| ᠡᠨᠡ ᠵᠢᠯ ᠠᠴᠠ ᠨᠠᠭᠠᠰᠢ ᠂ ᠮᠠᠨ ᠤ ᠣᠷᠣᠨ ᠤ 12 ᠠᠶᠢᠮᠠᠭ ᠬᠤᠲᠠ ᠶᠢᠨ 90 ᠬᠤᠰᠢᠭᠤ ᠰᠢᠶᠠᠨ ︵ ᠬᠤᠲᠠ ᠂ ᠲᠣᠭᠤᠷᠢᠭ ︶ ᠠᠳᠠᠯᠢ ᠪᠤᠰᠤ ᠬᠡᠮᠵᠢᠶ᠎ᠡ ᠪᠠᠷ | ᠭᠠᠮᠰᠢᠭᠳᠠᠭᠰᠠᠨ ᠪᠣᠯᠬᠤᠷ ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠡᠪᠦᠯ ᠬᠠᠪᠤᠷ ᠤᠨ ᠠᠪᠤᠷᠠᠨ | ᠲᠤᠰᠠᠯᠠᠬᠤ ᠠᠵᠢᠯ ᠢᠶᠠᠨ ᠤᠷᠢᠳᠴᠢᠯᠠᠨ ᠪᠠᠶᠢᠷᠢᠯᠠᠭᠤᠯᠵᠤ ᠂ ᠭᠠᠮᠰᠢᠭᠳᠠᠭᠰᠠᠨ ᠣᠯᠠᠨ ᠲᠦᠮᠡᠨ ᠤ ᠠᠮᠤᠷ ᠲᠦᠪᠰᠢᠨ ᠪᠥᠭᠡᠳ ᠳᠤᠯᠠᠭᠠᠬᠠᠨ ᠡᠪᠦᠯᠵᠢᠬᠦ ᠶᠢ ᠦᠨᠡᠨ ᠬᠦ | ᠪᠠᠲᠤᠯᠠᠪᠠ ᠃ ᠨᠢᠭᠡ ᠳᠤ ᠂ ᠪᠡᠯᠡ ᠮᠥᠩᠭᠦ ᠭᠤᠶᠤᠴᠢᠯᠠᠨ ᠣᠯᠬᠤ ᠪᠠᠷ ᠴᠢᠷᠮᠠᠶᠢᠪᠠ ᠂ ᠨᠢᠳᠤᠨᠤᠨ ᠬᠤᠪᠢᠶᠠᠷᠢᠯᠠᠭᠰᠠᠨ 2.61 ᠳ᠋ᠦᠩᠰᠢᠭᠤᠷ ᠲᠥᠭᠦᠷᠢᠭ ᠤᠨ ᠡᠪᠦᠯ | ᠬᠠᠪᠤᠷ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠰᠠᠭᠤᠷᠢᠨ ᠳᠡᠭᠡᠷ᠎ᠡ ᠂ ᠮᠠᠨ ᠤ ᠣᠷᠣᠨ ᠲᠡᠶᠢᠰᠢ ᠦᠷᠭᠦᠯᠵᠢᠯᠡᠨ ᠬᠡᠯᠪᠠᠶᠢᠯᠭᠡᠬᠦ ᠪᠠᠷ ᠪᠠᠴᠢᠮ ᠪᠠᠶᠢᠳᠠᠯ ᠢ | ᠠᠷᠭᠠᠴᠠᠭᠠᠬᠤ ᠶᠠᠮᠤᠨ ᠳᠤ ᠭᠤᠶᠤᠴᠢᠯᠠᠵᠠᠢ ᠃ ᠬᠤᠶᠠᠷ ᠲᠤ ᠂ ᠤᠷᠢᠳᠴᠢᠯᠠᠨ ᠪᠠᠶᠢᠷᠢᠯᠠᠭᠤᠯᠪᠠ ᠂ 9 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠬᠢᠯᠡᠨ ᠦᠨᠳᠦᠰᠦᠨ | ᠱᠠᠲᠤᠨ ᠤ ᠠᠪᠤᠷᠠᠨ ᠲᠤᠰᠠᠯᠠᠭᠤᠯᠬᠤ ᠭᠤᠶᠤᠴᠢᠯᠠᠯ ᠮᠡᠳᠡᠭᠦᠯᠬᠦ ᠪᠠ ᠬᠢᠨᠠᠨ ᠵᠥᠪᠰᠢᠶᠡᠷᠡᠭᠦᠯᠬᠦ ᠠᠵᠢᠯ ᠢ ᠰᠢᠪᠠᠳᠠᠨ ᠵᠢᠯᠣᠭᠤᠳᠴᠤ ᠂ ᠡᠪᠦᠯ ᠬᠠᠪᠤᠷ ᠢᠶᠠᠷ ᠠᠪᠤᠷᠠᠨ | ᠲᠤᠰᠠᠯᠠᠭᠤᠯᠬᠤ ᠴᠢᠬᠤᠯᠠᠲᠠᠶ ᠡᠲᠡᠭᠡᠳ ᠢ ᠣᠨᠣᠪᠴᠢᠲᠠᠶ ᠮᠠᠭᠠᠳᠯᠠᠵᠠᠢ ᠃ ᠭᠤᠷᠪᠠ ᠳᠤ ᠂ ᠡᠯ᠎ᠡ ᠱᠠᠲᠤᠨ ᠤ ᠠᠪᠤᠷᠠᠨ ᠲᠤᠰᠠᠯᠠᠬᠤ ᠪᠠᠯᠠ ᠮᠥᠩᠭᠦ ᠡᠳ᠋ ᠪᠣᠳᠠᠰ ᠢ | ᠨᠢᠭᠡᠳᠦᠯᠲᠡᠶ ᠲᠥᠯᠥᠪᠯᠡᠪᠠ ᠂ ᠭᠠᠮᠰᠢᠭᠳᠠᠭᠰᠠᠨ ᠣᠯᠠᠨ ᠲᠦᠮᠡᠨ ᠤ ᠬᠦᠴᠢᠷᠳᠡᠯ ᠤᠨ ᠪᠠᠶᠢᠳᠠᠯ ᠢ ᠨᠢ ᠦᠨᠳᠦᠰᠦᠯᠡᠨ ᠲᠠᠰ ᠬᠤᠪᠢᠶᠠᠨ ᠠᠪᠤᠷᠠᠨ ᠲᠤᠰᠠᠯᠠᠵᠤ ᠂ ᠬᠦᠨᠳᠦ | ᠨᠣᠴᠢᠲᠠᠶ ᠂ ᠣᠨᠴᠠᠭᠠᠶ ᠬᠦᠴᠢᠷᠳᠡᠯ ᠳᠤ ᠳᠤᠯᠠᠭᠠᠷᠠᠭᠰᠠᠨ ᠤᠯᠠᠨ ᠲᠦᠮᠡᠨ ᠢ ᠭᠤᠤᠯᠳᠠᠯᠭ᠎ᠠ ᠲᠠᠢ ᠠᠪᠤᠷᠠᠨ ᠲᠤᠰᠠᠯᠠᠨ᠎ᠠ ᠃ ᠳᠥᠷᠪᠡ ᠳᠤ ᠂ ᠮᠥᠷᠳᠡᠨ | ᠵᠢᠯᠣᠭᠤᠳᠬᠤ ᠪᠠᠨ ᠴᠢᠩᠭᠠᠳᠬᠠᠪᠠ ᠂ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠷᠠᠭᠤᠯᠤᠨ ᠂ ᠠᠪᠤᠷᠠᠨ ᠲᠤᠰᠠᠯᠠᠬᠤ ᠪᠠᠯᠠ ᠮᠥᠩᠭᠦ ᠣᠯᠭᠤᠬᠤ ᠳᠤ ᠪᠠᠨ ᠢᠯᠡ | ᠲᠣᠳᠣ ᠂ ᠭᠠᠷᠳᠠᠮ ᠪᠦᠷᠢᠨ ᠭᠦᠢᠴᠡᠳ ᠂ ᠳᠠᠩᠰᠠ ᠪᠠ ᠵᠣᠭᠤᠰ ᠨᠢ ᠬᠠᠷᠢᠯᠴᠠᠨ ᠨᠡᠶᠢᠴᠡᠬᠦ ᠶᠢ ᠦᠨᠡᠨ ᠬᠦ ᠪᠠᠲᠤᠯᠠᠵᠤ ᠂ ᠪᠠᠯᠠ ᠮᠥᠩᠭᠦ ᠶᠢ ᠲᠠᠰᠤᠯᠤᠨ ᠦᠯᠡᠳᠡᠭᠡᠬᠦ ᠂ | ᠣᠯᠭᠤᠬᠤ ᠶᠢ ᠤᠳᠠᠭᠠᠰᠢᠷᠠᠭᠤᠯᠬᠤ ᠪᠤᠶᠤ ᠳᠠᠷᠤᠭᠳᠠᠭᠤᠯᠵᠤ ᠬᠡᠷᠡᠭᠯᠡᠬᠦ ᠥᠬᠡᠶ ᠪᠠᠶᠢᠬᠤ ᠶᠢ ᠴᠢᠩᠭ᠎ᠠ ᠰᠡᠷᠭᠡᠶᠢᠯᠡᠨ᠎ᠡ ᠃ ︵ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ ︶ | | | |