| | | ᠴᠢᠬᠤᠯᠠ ᠶᠡᠭᠡ ᠲᠦᠷᠦᠯ ᠵᠦᠢᠯ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ︽ ᠳᠤᠯᠭᠠᠭᠤᠷᠢᠯᠠᠬᠴᠢ︾ ᠪᠦᠭᠡᠳ ︽ᠬᠤᠷᠳᠤᠳᠬᠠᠭᠤᠷ︾ | ᠪᠣᠯᠣᠨ᠎ᠠ᠃ | ᠣᠶᠢᠷ᠎ᠠ ᠶᠢᠨ ᠬᠤᠭᠤᠴᠠᠭᠠᠨ ᠳᠤ ᠂ ᠵᠡᠭᠦᠨᠭᠠᠷ ᠤᠨ ᠡᠬᠡ ᠭᠠᠵᠠᠷ ᠲᠤ ᠬᠦᠷ ᠬᠥᠭᠵᠢᠶᠡᠨ ᠲᠠᠢ ᠮᠦᠷᠳᠡᠭᠡᠨ ᠶᠠᠭᠠᠷᠠᠯᠲᠠᠢ ᠪᠠᠶᠢᠳᠠᠯ ᠢᠯᠡᠷᠡᠵᠡᠢ ᠃ ᠰᠢᠨ᠎ᠡ ᠪᠠᠷ | ᠪᠠᠶᠢᠭᠤᠯᠤᠭᠰᠠᠨ᠂ ᠦᠷᠭᠦᠯᠵᠢᠯᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠡᠯᠬᠦᠭᠡ ᠰᠤᠪᠤᠷᠭ᠎ᠠ ᠰᠦᠨᠳᠡᠷᠯᠡᠨ ᠂ ᠲᠡᠷᠭᠡ ᠮᠠᠰᠢᠨ | ᠰᠦᠯᠵᠢᠯᠳᠦᠵᠦ ᠂ ᠲᠦᠭ ᠲᠦᠮᠡᠨ ᠪᠦᠲᠦᠭᠡᠨ ᠪᠠᠶᠢᠭᠤᠯᠤᠭᠴᠢ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠠᠵᠢᠯᠯᠠᠵᠤ ᠂ ︽ᠰᠢᠵᠢᠷ ᠠᠯᠳᠠᠨ ᠬᠤᠭᠤᠴᠠᠭ᠎ᠠ︾ ᠶᠢ | ᠵᠠᠪᠳᠤᠨ ᠂ ︽ᠠᠬᠢᠴᠠ ᠶᠢᠨ ᠬᠠᠭᠤᠳᠠᠰᠤ︾ ᠶᠢ ᠠᠮᠵᠢᠭᠤᠯᠵᠤ ᠂ ᠶᠡᠬᠡᠪᠡᠷ ᠠᠵᠢᠯᠯᠠᠵᠤ ᠲᠦᠷᠭᠡᠨ ᠬᠥᠭᠵᠢᠬᠦ ᠰᠢᠨ᠎ᠡ ᠬᠠᠯᠠᠭᠤᠨ ᠥᠷᠨᠢᠯᠲᠡ ᠶᠢ ᠦᠷᠭᠦᠯᠵᠢᠯᠡᠨ ᠪᠤᠢ | ᠪᠣᠯᠭᠠᠵᠤ ᠂ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠬᠦᠴᠦᠷᠬᠡᠭ ᠳᠠᠭᠤᠨ ᠢ ᠬᠠᠩᠭᠢᠨᠠᠭᠤᠯᠤᠨ᠎ᠠ᠃ | ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠵᠦᠨ ᠳ᠋ᠠ ᠴᠠᠬᠢᠯᠭᠠᠨ ᠤ ᠦᠢᠯᠡᠳᠪᠦᠷᠢ ᠶᠢᠨ 2×100 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠢ | ᠨᠢᠭᠡ ᠴᠣᠭᠴᠠᠵᠢᠭᠤᠯᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠂ ᠬᠤᠶᠠᠷ ᠲᠣᠮᠣ ᠬᠦᠸᠧᠯᠤ ᠂ ᠬᠤᠶᠠᠷ ᠲᠣᠮᠣ ᠳᠠᠮ | ᠢᠶᠠᠷ ᠬᠦᠷᠦᠭᠡᠬᠦ ᠰᠤᠪᠤᠷᠭ᠎ᠠ ᠵᠢᠴᠢ ᠪᠧᠲ᠋ᠤᠨ ᠴᠢᠳᠬᠤᠵᠤ ᠪᠠᠶᠢᠭᠤᠯᠤᠭᠰᠠᠨ ᠭᠤᠣᠯ ᠦᠢᠯᠡᠳᠪᠦᠷᠢ ᠶᠢᠨ ᠭᠡᠷ ᠪᠠᠶᠢᠰᠢᠩ ᠦᠢᠯᠡᠳᠪᠦᠷᠢ ᠶᠢᠨ ᠲᠣᠭᠤᠷᠢᠭ ᠤᠨ ᠲᠥᠪ ᠲᠤ | ᠰᠦᠨᠳᠡᠷᠯᠡᠵᠦ ᠂ ᠬᠥᠬᠡᠤᠬᠳᠠᠷᠭᠤᠢ ᠴᠠᠭᠠᠨ ᠡᠭᠦᠯᠡᠨ ᠤ ᠳᠤᠤᠷ᠎ᠠ ᠤᠨᠴᠠ ᠶᠢᠨ ᠰᠦᠷᠯᠢᠭ ᠰᠠᠶᠢᠬᠠᠨ ᠬᠠᠷᠠᠭᠳᠠᠨ᠎ᠠ᠃ ᠡᠨᠡ ᠵᠢᠯ ᠤᠨ ᠬᠠᠪᠤᠷ ᠤᠨ ᠤᠯᠠᠷᠢᠯ ᠳᠤ ᠠᠵᠢᠯ | ᠡᠬᠢᠯᠡᠭᠰᠡᠨ ᠠᠴᠠ ᠨᠠᠭᠠᠰᠢ ᠂ 1800 ᠭᠠᠷᠤᠢ ᠪᠦᠲᠦᠭᠡᠨ ᠪᠠᠶᠢᠭᠤᠯᠤᠭᠴᠢ ᠡᠳᠦᠷ ᠰᠥᠨᠢ ᠦᠭᠡᠢ ᠭᠠᠪᠰᠢᠭᠠᠶᠢᠯᠠᠨ ᠠᠵᠢᠯᠯᠠᠵᠤ ᠂ ᠲᠦᠷᠦᠯ ᠵᠦᠢᠯ ᠤᠨ ᠠᠬᠢᠴᠠ ᠶᠢᠨ | ᠲᠡᠰ ᠳᠠᠷᠠᠭᠠᠯᠠᠯ ᠢᠶᠠᠷ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠰᠠᠨ ᠪᠠᠶᠢᠨ᠎ᠠ᠃ ︽ ᠣᠳᠣᠬᠠᠨ ᠳᠤ ᠲᠥᠷᠥᠯ ᠵᠦᠢᠯ ᠤᠨ 1 ᠳ᠋ᠤᠭᠡᠷ ᠨᠣᠮᠧᠷᠲᠤ ᠳᠠᠮ ᠢᠶᠠᠷ | ᠬᠦᠷᠦᠭᠡᠬᠦ ᠰᠤᠪᠤᠷᠭ᠎ᠠ ᠶᠢᠨ ᠲᠦᠩᠰᠡ ᠶᠢ 31.74 ᠮᠧᠲᠷ ᠪᠣᠯᠲᠠᠯ᠎ᠠ ᠪᠠᠷᠢᠵᠤ ᠂ 2 ᠳ᠋ᠤᠭᠠᠷ ᠨᠣᠮᠧᠷᠲᠤ ᠳᠠᠮ ᠢᠶᠠᠷ ᠬᠦᠷᠦᠭᠡᠬᠦ ᠰᠤᠪᠤᠷᠭ᠎ᠠ ᠶᠢᠨ ᠳᠣᠣᠷ᠎ᠠ ᠲᠣᠭᠤᠷᠢᠯ | ᠨᠢᠷᠤᠭᠤ ᠶᠢᠨ ᠪᠠᠷᠢᠯᠭ᠎ᠠ ᠶᠢ ᠪᠠᠷᠢᠵᠤ ᠳᠠᠭᠤᠰᠬᠠᠭᠠᠳ ᠂ ᠬᠤᠯᠠᠩ ᠤᠨ ᠲᠦᠩᠰᠡ ᠶᠢ 142.5 ᠮᠧᠲᠷ ᠪᠣᠯᠲᠠᠯ᠎ᠠ ᠪᠠᠷᠢᠵᠤ ᠂ 1 ᠳ᠋ᠤᠭᠡᠷ ᠨᠣᠮᠧᠷᠲᠤ ᠭᠤᠣᠯ | ᠦᠢᠯᠡᠳᠪᠦᠷᠢ ᠶᠢᠨ ᠭᠡᠷ ᠪᠠᠶᠢᠰᠢᠩ ᠢ A ᠮᠥᠷ ᠠᠴᠠ ᠣᠷᠣᠢ ᠳᠤ ᠨᠢ ᠬᠦᠷᠲᠡᠯ᠎ᠡ ᠪᠠᠷᠢᠵᠤ ᠂ ᠠᠭᠤᠷ ᠤᠨ ᠲᠦᠷᠪᠢᠨ ᠤ ᠰᠠᠭᠤᠷᠢ ᠶᠢᠨ ᠪᠧᠲ᠋ᠤᠨ ᠤ ᠪᠠᠷᠢᠯᠭ᠎ᠠ ᠶᠢᠨ | 63% ᠶᠢ ᠪᠠᠷᠢᠵᠤ ᠳᠠᠭᠤᠰᠬᠠᠨ ᠂ ᠪᠦᠬᠦ ᠦᠢᠯᠡᠳᠪᠦᠷᠢ ᠶᠢᠨ ᠳᠠᠭᠠᠯᠳᠠ ᠬᠠᠷᠢᠶ᠎ᠠ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠦᠬᠦᠨ ᠢᠶᠠᠷ ᠨᠢ | ᠪᠠᠷᠢᠯᠭ᠎ᠠ ᠡᠬᠢᠯᠡᠬᠦᠯᠵᠤ ᠂ ᠬᠢᠮᠢ ᠶᠢᠨ ᠤᠰᠤᠨ ᠤ ᠦᠢᠯᠡᠳᠪᠦᠷᠢ ᠶᠢᠨ ᠲᠠᠰᠤᠭ ᠂ ᠲᠤᠰᠠᠯᠠᠬᠤ ᠮᠠᠰᠢᠨ ᠤ ᠬᠠᠭᠤᠷᠠᠢ ᠨᠣᠶᠢᠲᠠᠨ ᠤ ᠬᠠᠮᠲᠤᠷᠠᠭᠰᠠᠨ ᠬᠥᠷᠥᠭᠡᠯᠲᠡ ᠶᠢᠨ | ᠰᠤᠪᠤᠷᠭ᠎ᠠ ᠂ ᠭᠦᠸᠧᠯᠦ ᠶᠢᠨ ᠭᠡᠷ ᠢ ᠡᠬᠢᠯᠡᠭᠦᠯᠵᠦ ᠂ ᠶᠡᠷᠦᠩᠬᠡᠶᠢᠯᠡᠭᠰᠡᠨ ᠤᠰᠤᠨ ᠬᠥᠭᠡᠷᠭᠡ ᠶᠢᠨ ᠭᠡᠷ ᠤᠨ ᠳᠡᠭᠡᠷ᠎ᠠ ᠭᠡᠰᠡᠭ ᠤᠨ ᠪᠠᠷᠢᠯᠭ᠎ᠠ ᠶᠢᠨ 45% ᠶᠢ ᠪᠠᠷᠢᠵᠤ | ᠳᠠᠭᠤᠰᠬᠠᠪᠠ ︾ ᠭᠡᠵᠤ ᠵᠦᠨ ᠳ᠋ᠠ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠦᠨᠡᠰᠤ ᠬᠦᠬᠦᠷ ᠤᠨ ᠳᠦᠷᠤᠯ | ᠵᠤᠶᠢᠯ ᠤᠨ ᠭᠤᠣᠯ ᠬᠠᠮᠢᠶᠠᠷᠤᠭᠴᠢ ᠰᠢᠤᠸᠠᠢ ᠯᠧᠢ ᠲᠠᠨᠢᠯᠴᠠᠭᠤᠯᠤᠨ᠎ᠠ᠃ | | ᠵᠢᠷᠤᠭ ᠄ ᠵᠦᠨ ᠳ᠋ᠠ ᠴᠠᠬᠢᠯᠭᠠᠨ ᠦᠢᠯᠡᠳᠪᠦᠷᠢ ᠶᠢᠨ 2×100 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠥᠷᠭᠡᠳᠬᠡᠨ | ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠡᠯᠭᠦᠭᠡ ᠰᠤᠪᠤᠷᠭ᠎ᠠ ᠰᠦᠨᠳᠡᠷᠯᠡᠵᠦ ᠂ 1800 ᠭᠠᠷᠤᠢ ᠪᠦᠲᠦᠭᠡᠨ ᠪᠠᠶᠢᠭᠤᠯᠤᠭᠴᠢ ᠪᠦᠬᠦ | ᠬᠦᠴᠦᠨ ᠢᠶᠠᠷ ᠢᠶᠠᠨ ᠠᠬᠢᠴᠠ ᠶᠢ ᠵᠠᠪᠳᠤᠭᠤᠯᠤᠨ ᠂ ᠠᠵᠢᠯ ᠤᠨ ᠬᠤᠭᠤᠴᠠᠭ᠎ᠠ ᠶᠢ ᠠᠮᠵᠢᠭᠤᠯᠵᠤ ᠂ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠤ | ᠪᠠᠶᠢᠨ᠎ᠠ᠃ ᠸᠠᠩ ᠯᠢ ᠮᠠᠨ ᠰᠡᠭᠦᠳᠡᠷᠯᠡᠪᠡ | | ᠲᠤᠰ ᠲᠦᠷᠦᠯ ᠵᠦᠢᠯ ᠨᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠳ᠋ᠠ ᠯᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠲᠦᠷᠦᠯ ᠵᠦᠢᠯ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠨᠢ ᠪᠠᠷᠤᠭ 78.65 ᠳ᠋ᠦᠩᠰᠢᠭᠤᠷ ᠲᠥᠭᠦᠷᠢᠭ ᠪᠠᠶᠢᠵᠤ ᠂ 2×1000MW ᠥᠨᠳᠥᠷ ᠪᠦᠲᠦᠮᠵᠢᠲᠡᠢ ᠵᠠᠭᠠᠭ ᠠᠴᠠ ᠳᠠᠪᠠᠭᠰᠠᠨ ᠮᠡᠷᠭᠡᠵᠢᠯ ᠂ | ᠨᠢᠭᠡ ᠤᠳᠠᠭ᠎ᠠ ᠳᠤ ᠵᠠᠪᠰᠠᠷ ᠤᠨ ᠳᠠᠬᠢᠨ ᠬᠠᠯᠠᠭᠠᠯᠳᠠ ᠬᠢᠬᠦ ᠂ ᠳᠠᠮ ᠢᠶᠠᠷ ᠠᠭᠠᠷ ᠢᠶᠠᠷ ᠬᠥᠷᠥᠭᠡᠬᠦ ᠠᠭᠤᠷ ᠤᠨ ᠴᠠᠷᠴᠠᠭᠠᠭᠤᠷ ᠮᠠᠶ᠋ᠢᠭ ᠤᠨ ᠠᠭᠤᠷ ᠤᠨ ᠲᠦᠷᠪᠢᠨ ᠤ | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ ᠃ ︽ᠲᠦᠷᠦᠯ ᠵᠦᠢᠯ ᠨᠢ ᠥᠨᠳᠥᠷ ᠪᠦᠲᠦᠮᠵᠢᠲᠡᠢ ᠵᠠᠭᠠᠭ ᠠᠴᠠ | ᠳᠠᠪᠠᠭᠰᠠᠨ ᠮᠡᠷᠭᠡᠵᠢᠯ ᠂ ᠨᠢᠭᠡ ᠤᠳᠠᠭ᠎ᠠ ᠳᠤ ᠵᠠᠪᠰᠠᠷ ᠤᠨ ᠲᠠᠬᠢᠨ ᠬᠠᠯᠠᠭᠠᠯᠳᠠ ᠬᠢᠬᠦ ᠂ ᠳᠠᠮ ᠢᠶᠠᠷ ᠠᠭᠠᠷ ᠢᠶᠠᠷ ᠬᠦᠷᠦᠭᠡᠬᠦ ᠵᠡᠷᠭᠡ ᠣᠳᠣᠬᠠᠨ ᠤ ᠳᠡᠯᠡᠬᠡᠢ ᠶᠢᠨ | ᠲᠡᠷᠢᠭᠦᠨ ᠤ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠯᠡᠵᠦ ᠂ ᠮᠠᠰᠢᠨ ᠴᠣᠭᠴᠠᠯᠠᠪᠤᠷᠢ ᠶᠢᠨ ᠤᠷᠬᠢᠯ ᠤᠨ ᠬᠡᠮᠵᠢᠶ᠎ᠡ ᠶᠢ | ᠭᠦᠨᠵᠡᠭᠡᠢ ᠲᠣᠬᠢᠷᠠᠭᠤᠯᠬᠤ ᠴᠢᠳᠠᠪᠤᠷᠢ ᠶᠢ 20% ᠳᠤ ᠬᠦᠷᠭᠡᠬᠦ ᠪᠤᠯᠤᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠂ ᠵᠢᠯ ᠤᠨ | ᠠᠰᠢᠭᠯᠠᠭᠰᠠᠨ ᠴᠠᠭ ᠤᠨ ᠲᠤᠭ᠎ᠠ ᠶᠢ 5000 ᠴᠠᠭ ᠢᠶᠠᠷ ᠪᠤᠳᠤᠪᠠᠯ ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ 100 ᠳ᠋ᠦᠩᠰᠢᠭᠤᠷ ᠺᠢᠯᠣᠸᠠᠲ ᠴᠠᠭ | ᠪᠡᠶᠡᠯᠡᠭᠦᠯᠵᠦ ᠂ ᠵᠢᠯ ᠤᠨ ᠡᠵᠡᠩᠨᠡᠯᠲᠡ ᠶᠢᠨ ᠣᠷᠣᠯᠭ᠎ᠠ ᠶᠢ 42 ᠳ᠋ᠦᠩᠰᠢᠭᠤᠷ ᠲᠥᠭᠦᠷᠢᠭ ᠣᠷᠴᠢᠮ ᠪᠠᠶᠢᠯᠭᠠᠵᠤ ᠂ ᠵᠢᠯ ᠤᠨ ᠳᠡᠭᠡᠭᠰᠢ ᠲᠤᠰᠢᠶᠠᠬᠤ ᠭᠠᠶᠢᠯᠢ | ᠰᠦᠢᠳᠬᠡᠯ ᠢ 2.5 ᠳ᠋ᠦᠩᠰᠢᠭᠤᠷ ᠲᠥᠭᠦᠷᠢᠭ ᠣᠷᠴᠢᠮ ᠪᠠᠶᠢᠯᠭᠠᠵᠤ ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠴᠠᠬᠢᠯᠭᠠᠨ ᠬᠦᠴᠦᠨ ᠤ | ᠠᠮᠤᠷ ᠲᠦᠪᠰᠢᠨ ᠤ ᠬᠠᠩᠭᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠶᠢᠳᠠᠪᠤᠷᠢᠲᠠᠢ ᠡᠨᠧᠷᠭᠢ ᠶᠢᠨ ᠲᠤᠯᠭᠠᠭᠤᠷᠢᠯᠠᠯ | ᠬᠠᠩᠭᠠᠬᠤ ᠪᠣᠯᠣᠨ᠎ᠠ ︾ ᠭᠡᠵᠦ ᠰᠢᠤᠸᠠᠢ ᠯᠧᠢ ᠢᠯᠡᠷᠬᠡᠶᠢᠯᠡᠨᠠ ᠃ | ᠬᠡᠳᠦᠨ ᠰᠠᠷ᠎ᠠ ᠱᠠᠯᠠᠪᠳᠠᠨ ᠪᠦᠲᠦᠭᠡᠨ ᠪᠠᠶᠢᠭᠤᠯᠬᠤ ᠪᠠᠷ ᠲᠠᠮᠵᠢᠨ᠂ ᠥᠪᠥᠷ ᠮᠣᠩᠭᠤᠯ ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ ᠶᠢᠨ ᠲᠦᠮᠡᠨ ᠲᠣᠨ ᠤ ᠲᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠦᠢᠯᠡᠳᠪᠤᠷᠢᠯᠡᠬᠦ ᠲᠦᠷᠦᠯ ᠵᠦᠢᠯ ᠠᠩᠬ᠎ᠠ | ᠠᠯᠬᠤᠮ ᠤᠨ ᠠᠮᠵᠢᠯᠳᠠ ᠶᠢ ᠣᠯᠵᠤ ᠂ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠂ ᠦᠢᠯᠡᠳᠪᠦᠷᠢ ᠶᠢᠨ ᠭᠡᠷ ᠪᠠᠶᠢᠰᠢᠩ ᠰᠦᠨᠳᠡᠷᠯᠡᠨ ᠪᠣᠰᠴᠤ ᠂ | ᠮᠠᠰᠢᠨ ᠤ ᠬᠦᠷᠴᠢᠬᠢᠨᠡᠬᠦ ᠳᠠᠭᠤᠨ ᠲᠠᠰᠤᠷᠠᠯᠳᠡ ᠦᠭᠡᠢ ᠰᠤᠨᠤᠰᠳᠠᠨ ᠂ ᠪᠠᠷᠢᠯᠭ᠎ᠠ ᠶᠢᠨ ᠠᠵᠢᠯᠲᠠᠳ ᠶᠠᠭ ᠡᠮᠬᠢ ᠵᠠᠮᠪᠠᠷᠠᠭ᠎ᠠ ᠲᠠᠢ ᠪᠠᠷ ᠦᠢᠯᠡᠳᠪᠦᠷᠢ ᠶᠢᠨ ᠭᠡᠷ | ᠪᠠᠶᠢᠰᠢᠩ ᠤᠨ ᠳᠣᠲᠣᠭᠠᠳᠤ ᠪᠦᠲᠦᠴᠡ ᠵᠢᠴᠢ ᠦᠢᠯᠡᠳᠪᠦᠷᠢ ᠶᠢᠨ ᠲᠣᠭᠤᠷᠢᠭ ᠤᠨ ᠵᠠᠮ ᠤᠨ ᠪᠠᠷᠢᠯᠭ᠎ᠠ ᠶᠢᠨ ᠠᠵᠢᠯ ᠢ ᠬᠢᠵᠦ ᠪᠠᠶᠢᠯ᠎ᠠ᠃ ︽ᠦᠢᠯᠡᠳᠪᠦᠷᠢ ᠶᠢᠨ ᠡᠮᠤᠨ᠎ᠠ | ᠲᠣᠭᠤᠷᠢᠭ ᠤᠨ ᠡᠵᠡᠮᠳᠡᠯ ᠤᠨ ᠲᠠᠰᠤᠭ ᠂ ᠰᠢᠨᠵᠢᠯᠡᠨ ᠰᠢᠯᠭᠠᠬᠤ ᠲᠠᠰᠤᠭ ᠂ ᠴᠠᠬᠢᠯᠭᠠᠨ ᠲᠦᠭᠡᠭᠡᠬᠦ ᠲᠠᠰᠤᠭ ᠤᠨ ᠭᠤᠣᠯ ᠪᠦᠲᠦᠴᠡ ᠨᠢᠭᠡᠨᠲᠡ ᠳᠠᠭᠤᠰᠴᠤ ᠂ | ᠳᠣᠲᠣᠭᠠᠳᠤ ᠶᠢᠨ ᠵᠠᠰᠠᠯ ᠴᠢᠮᠡᠭᠯᠡᠯ ᠤᠨ ᠠᠵᠢᠯ ᠢ ᠶᠠᠭ ᠬᠢᠵᠦ ᠪᠠᠶᠢᠨ᠎ᠠ᠂ ᠲᠣᠨᠤᠭ ᠲᠥᠬᠦᠭᠡᠷᠦᠮᠵᠢ ᠶᠢ ᠲᠠᠯᠠᠪᠠᠢ ᠳᠤ ᠣᠷᠣᠭᠤᠯᠤᠭᠰᠠᠨ ᠤ ᠳᠠᠷᠠᠭ᠎ᠠ ᠲᠣᠨᠤᠭ | ᠲᠥᠬᠦᠭᠡᠷᠦᠮᠵᠢ ᠶᠢ ᠤᠭᠰᠠᠷᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ ︾ ᠭᠡᠵᠦ ᠥᠪᠥᠷ ᠮᠣᠩᠭᠤᠯ ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠲᠠᠩ ᠽᠥᠩ ᠪᠦᠦ ᠶᠠᠷᠢᠨ᠎ᠠ᠃ | | ᠵᠢᠷᠤᠭ ᠄ ᠥᠪᠥᠷ ᠮᠣᠩᠭᠤᠯ ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠦᠮᠡᠨ ᠲᠣᠨ ᠤ ᠲᠡᠰ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠦᠢᠯᠡᠳᠪᠤᠷᠢᠯᠡᠬᠦ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷ | ᠬᠥᠭᠵᠢᠶᠡᠨ ᠢᠶᠠᠷ ᠪᠢᠯᠬᠠᠵᠤ ᠪᠠᠶᠢᠯ᠎ᠠ᠃ ᠸᠠᠩ ᠯᠢ ᠮᠠᠨ ᠰᠡᠭᠦᠳᠡᠷᠯᠡᠪᠡ | | ᠲᠣᠰ ᠲᠥᠷᠥᠯ ᠵᠦᠢᠯ ᠪᠣᠯ ᠴᠢᠩᠬᠤᠸᠠ ᠶᠡᠭᠡ ᠰᠤᠷᠭᠠᠭᠤᠯᠢ ᠪᠣᠯᠣᠨ ᠵᠢᠦ ᠲᠠᠢ ᠪᠦᠯᠦᠭᠯᠡᠯ ᠤᠨ ᠬᠠᠮᠲᠤᠷᠠᠨ ᠪᠠᠶᠢᠭᠤᠯᠤᠭᠰᠠᠨ ᠪᠥᠬᠦ ᠳᠡᠯᠡᠬᠡᠢ ᠶᠢᠨ ᠠᠩᠬᠠᠳᠠᠭᠴᠢ | ᠲᠦᠮᠡᠨ ᠲᠣᠨ ᠤ ᠲᠠᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠠᠵᠤ ᠦᠢᠯᠡᠳᠪᠦᠷᠢ ᠶᠢᠨ | ᠲᠤᠷᠰᠢᠯᠲᠠ ᠶᠢᠨ ᠲᠥᠷᠥᠯ ᠵᠦᠢᠯ ᠪᠠᠶᠢᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ | ᠵᠦᠢᠯ ᠳᠤ ᠵᠢᠭᠰᠠᠭᠠᠭᠳᠠᠵᠠᠢ ᠃ ᠲᠦᠷᠦᠯ ᠵᠦᠢᠯ ᠪᠠᠶᠢᠭᠤᠯᠤᠭᠳᠠᠬᠰᠠᠨ ᠤ ᠳᠠᠷᠠᠭ᠎ᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠣᠨ ᠤᠰᠤᠲᠥ᠋ᠷᠥᠭᠴᠢ ᠬᠡᠢ ᠪᠠᠷ | ᠲᠦᠭᠦᠬᠡᠢ ᠮᠠᠲ᠋ᠧᠷᠢᠶᠠᠯ ᠪᠣᠯᠭᠠᠵᠤ ᠂ ᠴᠢᠩᠬᠤᠸᠠ ᠶᠡᠭᠡ ᠰᠤᠷᠭᠠᠭᠤᠯᠢ ᠶᠢᠨ ᠰᠤᠳᠤᠯᠤᠨ ᠨᠡᠭᠡᠭᠡᠭᠰᠡᠨ︽ᠨᠡᠶᠢᠯᠡᠯᠭᠡ ᠬᠡᠢ ᠶᠢᠨ ᠨᠢᠭᠡ ᠠᠯᠬᠤᠮ ᠢᠶᠠᠷ ᠦᠨᠦᠷᠲᠦ ᠨᠡᠭᠦᠷᠦᠭᠴᠢ | ᠤᠶᠢᠯᠡᠳᠪᠤᠷᠢᠯᠡᠬᠦ︾ ᠮᠡᠷᠭᠡᠵᠢᠯ ᠢ ᠬᠡᠷᠡᠭᠯᠡᠵᠦ ᠂ ᠴᠢᠬᠤᠯᠠ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠤᠯᠬᠤ ᠲᠦᠷᠪᠡᠨ ᠮᠧᠲ᠋ᠢᠯᠲᠦ | ᠪᠧᠨ᠋ᠽᠥᠨ ᠢ ᠦᠢᠯᠡᠳᠪᠦᠷᠢᠯᠡᠵᠦ ᠂ ᠲᠡᠭᠦᠨ ᠤ ᠳᠣᠣᠷᠠᠳᠤ ᠭᠡᠯᠬᠢᠶ᠎ᠠ ᠶᠢᠨ ᠦᠢᠯᠡᠳᠬᠦᠨ ᠪᠤᠯᠬᠤ ᠪᠥᠭᠡᠭᠡᠨᠡᠷᠡᠯ ᠰᠢᠷᠬᠡᠭᠯᠢᠭ ᠡᠲ᠋ᠢᠯ ᠰᠢᠪᠲᠦᠷ ᠨᠢ ᠠᠭᠠᠷ ᠤᠨ ᠠᠶᠠᠯᠠᠯ ᠂ | ᠰᠠᠨᠰᠠᠷ ᠤᠨ ᠠᠶᠠᠯᠠᠯ ᠂ ᠪᠢᠴᠢᠯ ᠡᠯᠧᠺᠲᠷᠣᠨ᠂ ᠨᠠᠨᠤᠮᠧᠲᠷ᠂ ᠰᠢᠩᠭᠡᠨ ᠲᠠᠯᠠᠰᠲᠤ ᠂ ᠳᠤᠰᠠᠭᠠᠷᠯᠠᠬᠤ ᠪᠦᠷᠬᠦᠪᠴᠢ᠂ ᠯᠠᠶᠢᠰᠧᠷ ᠭᠡᠷᠡᠯ ᠵᠡᠷᠭᠡ ᠬᠦᠷᠢᠶ᠎ᠠ ᠴᠠᠷᠠᠭᠠᠨ ᠳᠤ | ᠥᠷᠭᠡᠨ ᠢᠶᠠᠷ ᠬᠡᠷᠡᠭᠯᠡᠭᠳᠡᠨᠠ᠃ | ᠬᠥᠭᠵᠢᠬᠦᠯᠬᠦ ᠪᠤᠯ ᠬᠠᠲᠠᠭᠤ ᠶᠣᠰᠣ ᠪᠠᠶᠢᠵᠤ ᠂ ᠲᠦᠷᠦᠯ ᠵᠦᠢᠯ ᠪᠣᠯ ᠬᠠᠲᠠᠭᠤ ᠲᠤᠯᠭᠠᠭᠤᠷᠢᠯᠠᠯ ᠮᠥᠨ ᠃ ᠡᠨᠡ ᠵᠢᠯ ᠠᠴᠠ ᠨᠠᠭᠠᠰᠢ ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠥᠨᠳᠦᠷᠯᠢᠭ ᠪᠣᠯᠤᠭᠰᠠᠨ ᠤ ᠬᠤᠪᠢ ᠳᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ | ︽ᠲᠦᠷᠦᠯ ᠵᠦᠢᠯ ᠢᠶᠠᠷ ᠭᠤᠣᠯ ᠪᠣᠯᠭᠠᠬᠤ︾ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ ᠂ ᠰᠠᠨᠠᠭᠠᠴᠢᠯᠠᠭ᠎ᠠ ᠲᠠᠢ ᠪᠠᠷ ᠠᠵᠢᠯᠯᠠᠵᠤ ᠂ ᠤᠷᠢᠳᠴᠢᠯᠠᠨ ᠦᠢᠯᠡᠴᠢᠯᠡᠵᠦ ᠂ | ᠴᠢᠬᠤᠯᠠ ᠬᠦᠴᠤᠨ ᠵᠤᠶᠢᠯ ᠤᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠳᠠᠰᠤᠷᠠᠯᠳᠠ ᠦᠭᠡᠢ | ᠰᠢᠯᠢᠳᠡᠭᠵᠢᠭᠦᠯᠤᠨ ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ ᠪᠤᠢ ᠃ ᠨᠢᠭᠡ ᠪᠦᠯᠦᠭ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠠᠯᠭᠠᠪᠡᠷ ᠳᠠᠭᠤᠰᠬᠠᠵᠤ ᠂ ᠦᠯᠡᠮᠵᠢᠭᠡᠨ ᠦᠷ᠎ᠡ ᠪᠦᠲᠦᠭᠡᠯ ᠣᠯᠵᠤ ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ | ᠶᠢ ᠰᠢᠯᠢᠳᠡᠭᠵᠢᠭᠦᠯᠬᠦ ᠳᠤ ᠬᠠᠲᠠᠭᠤ ᠲᠤᠯᠭᠠᠭᠤᠷᠢᠯᠠᠯ ᠬᠠᠩᠭᠠᠪᠠ︔ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠢᠳᠡ ᠬᠦᠭ ᠲᠠᠢ | ᠮᠦᠷᠳᠡᠭᠡᠨ ᠲᠦᠷᠭᠡᠨ ᠶᠠᠪᠤᠭᠳᠠᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠤᠨ | ᠦᠭᠴᠤ ᠪᠤᠢ ᠃ ᠠᠵᠤ ᠦᠢᠯᠡᠰ ᠬᠥᠭᠵᠢᠪᠡᠯ ᠠᠵᠤ ᠠᠬᠤᠢ ᠬᠥᠭᠵᠢᠵᠦ ᠂ ᠠᠵᠤ ᠦᠢᠯᠡᠰ ᠬᠦᠴᠦᠷᠬᠡᠭᠵᠢᠪᠡᠯ ᠠᠵᠤ ᠠᠬᠤᠢ ᠬᠦᠴᠦᠷᠬᠡᠭᠵᠢᠨ᠎ᠡ᠃ ᠴᠢᠨᠠᠷ ᠰᠠᠶᠢᠲᠠᠢ | ᠠᠵᠤ ᠦᠢᠯᠡᠰ ᠤᠨ ᠲᠦᠷᠦᠯ ᠵᠦᠢᠯ ᠤᠳ ᠨᠢ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠤᠳ ᠢ ᠪᠦᠷᠢᠯᠳᠦᠭᠦᠯᠵᠦ ᠂ ᠴᠡᠴᠡᠭᠯᠡᠨ ᠬᠥᠭᠵᠢᠭᠰᠡᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ᠃ | |