| ᠣᠶᠢᠷ᠎ᠠ ᠶᠢᠨ ᠡᠳᠦᠷ ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠵᠡᠭᠦᠨᠭᠠᠷ ᠬᠤᠰᠢᠭᠤᠨ ᠳᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ ᠃ ᠥᠪᠥᠷ ᠮᠣᠩᠭᠤᠯ ᠤᠨ ᠴᠠᠬᠢᠭᠤᠷ ᠤᠨ ᠡᠬᠢ ᠰᠤᠷᠪᠤᠯᠵᠢ ᠶᠢᠨ ᠰᠢᠨ᠎ᠡ ᠡᠨᠧᠷᠭᠢ ᠶᠢᠨ | ᠡᠯᠧᠺᠳ᠋ᠷᠣᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ ᠲᠦᠢᠯ ᠤᠨ | ᠮᠠᠲ᠋ᠧᠷᠢᠶᠠᠯ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠂ ᠳ᠋ᠦ᠋ ᠬᠤᠢ ᠯᠢᠶᠠᠩ ᠠᠮᠤᠷ ᠲᠦᠪᠰᠢᠨ ᠤ ᠬᠠᠮᠢᠶᠠᠷᠤᠯᠲᠠ ᠂ ᠪᠦᠲᠦᠭᠡᠨ ᠪᠠᠶᠢᠭᠤᠯᠤᠯᠲᠠ ᠶᠢᠨ | ᠠᠬᠢᠴᠠ ᠂ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ ᠂ | ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ ᠂ ᠬᠦᠮᠦᠰ ᠤᠨ ᠪᠣᠯᠪᠠᠰᠤᠷᠠᠯ ᠢ ᠴᠢᠩᠭᠠᠳᠬᠠᠵᠤ ᠂ ᠠᠵᠢᠯ ᠤᠨ ᠶᠠᠪᠤᠴᠠ ᠶᠢ | ᠵᠢᠷᠤᠮᠵᠢᠭᠤᠯᠵᠤ ᠂ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ ᠂ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠃ | ᠪᠣᠬᠢᠷᠲᠤᠯ ᠦᠭᠡᠢ ᠴᠠᠬᠢᠯᠭᠠᠨ ᠤ ᠳᠠᠪᠠᠭᠤᠯᠢᠭ ᠲᠤ ᠲᠦᠰᠢᠭᠯᠡᠨ ᠪᠣᠬᠢᠷᠲᠤᠯ ᠦᠭᠡᠢ ᠦᠢᠯᠡᠳᠬᠦ ᠲᠣᠭᠲᠠᠯᠴᠠᠭ᠎ᠠ ᠶᠢ ᠪᠠᠶᠢᠭᠤᠯᠵᠤ ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠭᠠᠳᠠᠭᠰᠢᠯᠠᠭᠤᠯᠬᠤ ᠬᠡᠮᠵᠢᠭᠳᠡᠯ ᠤᠨ ᠬᠠᠮᠢᠶᠠᠷᠤᠯᠲᠠ ᠶᠢ ᠴᠢᠩᠭᠠᠳᠬᠠᠵᠤ ᠂ ᠦᠢᠯᠡᠳᠬᠦᠨ ᠤ ᠪᠣᠬᠢᠷᠲᠤᠯ ᠦᠭᠡᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ | ᠬᠡᠷᠡᠭᠲᠡᠢ ᠃ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠵᠤ ᠨᠠᠶᠢᠳᠠᠪᠤᠷᠢᠵᠢᠭᠤᠯᠬᠤ ᠶᠢ ᠲᠦᠷᠭᠡᠳᠬᠡᠵᠦ ᠂ ᠴᠢᠨᠠᠷ ᠰᠠᠶᠢᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ ᠃ ᠰᠢᠩ ᠯᠦᠩ ᠵᠠᠬ᠎ᠠ ᠳᠡᠯᠭᠡᠭᠦᠷ ᠲᠤ ᠂ | ᠳ᠋ᠦ᠋ ᠬᠤᠢ ᠯᠢᠶᠠᠩ ᠲᠠᠸᠠᠷ ᠤᠨ ᠬᠠᠩᠭᠠᠯᠭ᠎ᠠ ᠂ ᠢᠳᠡᠭᠡᠨ ᠤ ᠠᠮᠤᠷ ᠲᠦᠪᠰᠢᠨ ᠪᠣᠯᠣᠨ ᠭᠠᠯ ᠰᠡᠷᠭᠡᠶᠢᠯᠡᠵᠦ ᠤᠨᠲᠠᠷᠠᠭᠠᠬᠤ ᠬᠡᠷᠡᠭᠰᠡᠯ ᠤᠨ ᠲᠣᠬᠢᠷᠠᠭᠤᠯᠤᠯᠲᠠ ᠵᠡᠷᠭᠡ | ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠬᠠᠮᠢᠶᠠᠷᠤᠯᠲᠠ ᠶᠢ ᠴᠢᠩᠭᠠᠳᠬᠠᠵᠤ ᠂ ᠣᠷᠴᠢᠨ ᠲᠣᠭᠤᠷᠢᠨ ᠢ ᠰᠢᠯᠢᠳᠡᠭᠵᠢᠭᠦᠯᠵᠦ ᠂ ᠴᠢᠳᠠᠪᠬᠢ ᠶᠢ ᠥᠷᠭᠡᠳᠬᠡᠵᠦ ᠂ ᠨᠡᠩ | ᠤᠯᠠᠨ ᠬᠤᠳᠠᠯᠳᠤᠭᠠᠨ ᠤ ᠡᠷᠦᠬᠡ ᠶᠢ ᠨᠤᠲᠤᠭᠰᠢᠭᠤᠯᠵᠤ ᠂ ᠬᠠᠭᠤᠴᠢᠨ ᠵᠠᠬ᠎ᠠ ᠳᠡᠯᠭᠡᠭᠦᠷ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠬᠤ ᠬᠡᠷᠡᠭᠲᠡᠢ ᠃ ᠪᠠᠶᠠᠷ ᠤᠨ | ᠡᠳᠦᠷ ᠤᠨ ᠬᠤᠭᠤᠴᠠᠭᠠᠨ ᠤ ᠬᠡᠷᠡᠭᠯᠡᠭᠡ ᠶᠢ ᠴᠢᠩᠭ᠎ᠠ ᠠᠩᠬᠠᠷᠴᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ ᠂ ︽ ᠳᠥᠷᠪᠡᠨ ᠬᠠᠮᠤᠭ ᠤᠨ | ᠴᠢᠩᠭ᠎ᠠ ︾ ᠪᠠᠷᠢᠮᠵᠢᠶ᠎ᠠ ᠶᠢ ᠪᠠᠷᠢᠮᠲᠠᠯᠠᠨ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠰᠠᠬᠢᠵᠤ ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ | ᠬᠠᠩᠭᠠᠯᠭ᠎ᠠ ᠭᠦᠢᠴᠡᠳ ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ ᠂ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠪᠡ ᠃ ᠨᠠᠨ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠂ ᠳ᠋ᠦ᠋ | ᠬᠤᠢ ᠯᠢᠶᠠᠩ ᠬᠦᠮᠦᠰ ᠢ ᠲᠠᠷᠬᠠᠭᠠᠬᠤ ᠵᠠᠮ ᠤᠨ ᠬᠠᠮᠢᠶᠠᠷᠤᠯᠲᠠ ᠂ ᠥᠨᠳᠥᠷ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ ᠤ | ᠪᠠᠶᠢᠳᠠᠯ ᠢ ᠨᠠᠷᠢᠨ ᠣᠶᠢᠯᠠᠭᠠᠵᠤ ᠂ ᠪᠦᠬᠦ ᠬᠤᠳᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠬᠡᠮ ᠰᠣᠭᠤᠭ ᠢ ᠬᠠᠯᠠᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ ᠃ ᠲᠡᠷᠡ ᠂ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ ᠂ ᠤᠶᠤᠨ ᠴᠢᠳᠠᠯ ᠢᠶᠠᠨ | ᠲᠥᠪᠯᠡᠷᠡᠭᠦᠯᠦᠨ ᠭᠠᠯ ᠤᠨ ᠭᠠᠮᠰᠢᠭ ᠤᠨ ᠭᠡᠮ ᠰᠣᠭᠤᠭ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠃ ᠰᠠᠭᠤᠭᠠᠯᠢ ᠠᠷᠠᠳ ᠤᠨ ᠲᠣᠭᠤᠷᠢᠭ ᠂ ︽ | ᠶᠢᠰᠦᠨ ᠵᠢᠵᠢᠭ ᠲᠠᠯᠠᠪᠤᠷ ︾ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ ᠂ ᠲᠣᠭᠲᠠᠭᠠᠯ ᠠᠴᠠ ᠵᠥᠷᠢᠴᠡᠨ ᠴᠠᠬᠢᠯᠭᠠᠨ | ᠴᠡᠨᠡᠭᠯᠡᠭᠰᠡᠨ ᠂ ᠳᠤᠷ᠎ᠠ ᠪᠠᠷ ᠢᠶᠠᠨ ᠪᠠᠷᠢᠯᠭ᠎ᠠ ᠪᠣᠰᠬᠠᠵᠤ ᠳᠤᠷ᠎ᠠ ᠪᠠᠷ ᠢᠶᠠᠨ ᠪᠠᠶᠢᠭᠤᠯᠤᠭᠰᠠᠨ ᠂ ᠭᠠᠯ ᠰᠡᠷᠭᠡᠶᠢᠯᠡᠵᠦ ᠤᠨᠲᠠᠷᠠᠭᠠᠬᠤ ᠵᠠᠮ ᠢ ᠡᠵᠡᠯᠡᠨ ᠪᠥᠭᠯᠡᠭᠰᠡᠨ ᠵᠡᠷᠭᠡ | ᠳᠠᠯᠳᠠ ᠬᠡᠮ ᠤᠨ ᠠᠰᠠᠭᠤᠳᠠᠯ ᠢ ᠴᠢᠩᠭ᠎ᠠ ᠪᠠᠶᠢᠴᠠᠭᠠᠵᠤ ᠂ ᠭᠠᠯ ᠰᠡᠷᠭᠡᠶᠢᠯᠡᠵᠦ ᠤᠨᠲᠠᠷᠠᠭᠠᠬᠤ ᠲᠥᠬᠦᠭᠡᠷᠦᠮᠵᠢ ᠶᠢ ᠲᠡᠭᠦᠯᠳᠡᠷᠵᠢᠭᠦᠯᠦᠨ ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠭᠠᠯ ᠰᠡᠷᠭᠡᠶᠢᠯᠡᠵᠦ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠵᠤ ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠪᠣᠯᠣᠨ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠤᠯᠠᠨ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠪᠡ ᠃ ᠬᠤᠲᠠ ᠶᠢᠨ ᠳᠡᠳ᠋ ᠳᠠᠷᠤᠭ᠎ᠠ ᠵᠠᠩ ᠰᠢᠤ ᠯᠢᠩ | ᠣᠷᠤᠯᠴᠠᠪᠠ ᠃ | | | |