᠾᠦ᠋ᠢ ᠂ ᠭᠤᠸᠠᠩᠰᠢ ᠪᠣᠯᠣᠨ ᠤᠯᠤᠰ ᠤᠨ ᠲᠠᠰ ᠤᠨ ᠬᠡᠰᠡᠭ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠦᠭᠡ ᠬᠡᠯᠡᠪᠡ ᠃         
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ