| | | ᠪᠤᠯᠤᠩ ᠨᠡᠭᠡᠭᠡᠬᠦ ᠦᠭᠡ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠂ ᠪᠥᠬᠦ ᠬᠤᠰᠢᠭᠤᠨ ᠤ ᠡᠯ᠎ᠡ ᠱᠠᠲᠤ | ᠡᠯ᠎ᠡ ᠰᠠᠯᠠᠭ᠎ᠠ ᠮᠥᠴᠢᠷ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠳᠠᠷᠤᠢ ᠲᠦᠷᠭᠡᠨ ᠬᠥᠳᠡᠯᠦᠯᠴᠡᠵᠦ ᠂ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠂ ᠨᠠᠷᠢᠯᠢᠭ ᠨᠢᠮᠪᠠᠢ ᠠᠵᠢᠯᠯᠠᠵᠤ ᠂ ᠬᠦᠴᠢᠷ ᠢ ᠳᠤᠭᠤᠯᠤᠨ ᠪᠡᠷᠬᠡ ᠶᠢ ᠳᠠᠪᠠᠵᠤ ᠂ ᠵᠠᠩᠭᠢᠯᠠᠭ᠎ᠠ ᠶᠢᠨ | ᠴᠡᠭ ᠢ ᠴᠢᠩᠭ᠎ᠠ ᠠᠳᠬᠤᠨ ᠂ ᠲᠥᠷᠥᠯ ᠵᠦᠢᠯ ᠬᠤᠪᠢᠶᠠᠨ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠂ ᠢᠯᠡ ᠪᠠᠷ ᠲᠠᠲᠠᠪᠤᠷᠢᠯᠠᠵᠤ ᠨᠤᠷᠠᠭᠠᠬᠤ ᠪᠠ | ᠳᠤᠬᠳᠠᠭᠠᠯ ᠠᠴᠠ ᠵᠦᠷᠢᠴᠡᠨ ᠪᠦᠳᠤᠭᠡᠨ ᠪᠠᠶᠢᠭᠤᠯᠬᠤ ᠶᠢ ᠴᠡᠭᠴᠡᠯᠡᠨ ᠵᠠᠰᠠᠬᠤ ︽ ᠵᠠᠭᠤᠨ ᠡᠳᠦᠷ ᠤᠨ ᠪᠣᠭᠤᠮᠲᠠ ᠰᠢᠪᠲᠤᠯᠬᠤ ︾ ᠲᠡᠶᠢᠯᠠᠯᠳᠤᠭᠠᠨ ᠢ ᠪᠥᠬᠦ ᠲᠠᠯ᠎ᠠ ᠪᠠᠷ | ᠡᠬᠢᠯᠡᠭᠦᠯᠵᠦ ᠂ ᠬᠠᠷᠠᠯᠲᠠ ᠡᠭᠦᠷᠭᠡ ᠪᠠᠨ ᠪᠡᠶᠡᠯᠡᠭᠦᠯᠬᠦ ᠪᠠᠷ ᠬᠦᠴᠦᠯᠡᠨ ᠴᠢᠷᠮᠠᠶᠢᠵᠤ ᠪᠤᠢ ᠃ ᠵᠡᠭᠦᠨᠭᠠᠷ ᠬᠤᠰᠢᠭᠤ ︽ ︿ ᠵᠠᠭᠤᠨ ᠡᠳᠦᠷ ᠤᠨ ᠪᠣᠭᠤᠮᠲᠠ ᠰᠢᠪᠲᠤᠯᠬᠤ ﹀ | ᠨᠢᠭᠡᠳᠦᠭᠡᠷ ᠹᠷᠣᠨᠲ ᠤᠨ ᠮᠡᠳᠡᠭᠡᠯᠡᠯ ︾ ᠭᠡᠬᠦ ᠪᠤᠯᠤᠩ ᠭᠠᠷᠭᠠᠵᠤ ᠂ ︽ ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭ᠎ᠠ ᠶᠢᠨ ᠨᠢᠭᠡᠳᠦᠭᠡᠷ ᠹᠷᠣᠨᠲ ᠲᠤ | ᠬᠦᠨᠵᠡᠭᠡᠶᠢᠷᠡᠨ ᠂ ᠪᠥᠬᠦ ᠬᠤᠰᠢᠭᠤᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠂ ᠵᠤᠷᠢᠬᠳᠠᠢ ᠡᠭᠦᠷᠭᠡᠯᠡᠨ ᠠᠵᠢᠯᠯᠠᠵᠤ ᠂ ᠪᠣᠭᠤᠮᠲᠠ ᠰᠢᠪᠲᠤᠯᠬᠤ ᠬᠠᠮᠳᠤᠷᠠᠯ | ᠬᠦᠴᠦᠨ ᠢ ᠪᠦᠷᠢᠯᠳᠦᠭᠦᠯᠵᠦ ᠂ ︽ ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢ | ᠳᠠᠶᠢᠴᠢᠯᠠᠵᠤ ᠪᠠᠶᠢᠨ᠎ᠠ ᠃ ᠲᠤᠰ ᠬᠤᠭᠤᠴᠠᠭᠠᠨ ᠳᠤ ︽ 31852.13 ᠮᠦ ᠂ 71 ᠵᠦᠢᠯ ︕ ᠵᠡᠭᠦᠨᠭᠠᠷ ᠬᠤᠰᠢᠭᠤᠨ ᠤ ᠢᠯᠡ ᠪᠠᠷ ᠲᠠᠲᠠᠪᠤᠷᠢᠯᠠᠵᠤ ᠨᠤᠷᠠᠭᠠᠬᠤ ᠪᠠ | ᠲᠣᠭᠲᠠᠭᠠᠯ ᠠᠴᠠ ᠵᠥᠷᠢᠴᠡᠨ ᠪᠦᠳᠤᠭᠡᠨ ᠪᠠᠶᠢᠭᠤᠯᠬᠤ ᠶᠢ ᠴᠡᠭᠴᠡᠯᠡᠨ ᠵᠠᠰᠠᠬᠤ ︿ ᠵᠠᠭᠤᠨ ᠡᠳᠦᠷ ᠤᠨ ᠪᠤᠭᠤᠮᠳᠠ ᠰᠢᠪᠳᠤᠯᠬᠤ ﹀ ᠠᠵᠢᠯ ᠢᠯᠡᠳᠲᠡ ᠦᠷ᠎ᠡ ᠪᠦᠲᠦᠮᠵᠢ | ᠣᠯᠪᠠ ︾ ᠭᠡᠬᠦ ᠮᠡᠳᠡᠭᠡᠯᠡᠯ ᠢ ᠲᠠ ᠤᠯᠠᠨ ᠳᠤ ᠬᠦᠷᠭᠡᠵᠤ ᠪᠠᠶᠢᠨ᠎ᠠ ᠃ | ︽ ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ ᠂ ᠵᠡᠭᠦᠨᠭᠠᠷ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ | ᠮᠥᠴᠢᠷ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠬᠠᠷᠠᠯᠲᠠ ᠪᠠᠨ ᠴᠢᠩᠭ᠎ᠠ ᠠᠵᠢᠵᠤ ᠂ ᠨᠠᠷᠢᠨ ᠨᠢᠮᠪᠠᠢ | ᠪᠠᠶᠢᠷᠢᠯᠠᠭᠤᠯᠵᠤ ᠂ ᠵᠢᠷᠤᠭ ᠡᠯᠭᠦᠵᠦ ᠳᠠᠶᠢᠯᠠᠯᠳᠤᠭᠠᠨ ᠬᠢᠵᠦ ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠂ ᠳᠡᠭᠡᠳᠦ ᠬᠡᠮᠵᠢᠶᠡᠨ ᠤ ᠠᠵᠢᠯ ᠤᠨ ᠵᠣᠷᠢᠭ ᠪᠠ | ᠠᠵᠢᠯ ᠤᠨ ᠡᠷᠴᠢᠮ ᠢᠶᠠᠷ ᠢᠯᠡ ᠪᠠᠷ ᠲᠠᠲᠠᠪᠤᠷᠢᠯᠠᠵᠤ ᠨᠤᠷᠠᠭᠠᠬᠤ ᠪᠠ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠬᠤ ᠶᠢ ᠴᠡᠭᠴᠡᠯᠡᠨ ᠵᠠᠰᠠᠬᠤ ᠠᠵᠢᠯ ᠢ ᠪᠥᠬᠦ | ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ ᠃ | ᠣᠶᠢᠯᠠᠭᠠᠭᠰᠠᠨ ᠢᠶᠠᠷ ᠂ ᠪᠥᠬᠦ ᠬᠤᠰᠢᠭᠤᠨ ᠳᠤ ᠨᠡᠶᠢᠲᠡ 47 ᠵᠦᠢᠯ ᠤᠨ ᠨᠤᠷᠠᠭᠠᠬᠤ ᠡᠭᠦᠷᠭᠡ ᠲᠠᠢ ᠪᠠᠶᠢᠵᠤ ᠂ 10 ᠰᠢᠶᠠᠩ ᠪᠠᠯᠭᠠᠰᠤᠨ ᠳᠤ ᠬᠤᠯᠪᠣᠭᠳᠠᠨ ᠂ | ᠨᠡᠶᠢᠲᠡ 67152.2248 ᠮᠦ ᠭᠠᠵᠠᠷ ᠰᠢᠷᠣᠢ ᠶᠢ ᠲᠠᠲᠠᠪᠤᠷᠢᠯᠠᠬᠤ ᠴᠢᠬᠤᠯᠠᠲᠠᠢ ᠪᠠᠶᠢᠨ᠎ᠠ ᠂ 11 ᠰᠠᠷ᠎ᠠ ᠶᠢᠨ 10 ᠤ ᠡᠳᠦᠷ ᠪᠣᠯᠲᠠᠯ᠎ᠠ ᠨᠢᠭᠡᠨᠲᠡ 31852.13 | ᠮᠦ ᠭᠠᠵᠠᠷ ᠰᠢᠷᠣᠢ ᠲᠠᠲᠠᠪᠤᠷᠢᠯᠠᠬᠤ ᠶᠢ ᠪᠡᠶᠡᠯᠡᠭᠦᠯᠵᠦ ᠂ ᠪᠡᠶᠡᠯᠡᠭᠦᠯᠦᠭᠰᠡᠨ ᠨᠣᠷᠮ᠎ᠠ ᠨᠢ 47.43% ᠳᠤ ᠬᠦᠷᠴᠡᠢ ᠃ ᠪᠥᠬᠦ ᠬᠤᠰᠢᠭᠤᠨ ᠳᠤ ᠨᠡᠶᠢᠲᠡ 316 | ᠵᠦᠢᠯ ᠤᠨ ᠳᠤᠬᠳᠠᠭᠠᠯ ᠢ ᠵᠦᠷᠢᠴᠡᠨ ᠪᠦᠳᠤᠭᠡᠨ ᠪᠠᠶᠢᠭᠤᠯᠤᠬᠰᠠᠨ ᠢ ᠴᠡᠭᠴᠡᠯᠡᠨ ᠵᠠᠰᠠᠬᠤ ᠡᠭᠦᠷᠭᠡ ᠲᠠᠢ ᠂ 11 ᠰᠠᠷ᠎ᠠ ᠶᠢᠨ 10 ᠤ ᠡᠳᠦᠷ ᠪᠣᠯᠲᠠᠯ᠎ᠠ ᠂ ᠨᠢᠭᠡᠨᠲᠡ | 71 ᠶᠢ ᠨᠢ ᠴᠡᠭᠴᠡᠯᠡᠨ ᠵᠠᠰᠠᠵᠦ ᠂ ᠪᠡᠶᠡᠯᠡᠭᠦᠯᠦᠭᠰᠡᠨ ᠨᠣᠷᠮ᠎ᠠ ᠨᠢ 22.47% ᠳᠤ ᠬᠦᠷᠴᠡᠢ ᠃ | | ᠵᠢᠷᠤᠭ ᠄11 ᠰᠠᠷ᠎ᠠ ᠶᠢᠨ 1 ᠤ ᠡᠳᠦᠷ ᠂ ᠸᠧᠢ ᠵᠢᠶᠠ ᠮᠣᠣ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠢᠨ | ᠬᠤᠶᠠᠷ ᠣᠪᠣᠭᠠᠲ᠋ᠣᠰᠬᠤᠨ ᠤ ᠬᠠᠤᠯᠢ ᠶᠢ ᠵᠥᠷᠢᠴᠡᠨ ᠳᠤᠷ᠎ᠠ ᠪᠠᠷ ᠢᠶᠠᠨ ᠪᠠᠷᠢᠭᠰᠠᠨ 2000 ᠭᠠᠷᠤᠢ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠢ ᠨᠤᠷᠠᠭᠠᠪᠠ ᠃ | | | ᠵᠢᠷᠤᠭ ᠄ 11 ᠰᠠᠷ᠎ᠠ ᠶᠢᠨ 7 ᠤ ᠡᠳᠦᠷ ᠂ ᠸᠧᠢ ᠵᠢᠶᠠ ᠮᠣᠣ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠢᠨ | ᠬᠤᠶᠠᠷ ᠣᠪᠣᠭ᠎ᠠ ᠲᠣᠰᠬᠤᠨ ᠤ ᠳᠤᠬᠳᠠᠭᠠᠯ ᠢ ᠵᠦᠷᠢᠴᠡᠨ ᠪᠦᠳᠤᠭᠡᠨ ᠪᠠᠶᠢᠭᠤᠯᠤᠬᠰᠠᠨ ᠪᠠᠷᠢᠯᠭ᠎ᠠ ᠶᠢ ᠨᠤᠷᠠᠭᠠᠪᠠ ᠃ | | ᠵᠢᠷᠤᠭ ᠄11 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠳ᠋ᠠ ᠯᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ ᠶᠢᠨ ᠬᠢᠨ ᠵᠡᠬᠦᠨ ᠬᠦᠨᠳᠡᠢ ᠲᠣᠰᠬᠤᠨ ᠤ ᠲᠣᠭᠲᠠᠭᠠᠯ ᠢ ᠵᠥᠷᠢᠴᠡᠨ ᠪᠦᠳᠤᠭᠡᠨ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠪᠠ᠃ | | ᠵᠢᠷᠤᠭ ᠄11 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ ᠂ ᠳ᠋ᠠ ᠯᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ ᠶᠢᠨ ᠬᠢᠨ ᠳᠤᠮᠳᠠᠳᠤ ᠤᠯᠤᠰ ᠤᠨ ᠤᠰᠤᠨ ᠴᠠᠬᠢᠯᠭᠠᠨ ᠤ ᠰᠠᠭᠤᠷᠢ ᠳᠦᠷᠤᠯ ᠵᠤᠶᠢᠯ ᠤᠨ ᠳᠦᠷ ᠴᠠᠭ ᠤᠨ ᠳᠤᠬᠳᠠᠭᠠᠯ ᠢ ᠵᠦᠷᠢᠴᠡᠨ ᠪᠦᠳᠤᠭᠡᠨ | ᠪᠠᠶᠢᠭᠤᠯᠤᠬᠰᠠᠨ ᠪᠠᠷᠢᠯᠭ᠎ᠠ ᠶᠢ ᠨᠤᠷᠠᠭᠠᠪᠡ ᠃ | | ᠵᠢᠷᠤᠭ ᠄11 ᠰᠠᠷ᠎ᠠ ᠶᠢᠨ 9 ᠤ ᠡᠳᠦᠷ ᠂ ᠨᠥᠬᠦᠷᠯᠡᠯ ᠵᠡᠭᠡᠯᠢ ᠭᠤᠳᠤᠮᠵᠢ ᠶᠢᠨ ᠵᠠᠩ ᠵᠢᠶᠠ ᠭᠧ ᠳ᠋ᠠᠨ ᠨᠡᠶᠢᠭᠡᠮ ᠲᠣᠭᠤᠷᠢᠭ ᠤᠨ ᠬᠢᠨ ᠷᠧᠨ ᠰᠠᠨ ᠫᠢᠩ | ᠬᠤᠷᠰᠢᠶ᠎ᠠ ᠶᠢᠨ ᠲᠣᠭᠲᠠᠭᠠᠯ ᠢ ᠵᠥᠷᠢᠴᠡᠨ ᠪᠦᠳᠤᠭᠡᠨ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠪᠠ ᠃ | | ᠵᠢᠷᠤᠭ ᠄11 ᠰᠠᠷ᠎ᠠ ᠶᠢᠨ 8 ᠤ ᠡᠳᠦᠷ ᠨᠥᠬᠦᠷᠯᠡᠯ ᠵᠡᠭᠡᠯᠢ ᠭᠤᠳᠤᠮᠵᠢ ᠶᠢᠨ ᠬᠢᠨ 2 ᠳ᠋ᠤᠭᠠᠷ ᠨᠣᠮᠧᠷᠲᠤ ᠵᠠᠰᠠᠮᠠᠯ ᠵᠠᠮ ᠤᠨ ᠳᠠᠳᠠᠪᠤᠷᠢᠯᠠᠵᠤ ᠨᠤᠷᠠᠭᠠᠬᠤ ᠳᠦᠷᠤᠯ | ᠵᠤᠶᠢᠯ ᠤᠨ ᠵᠦᠪᠳᠡᠯᠴᠡᠭᠡᠷ ᠲᠣᠭᠲᠠᠭᠰᠠᠨ ᠲᠣᠭᠲᠠᠭᠠᠯ ᠢ ᠵᠥᠷᠢᠴᠡᠨ ᠪᠦᠳᠤᠭᠡᠨ ᠪᠠᠶᠢᠭᠤᠯᠤᠬᠰᠠᠨ ᠭᠡᠷ ᠪᠠᠶᠢᠰᠢᠩ ᠢ ᠨᠤᠷᠠᠭᠠᠵᠤ ᠪᠠᠶᠢᠭ᠎ᠠ ᠨᠢ ᠃ | | ᠵᠢᠷᠤᠭ ᠄11 ᠰᠠᠷ᠎ᠠ ᠶᠢᠨ 10 ᠤ ᠡᠳᠦᠷ ᠂ ᠨᠥᠬᠦᠷᠯᠡᠯ ᠵᠡᠭᠡᠯᠢ ᠭᠤᠳᠤᠮᠵᠢ ᠶᠢᠨ ᠵᠠᠩ ᠵᠢᠶᠠ ᠭᠧ ᠳ᠋ᠠᠨ ᠨᠡᠶᠢᠭᠡᠮ ᠲᠣᠭᠤᠷᠢᠭ ᠤᠨ ᠬᠢᠨ ᠲᠣᠭᠲᠠᠭᠠᠯ ᠢ ᠵᠥᠷᠢᠴᠡᠨ | ᠪᠦᠳᠤᠭᠡᠨ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠪᠠ ᠃ | | ᠵᠢᠷᠤᠭ ᠄11 ᠰᠠᠷ᠎ᠠ ᠶᠢᠨ 8 ᠤ ᠡᠳᠦᠷ ᠂ ᠨᠠᠷᠠᠰᠤᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠲᠠᠳ | ᠳᠤᠰᠬᠤᠨ ᠤ ᠠᠷᠠᠳ ᠤᠨ ᠲᠣᠭᠲᠠᠭᠠᠯ ᠢ ᠵᠥᠷᠢᠴᠡᠨ ᠪᠦᠳᠤᠭᠡᠨ ᠪᠠᠶᠢᠭᠤᠯᠤᠬᠰᠠᠨ ᠭᠡᠷ ᠪᠠᠶᠢᠰᠢᠩ ᠢ ᠨᠤᠷᠠᠭᠠᠪᠠ ᠃ | | ᠵᠢᠷᠤᠭ ᠄11 ᠰᠠᠷ᠎ᠠ ᠶᠢᠨ 9 ᠤ ᠡᠳᠦᠷ ᠂ ᠨᠠᠷᠠᠰᠤᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠱᠠᠯᠠᠪᠳᠠᠭᠤᠯᠤᠨ | ᠪᠠᠶᠢᠴᠠᠭᠠᠬᠤ ᠳᠤᠮᠳᠠ ᠠᠩᠭᠢ ᠶᠢᠨ ᠠᠵᠢᠯᠲᠠᠳ ᠲᠤᠬᠠᠢ ᠶᠢᠨ ᠲᠠᠯᠠᠪᠤᠷ ᠲᠤ ᠲᠣᠰᠬᠤᠨ ᠤ ᠠᠷᠠᠳ ᠤᠨ ᠲᠣᠭᠲᠠᠭᠠᠯ ᠢ ᠵᠥᠷᠢᠴᠡᠨ ᠭᠡᠷ ᠪᠠᠶᠢᠰᠢᠩ ᠪᠠᠷᠢᠬᠤ ᠶᠢ | ᠬᠤᠷᠢᠭᠯᠠᠪᠠ ᠃ | | ᠵᠢᠷᠤᠭ ᠄11 ᠰᠠᠷ᠎ᠠ ᠶᠢᠨ 11 ᠤ ᠡᠳᠦᠷ ᠂ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠠᠳᠠᠢ ᠭᠤᠤᠯ ᠲᠣᠰᠬᠤᠨ ᠤ ᠷᠧᠨ ᠵᠢᠶᠠ | ᠴᠢᠦᠢ ᠬᠤᠷᠰᠢᠶ᠎ᠠ ᠶᠢᠨ 1067.34 ᠲᠡᠭᠰᠢ ᠳᠥᠷᠪᠡᠯᠵᠢᠨ ᠮᠧᠲᠷ ᠤᠨ ᠲᠣᠭᠲᠠᠭᠠᠯ ᠢ ᠵᠥᠷᠢᠴᠡᠨ ᠪᠦᠳᠤᠭᠡᠨ ᠪᠠᠶᠢᠭᠤᠯᠤᠬᠰᠠᠨ ᠪᠠᠷᠢᠯᠭ᠎ᠠ ᠶᠢ ᠵᠣᠬᠢᠶᠠᠨ ᠪᠠᠶᠢᠭᠤᠯᠤᠨ | ᠨᠤᠷᠠᠭᠠᠪᠠ᠃ | ᠲᠠᠷᠠᠭᠠᠴᠢ ᠶᠢᠨ ᠠᠯᠬᠤᠮ ᠳᠤ ᠂ ᠵᠡᠭᠦᠨᠭᠠᠷ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠤᠨ ᠬᠢᠨ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ ᠂ ᠠᠵᠢᠯ ᠤᠨ ᠬᠦᠴᠦᠨ ᠢᠶᠠᠨ ᠲᠥᠪᠯᠡᠷᠡᠭᠦᠯᠦᠨ ᠂ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ ᠂ ᠠᠵᠢᠯ ᠤᠨ ᠰᠠᠬᠢᠯᠭ᠎ᠠ ᠪᠠᠲᠤ ᠪᠠᠨ ᠴᠢᠩᠳᠠᠯᠠᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ ᠂ ᠢᠯᠡ ᠪᠠᠷ ᠲᠠᠲᠠᠪᠤᠷᠢᠯᠠᠵᠤ ᠨᠤᠷᠠᠭᠠᠬᠤ ᠪᠠ ᠳᠦᠷᠢᠮ ᠠᠴᠠ ᠵᠥᠷᠢᠴᠡᠨ ᠪᠦᠳᠤᠭᠡᠨ ᠪᠠᠶᠢᠭᠤᠯᠤᠬᠰᠠᠨᠠᠵᠢᠯᠯᠠᠭᠠ ᠶᠢ ᠴᠡᠭᠴᠡᠯᠡᠨ ᠵᠠᠰᠠᠬᠤ ᠠᠵᠢᠯ ᠢ ᠴᠠᠭ | ᠲᠤᠬᠠᠢ ᠳᠤᠨᠢ ᠦᠷ᠎ᠡ ᠪᠦᠲᠦᠮᠵᠢ ᠲᠠᠢ ᠪᠠᠷ ᠪᠡᠶᠡᠯᠡᠭᠦᠯᠬᠦ ᠶᠢ ᠬᠦᠴᠦᠯᠡᠨ ᠠᠬᠢᠭᠤᠯᠤᠨ᠎ᠠ ᠃ | |