ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠭᠦᠨᠭᠠᠷ ᠵᠤᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠬᠠᠷᠢᠶ᠎ᠠ ᠣᠷᠣᠨ ᠤ ᠵᠠᠷᠢᠮ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ᠲᠣᠭᠲᠠᠵᠠᠢ
ᠨᠡᠶᠢᠲᠡᠯᠡᠭᠰᠡᠨ ᠴᠠᠭ᠄
2024/10/21
     ᠰᠤᠷᠭᠠᠭᠤᠯᠢ ᠪᠤᠯᠤᠨ ᠣᠷᠣᠨ ᠨᠤᠲᠤᠭ ᠂ ᠰᠤᠷᠭᠠᠭᠤᠯᠢ ᠪᠤᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠨᠢᠭᠡ‌ᠠᠯᠬᠤᠮ ᠭᠦᠨᠵᠡᠭᠡᠶᠢᠷᠡᠭᠦᠯᠬᠦ ᠶᠢᠨ ᠳᠤᠰᠠᠳᠠ ᠂ 10 ᠰᠠᠷ᠎ᠠ ᠶᠢᠨ 14 ᠤ ᠡᠳᠦᠷ ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠨᠢ ᠵᠡᠭᠦᠨᠭᠠᠷ ᠵᠣᠣ ᠪᠠᠯᠭᠠᠰᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠲᠠᠢ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ᠲᠣᠭᠲᠠᠪᠠ ᠃ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠬᠢᠷᠤᠯ ᠰᠦᠩ ᠰᠢ ᠸᠧᠨ ᠵᠢᠴᠢ ᠬᠤᠯᠪᠣᠭᠳᠠᠯ ᠪᠦᠬᠦᠢ ᠤᠳᠤᠷᠢᠳᠤᠯᠭ᠎ᠠ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠹᠦ᠋ ᠭᠦᠸᠧ ᠴᠢᠶᠠᠩ᠂ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠢᠶᠧ ᠲᠤᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠦ᠋ ᠶᠦᠨ ᠵᠢᠴᠢ ᠬᠤᠷᠰᠢᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠶᠣᠰᠣᠯᠠᠯ ᠳᠤ ᠣᠷᠣᠯᠴᠠᠪᠠ᠃ 
基层1(1).bmp
    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠯ ᠵᠦᠢᠯ ᠤᠨ ᠠᠬᠤᠢ ᠲᠠᠯᠠᠪᠠᠢ ᠂  ᠳᠡᠭᠡᠳᠦ ᠰᠤᠷᠭᠠᠭᠤᠯᠢ ᠵᠠᠷᠢᠮ ᠰᠠᠯᠪᠤᠷᠢ ᠶᠢᠨ ᠳᠠᠳᠤᠯᠭ᠎ᠠ ᠪᠣᠯᠪᠠᠰᠤᠷᠠᠯ ᠤᠨ ᠠᠰᠠᠷ ᠵᠢᠴᠢ ᠡᠳ᠋ᠰᠢᠬᠦᠯᠵᠤ ᠪᠣᠯᠪᠠᠰᠤᠷᠠᠭᠤᠯᠬᠤ ᠲᠠᠰᠤᠭ ᠢᠶᠠᠷ ᠲᠣᠭᠤᠷᠢᠨ ᠦᠵᠡᠵᠦ ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠦᠨᠳᠦᠰᠦᠨ ᠪᠠᠶᠢᠳᠠᠯ ᠂ ᠳᠤᠬᠢᠷᠠᠭᠤᠯᠤᠬᠰᠠᠨ ᠲᠤᠰᠬᠠᠢ ᠮᠡᠷᠭᠡᠵᠢᠯ ᠪᠣᠯᠣᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠷᠢᠨ ᠣᠶᠢᠯᠠᠭᠠᠪᠠ᠃ 
基层1(2).bmp
    ᠶᠣᠰᠣᠯᠠᠯ ᠳᠡᠭᠡᠷ᠎ᠡ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠶᠢᠨ  ᠬᠢᠨ ᠵᠡᠭᠦᠨᠭᠠᠷ ᠵᠤᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ   ᠯᠤᠭ᠎ᠠ ᠰᠤᠷᠭᠠᠭᠤᠯᠢ ᠪᠠ ᠣᠷᠣᠨ ᠨᠤᠲᠤᠭ ᠤᠨ ᠬᠠᠮᠳᠤᠷᠠᠯᠴᠠᠭᠠᠨ  ᠤ ᠬᠠᠮᠲᠤᠷᠠᠨ ᠪᠠᠶᠢᠭᠤᠯᠬᠤ ᠵᠦᠪᠳᠡᠯᠴᠡᠭᠡᠷ ᠲᠤ ᠭᠠᠷ ᠤᠨ ᠦᠰᠦᠭ ᠵᠢᠷᠤᠵᠠᠢ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠦᠨᠳᠦᠰᠦᠨ ᠪᠠᠶᠢᠳᠠᠯ ᠂ ᠲᠣᠬᠢᠷᠠᠭᠤᠯᠤᠭᠰᠠᠨ ᠦᠢᠯᠡᠳᠦᠯᠭᠡ ᠶᠢᠨ ᠠᠵᠢᠯ ᠤᠨ ᠪᠠᠶᠢᠷᠢ ᠪᠠ ᠬᠥᠭᠵᠢᠯᠲᠡ ᠶᠢᠨ ᠢᠷᠡᠭᠡᠳᠦᠢ ᠶᠢᠨ ᠲᠥᠯᠥᠪ ᠢ ᠲᠠᠨᠢᠯᠴᠠᠭᠤᠯᠪᠠ᠃  
基层1(3).bmp
基层1(4).bmp
    ᠰᠦᠩ ᠰᠢ ᠸᠧᠨ ᠨᠥᠬᠦᠷ ᠵᠡᠭᠦᠨᠭᠠᠷ ᠵᠤᠤ ᠪᠠᠯᠭᠠᠰᠤᠨ ᠤ ᠡᠯ᠎ᠡ ᠲᠠᠯ᠎ᠠ ᠶᠢᠨ  ᠬᠢᠨ ᠤ ᠬᠦᠴᠦᠲᠡᠢ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠳᠠᠪᠠᠭᠤᠯᠢᠭ ᠂ ᠪᠠᠭᠰᠢ ᠶᠢᠨ ᠬᠦᠴᠦᠨ ᠵᠡᠷᠭᠡ ᠪᠠᠶᠢᠳᠠᠯ ᠢ ᠲᠠᠨᠢᠯᠴᠠᠭᠤᠯᠵᠠᠢ᠃ ᠡᠭᠦᠨ ᠤ ᠬᠠᠮᠳᠤ ᠂ ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠪᠣᠯ ᠰᠤᠷᠭᠠᠨ ᠬᠥᠮᠦᠵᠢᠯ ᠤᠨ ᠪᠠᠶᠢᠭᠤᠯᠤᠯᠲᠠ ᠶᠢᠨ ᠴᠢᠬᠤᠯᠠ ᠪᠠᠶᠢᠯᠳᠤᠬᠤ ᠪᠣᠳᠣᠯᠭ᠎ᠠ ᠪᠤᠯᠤᠨ᠎ᠠ ᠂ ᠡᠨᠡ  ᠨᠢ ᠣᠷᠣᠨ ᠨᠤᠲᠤᠭ ᠪᠠ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠂ ᠴᠢᠳᠠᠪᠤᠷᠢᠲᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ ᠭᠡᠵᠦ ᠴᠢᠬᠤᠯᠠᠴᠢᠯᠠᠵᠠᠢ ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠭᠠᠷ ᠤᠨ ᠦᠰᠦᠭ ᠵᠢᠷᠤᠬᠤ ᠶᠣᠰᠣᠯᠠᠯ ᠢᠶᠠᠷ ᠠᠵᠠ ᠲᠣᠬᠢᠶᠠᠯ ᠪᠣᠯᠭᠠᠵᠤ ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠂ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ ᠂ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ ᠶᠢ ᠴᠢᠨᠠᠭᠰᠢᠳᠠ ᠭᠦᠨᠵᠡᠭᠡᠶᠢᠷᠡᠭᠦᠯᠵᠦ ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ ᠂ ᠨᠢᠭᠡ ᠪᠦᠯᠦᠭ ᠦᠷ᠎ᠡ ᠪᠦᠲᠦᠮᠵᠢ ᠰᠠᠶᠢᠲᠠᠢ ᠦᠢᠯᠡᠳᠦᠯᠭᠡ ᠶᠢᠨ ᠬᠥᠮᠦᠵᠢᠯ ᠤᠨ ᠲᠦᠷᠦᠯ ᠵᠦᠢᠯ ᠪᠣᠯᠣᠨ ᠠᠵᠢᠯᠯᠠᠭ᠎ᠠ  ᠦᠷᠨᠢᠬᠦᠯᠬᠦ  ᠶᠢ ᠬᠦᠰᠡᠵᠦ ᠪᠠᠶᠢᠨ᠎ᠠ ᠭᠡᠪᠠ᠃ 
基层1(5).bmp
     ᠹᠦ᠋ ᠭᠦᠸᠧ ᠴᠢᠶᠠᠩ ᠨᠥᠬᠦᠷ ᠬᠤᠶᠠᠷ ᠲᠠᠯ᠎ᠠ ᠶᠢᠨ ᠦᠨᠡᠨᠴᠢ ᠪᠠᠷ ᠰᠣᠯᠢᠯᠴᠠᠭ᠎ᠠ ᠬᠠᠮᠲᠤᠷᠠᠯᠴᠠᠭ᠎ᠠ ᠬᠢᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠭᠰᠡᠨ ᠪᠥᠭᠡᠳ ᠬᠤᠶᠠᠷ ᠲᠠᠯ᠎ᠠ ᠪᠠᠷ ᠢᠶᠠᠨ ᠨᠥᠬᠦᠷᠰᠡᠭ ᠢᠶᠠᠷ ᠬᠠᠮᠲᠤᠷᠠᠯᠴᠠᠬᠤ ᠬᠠᠷᠢᠴᠠᠭ᠎ᠠ ᠪᠠᠶᠢᠭᠤᠯᠤᠭᠰᠠᠨ  ᠨᠢ ᠶᠡᠭᠡ ᠳᠡᠭᠡᠳᠦ ᠰᠤᠷᠭᠠᠭᠤᠯᠢ ᠪᠣᠯᠣᠨ ᠣᠷᠣᠨ ᠨᠤᠲᠤᠭ ᠤᠨ ᠡᠬᠢ ᠪᠠᠶᠠᠯᠢᠭ ᠬᠠᠮᠵᠢᠯᠴᠠᠨ ᠬᠠᠷᠢᠯᠴᠠᠨ ᠠᠰᠢᠭᠲᠠᠢ ᠪᠠᠶᠢᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠳᠤ ᠠᠰᠢᠭᠲᠠᠢ ᠶᠤᠮ᠂ ᠡᠭᠦᠨ ᠤ ᠬᠠᠮᠲᠤ ᠵᠠᠯᠠᠭᠤᠴᠤᠳ ᠤᠨ ᠨᠡᠶᠢᠭᠡᠮ ᠤᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ ᠂ ᠣᠷᠣᠨ ᠨᠤᠲᠤᠭ ᠲᠤ ᠰᠢᠯᠢᠳᠡᠭ ᠴᠢᠳᠠᠪᠤᠷᠢᠲᠠᠨ ᠢ ᠬᠦᠷᠭᠡᠨ ᠠᠪᠴᠢᠷᠠᠬᠤ ᠪᠤᠯᠤᠨ᠎ᠠ᠃ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ  ᠬᠢᠨ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠂ ᠰᠢᠨ᠎ᠡ ᠶᠢ ᠡᠭᠦᠳᠬᠦ ᠴᠢᠳᠠᠪᠤᠷᠢᠲᠠᠨ ᠢ ᠵᠡᠭᠦᠨᠭᠠᠷ ᠵᠤᠤ ᠪᠠᠯᠭᠠᠰᠤᠨ ᠳᠤ ᠣᠷᠣᠭᠤᠯᠤᠨ ᠠᠪᠴᠢᠷᠠᠵᠤ ᠂ ᠵᠡᠭᠦᠨᠭᠠᠷ ᠵᠤᠤ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠤ ᠢᠯᠡᠷᠭᠡᠶᠢᠯᠡᠪᠡ᠃ 
ᠢᠷᠡᠯᠲᠡ᠄ ︽ᠵᠡᠭᠦᠨᠭᠠᠷ ᠵᠤᠤ ᠪᠠᠯᠭᠠᠰᠤᠨ ᠤ ᠨᠡᠶᠢᠲᠡᠯᠡᠯ︾ ᠳᠠᠪᠴᠠᠩ