5A ᠳᠡᠰ ᠤᠨ ᠭᠡᠷᠡᠴᠢᠯᠡᠯ︕ ᠵᠡᠭᠦᠨᠭᠠᠷ ᠬᠤᠰᠢᠭᠤᠨ ᠤ ᠬᠤᠶᠠᠷ ᠠᠭᠤᠷᠬᠠᠢ ᠤᠯᠤᠰ ᠤᠨ ᠲᠠᠰ ᠤᠨ ︽ᠠᠯᠲᠠᠨ ᠨᠡᠷ᠎ᠡ ᠶᠢᠨ ᠬᠠᠭᠤᠳᠠᠰᠤ︾  ᠪᠠᠷ ᠳᠠᠬᠢᠨᠲᠠ ᠮᠢᠯᠢᠶᠠᠯᠭᠠᠯ᠎ᠠ
ᠨᠡᠶᠢᠲᠡᠯᠡᠭᠰᠡᠨ ᠴᠠᠭ᠄
2024/10/21
     ᠣᠶᠢᠷ᠎ᠠ ᠳᠤ ᠂ ᠵᠡᠭᠦᠨᠭᠠᠷ ᠬᠤᠰᠢᠭᠤᠨ ᠤ ᠤᠯᠤᠰ  ᠤᠨ ᠡᠨᠧᠷᠬᠢ  ᠶᠢᠨ ᠵᠡᠬᠦᠠᠭᠠᠷ ᠡᠨᠧᠷᠬᠢ  ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠂ ᠬᠠᠷᠬᠤᠰᠤ ᠵᠠᠳᠠᠭᠠᠢ ᠨᠡᠭᠦᠷᠡᠰᠦᠨ ᠠᠭᠤᠷᠬᠠᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠤ ᠬᠠᠮᠤᠭ ᠤᠨ ᠥᠨᠳᠥᠷ ᠲᠠᠰ ᠤᠨ 5A ᠲᠠᠰ ᠤᠨ ᠭᠡᠷᠡᠴᠢᠯᠡᠯ  ᠤᠨ ᠦᠨᠡᠮᠯᠡᠯ ᠢ ᠤᠷᠤᠭᠰᠢᠲᠠᠢ ᠭᠠᠷᠳᠠᠨ ᠣᠯᠣᠭᠰᠠᠨ ᠪᠠᠶᠢᠨ᠎ᠠ ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠤ ᠵᠡᠷᠭᠡ ᠲᠠᠰ ᠤᠨ ᠭᠡᠷᠡᠴᠢᠯᠡᠯ ᠪᠣᠯ ᠤᠯᠤᠰ ᠤᠨ ᠭᠡᠷᠡᠴᠢᠯᠡᠯ ᠦᠨᠡᠯᠡᠯᠳᠡ  ᠶᠢᠨ ᠬᠢᠨᠠᠯᠳᠠ ᠬᠠᠮᠢᠶᠠᠷᠤᠯᠳᠠ  ᠶᠢᠨ ᠵᠥᠪᠯᠡᠯ ᠤᠨ ᠬᠠᠮᠤᠭ ᠤᠨ ᠰᠢᠨ᠎ᠡ ᠳᠡᠩᠰᠡᠯᠡᠵᠦ ᠵᠥᠪᠰᠢᠶᠡᠷᠡᠭᠰᠡᠨ ᠬᠠᠤᠯᠢ ᠶᠣᠰᠣᠭᠠᠷ ᠥᠷᠨᠢᠭᠦᠯᠦᠭᠰᠡᠨ ᠭᠡᠷᠡᠴᠢᠯᠡᠯ ᠤᠨ ᠲᠤᠬᠠᠶᠢᠯᠠᠭᠰᠠᠨ ᠠᠵᠢᠯ ᠪᠤᠯᠤᠨ᠎ᠠ ᠂ ᠭᠡᠷᠡᠴᠢᠯᠡᠯ ᠤᠨ ᠦᠷ᠎ᠡ ᠳ᠋ᠦᠩ ᠢ ᠤᠯᠤᠰ ᠤᠨ ᠭᠡᠷᠡᠴᠢᠯᠡᠯ ᠦᠨᠡᠯᠡᠯᠳᠡ  ᠶᠢᠨ ᠬᠢᠨᠠᠯᠳᠠ ᠬᠠᠮᠢᠶᠠᠷᠤᠯᠳᠠ  ᠶᠢᠨ ᠵᠥᠪᠯᠡᠯ ᠤᠨ ᠠᠯᠪᠠᠨ ᠤ ᠰᠦᠯᠵᠢᠶ᠎ᠡ ᠳᠤ ᠳᠠᠩᠰᠠᠯᠠᠭᠤᠯᠵᠤ ᠂ ᠤᠯᠤᠰ ᠤᠨ ᠲᠠᠰ ᠤᠨ ᠬᠢᠷᠢ ᠬᠡᠮ ᠳᠤ ᠲᠣᠭᠠᠴᠠᠭᠳᠠᠨ᠎ᠠ ᠂ ᠡᠨᠡ  ᠨᠢ ᠵᠡᠭᠦᠨᠭᠠᠷ ᠬᠤᠰᠢᠭᠤᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠢ ᠬᠠᠷᠠᠭᠤᠯᠵᠤ ᠪᠠᠶᠢᠨ᠎ᠠ ᠃ 
今日3(1).bmp
今日3(2).bmp
    ᠣᠯᠠᠨ ᠵᠢᠯ ᠤᠨ ᠲᠤᠷᠰᠢ ᠂ ᠵᠡᠭᠦᠨᠭᠠᠷ ᠬᠤᠰᠢᠭᠤ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠂ ᠠᠮᠢ ᠠᠬᠤᠢ ᠶᠢ ᠤᠷᠢᠳᠠᠪᠠᠷ ᠪᠤᠳᠤᠯᠬᠢᠯᠠᠬᠤ ᠤᠯᠤᠰ ᠲᠦᠷᠦ ᠶᠢᠨ ᠤᠳᠤᠷᠢᠳᠤᠮᠵᠢ ᠶᠢ ᠪᠠᠲᠤᠳᠬᠠᠵᠤ ᠂ ᠵᠠᠩᠭᠢᠯᠠᠭ᠎ᠠ ᠶᠢ ᠠᠳᠬᠤᠨ ᠂ ᠤᠨᠢᠨ ᠳᠡᠭᠡᠷ᠎ᠡ  ᠨᠢ ᠬᠦᠴᠦᠯᠡᠵᠦ ᠂ ᠠᠮᠢ ᠠᠬᠤᠢ ᠶᠢ ᠵᠠᠰᠠᠬᠤ ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠮᠡᠷᠭᠡᠵᠢᠯ ᠤᠨ ᠠᠷᠭ᠎ᠠ ᠵᠠᠮ ᠤᠨ ᠰᠢᠨ᠎ᠡ ᠶᠢ ᠡᠭᠦᠳᠬᠦ ᠂ ︽ᠬᠤᠶᠠᠷ ᠠᠭᠤᠯᠠ︾ ᠶᠢᠨ ᠦᠢᠯᠡᠳᠦᠯᠭᠡ ᠶᠢ ᠬᠤᠪᠢᠷᠠᠭᠤᠯᠬᠤ ᠠᠷᠭ᠎ᠠ ᠵᠠᠮ᠂ ᠠᠮᠢ ᠠᠬᠤᠢ ᠶᠢᠨ ᠦᠷᠳᠡᠭ ᠢ ᠠᠵᠤ ᠦᠢᠯᠡᠰᠵᠢᠭᠦᠯᠦᠨ ᠬᠡᠷᠡᠭᠵᠢᠭᠦᠯᠬᠦ ᠠᠷᠭ᠎ᠠ ᠵᠠᠮ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠤᠬᠰᠠᠨ ᠪᠠᠶᠢᠨ᠎ᠠ᠃ 
今日3(3).bmp
今日3(4).bmp
     ᠲᠣᠰ ᠤᠳᠠᠭᠠᠨ ᠤ 5A ᠲᠠᠰ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠤ ᠵᠡᠷᠭᠡ ᠲᠠᠰ ᠤᠨ ᠭᠡᠷᠡᠴᠢᠯᠡᠯ  ᠨᠢ ᠵᠡᠭᠦᠨᠭᠠᠷ ᠬᠤᠰᠢᠭᠤᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠳᠤ ᠴᠢᠭᠯᠡᠯ ᠢ ᠲᠣᠳᠣᠷᠬᠠᠢ ᠲᠣᠭᠲᠠᠭᠠᠵᠠᠢ ᠃ ᠲᠠᠷᠠᠭᠠᠴᠢ ᠶᠢᠨ ᠠᠯᠬᠤᠮ ᠳᠤ ᠂ ᠵᠡᠭᠦᠨᠭᠠᠷ ᠬᠤᠰᠢᠭᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠠᠬᠢᠭᠤᠯᠵᠤ ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠵᠣᠬᠢᠴᠠᠯᠳᠤᠭᠤᠯᠤᠨ ᠬᠥᠭᠵᠢᠭᠦᠯᠬᠦ ᠶᠢ ᠦᠨᠡᠨ ᠬᠦ ᠪᠠᠲᠤᠯᠠᠵᠤ ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠠᠮᠢ ᠠᠬᠤᠶᠢᠵᠢᠭᠤᠯᠬᠤ ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢᠯᠠᠬᠤ ᠂ ᠡᠬᠢ ᠪᠠᠶᠠᠯᠢᠭ ᠤᠨ ᠠᠰᠢᠭᠯᠠᠯᠲᠠ ᠶᠢ ᠥᠨᠳᠥᠷ ᠠᠰᠢᠭᠯᠠᠮᠵᠢᠵᠢᠭᠤᠯᠬᠤ ᠂ ᠮᠡᠳᠡᠭᠡ ᠵᠠᠩᠭᠢ ᠶᠢᠨ ᠬᠠᠮᠢᠶᠠᠷᠤᠯᠲᠠ ᠶᠢ ᠲᠣᠭᠠᠴᠢᠯᠠᠬᠤ ᠶᠢ ᠪᠡᠶᠡᠯᠡᠭᠦᠯᠦᠨ᠎ᠡ ᠃    
ᠢᠷᠡᠯᠲᠡ᠄ ︽ᠤᠯᠤᠰ ᠤᠨ ᠡᠨᠧᠷᠬᠢ ᠶᠢᠨ ᠵᠡᠬᠦᠠᠭᠠᠷ ᠡᠨᠧᠷᠬᠢ ᠶᠢᠨ ᠪᠦᠯᠦᠭᠯᠡᠯ ᠤᠨ ᠲᠠᠭᠤᠨ︾ ᠤ ᠳᠠᠪᠴᠠᠩ