ᠵᠡᠭᠦᠨᠭᠠᠷ ᠬᠤᠰᠢᠭᠤ᠄ ︽5G + ᠣᠶᠤᠨᠴᠢ ᠠᠭᠤᠷᠬᠠᠢ︾ ᠶᠢᠨ ᠰᠢᠨ᠎ᠡ ᠬᠡᠪ ᠳᠠᠭᠤᠷᠢᠶᠠᠯ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/11/18
    ︽ ᠬᠥᠮᠥᠨ ᠢᠶᠠᠷ ᠡᠵᠡᠮᠳᠡᠵᠤ ︾ ᠪᠠᠶᠢᠬᠰᠠᠨ  ᠠᠴᠠ︽ ᠳᠤᠭ᠎ᠠ  ᠪᠠᠷ ᠡᠵᠡᠮᠳᠡᠬᠦ︾ ᠪᠣᠯᠤᠭᠰᠠᠨ ᠶᠠᠰᠤ ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠬᠦᠷᠳᠡᠯ᠎ᠠ ᠂ ︽ ᠬᠥᠮᠥᠨ ᠴᠥᠭᠡᠨ ︾ ᠪᠠᠶᠢᠬᠰᠠᠨ  ᠠᠴᠠ  ︽ ᠬᠥᠮᠥᠨ ᠦᠭᠡᠢ ︾ ᠪᠣᠯᠤᠭᠰᠠᠨ ᠤᠶᠤᠨᠴᠢ ᠬᠤᠪᠢᠷᠠᠯᠲᠠ  ᠳᠤ ᠬᠦᠷᠳᠡᠯ᠎ᠡ ᠂ ᠣᠶᠢᠷ᠎ᠠ ᠶᠢᠨ ᠵᠢᠯ  ᠤᠳ ᠲᠤ ᠂ ᠵᠡᠭᠦᠨᠭᠠᠷ ᠬᠤᠰᠢᠭᠤᠨ ᠤ 5G+ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠯᠠᠰ ᠴᠡᠭ ᠤᠯᠠᠨ ᠭᠠᠷᠴᠤ᠂ ᠨᠡᠭᠦᠷᠡᠰᠦᠨ ᠤ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠭᠰᠡᠨ ᠪᠠᠶᠢᠨ᠎ᠠ ᠃ 
今日4(1).bmp
    ᠤᠯᠤᠰ ᠤᠨ ᠡᠨᠧᠷᠬᠢ ᠶᠢᠨ ᠵᠡᠬᠦᠠᠭᠠᠷ ᠡᠨᠧᠷᠬᠢ ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠵᠢᠯᠯᠠᠭᠠᠨ ᠤ ᠲᠣᠭᠤᠷᠢᠭ ᠲᠤ ᠂ 7 ᠮᠧᠲᠷ ᠥᠨᠳᠥᠷ ᠂ 200 ᠭᠠᠷᠤᠢ ᠲᠣᠨ ᠬᠦᠨᠳᠦ  ᠵᠢᠯᠣᠭᠤᠴᠢ ᠦᠭᠡᠢ ᠠᠭᠤᠷᠬᠠᠢ ᠳᠤ ᠭᠡᠷᠡᠭᠯᠡᠬᠦ ᠠᠴᠢᠶᠠᠨ ᠤ ᠤᠯᠠᠨ ᠮᠠᠰᠢᠨ ᠲᠡᠷᠭᠡ  ᠯᠠᠪᠳᠠᠭᠤᠨ  ᠢᠶᠠᠷ ᠵᠦᠷᠢᠯᠳᠤᠨ᠎ᠠ ᠂ ᠤᠷᠤᠭᠰᠢᠯᠠᠵᠤ ᠤᠬᠤᠷᠢᠵᠤ ᠂ ᠠᠴᠢᠶᠠᠯᠠᠵᠤ ᠪᠠᠭᠤᠯᠭᠠᠬᠤ ᠳᠤ ᠂ ᠪᠣᠳᠠᠲᠠᠢ ᠵᠢᠯᠣᠭᠤᠴᠢ ᠪᠠᠶᠢᠬᠤ ᠦᠭᠡᠢ ᠪᠣᠯᠪᠠᠴᠤ ᠪᠦᠬᠦᠯᠢ ᠴᠣᠭᠴᠠ ᠪᠠᠷ ᠢᠶᠠᠨ ᠠᠵᠢᠯᠯᠠᠬᠤ ᠳᠤ ᠢᠯᠭᠤᠮ ᠤᠷᠤᠬᠰᠢᠳᠠᠢ ᠪᠠᠶᠢᠯ᠎ᠠ ᠃ ᠤᠯᠤᠰ ᠤᠨ ᠡᠨᠧᠷᠬᠢ ᠶᠢᠨ ᠵᠡᠬᠦᠠᠭᠠᠷ ᠡᠨᠧᠷᠬᠢ ᠶᠢᠨ ᠡᠨᠧᠷᠭᠢ ᠶᠢᠨ ᠪᠦᠯᠦᠭᠯᠡᠯ ᠤᠨ  ᠬᠢᠨ 5G  ᠶᠢᠨ ᠮᠡᠳᠡᠭᠡ ᠬᠤᠯᠪᠣᠭᠠᠨ ᠤ ᠲᠤᠭ᠎ᠠ ᠪᠠᠷᠢᠮᠲᠠ ᠶᠢ ᠴᠠᠭ ᠲᠤᠬᠠᠢ  ᠳᠤᠨᠢ ᠳᠠᠮᠵᠢᠭᠤᠯᠬᠤ ᠂ ᠵᠣᠬᠢᠶᠠᠮᠠᠯ ᠣᠶᠤᠨᠴᠢ ᠪᠠᠷ ᠪᠤᠳᠤᠬᠤ ᠠᠷᠭ᠎ᠠ ᠵᠡᠷᠭᠡ ᠲᠡᠷᠢᠭᠦᠨ ᠤ ᠮᠡᠷᠭᠡᠵᠢᠯ ᠢᠶᠠᠷ ᠳᠠᠮᠵᠢᠭᠤᠯᠤᠨ ᠂ ᠠᠭᠤᠷᠬᠠᠢ ᠳᠤ ᠬᠡᠷᠡᠭᠯᠡᠬᠦ ᠲᠥᠬᠦᠭᠡᠷᠦᠮᠵᠢ ᠶᠢ ᠴᠠᠭ ᠲᠤᠬᠠᠢ  ᠳᠤᠨᠢ ᠬᠢᠨᠠᠨ ᠡᠵᠡᠮᠳᠡᠬᠦ ᠪᠠ ᠠᠯᠤᠰ ᠠᠴᠠ ᠡᠵᠡᠮᠳᠡᠬᠦ ᠶᠢ ᠪᠡᠶᠡᠯᠡᠭᠦᠯᠵᠦ ᠂ ᠠᠭᠤᠷᠬᠠᠢ ᠶᠢᠨ ᠠᠮᠤᠷ ᠲᠦᠪᠰᠢᠨ ᠢ ᠨᠠᠩ ᠪᠠᠲᠤᠯᠠᠭ᠎ᠠ ᠲᠠᠢ ᠪᠣᠯᠭᠠᠨ ᠂ ᠦᠢᠯᠡᠳᠪᠦᠷᠢᠯᠡᠯ ᠢ ᠨᠠᠩ ᠦᠷ᠎ᠡ ᠪᠦᠲᠦᠮᠵᠢ ᠲᠠᠢ ᠪᠣᠯᠭᠠᠵᠤ ᠂ ᠥᠪᠡᠷ ᠤᠨ ᠥᠷᠲᠡᠭ ᠢ ᠨᠠᠩ ᠡᠵᠡᠮᠳᠡᠵᠦ ᠪᠣᠯᠬᠤ ᠪᠣᠯᠭᠠᠬᠤ ᠳᠤ ᠬᠦᠴᠤᠨ ᠨᠡᠮᠡᠷᠢᠯᠡᠵᠤ ᠂ ᠠᠭᠤᠷᠬᠠᠢ ᠶᠢᠨ ᠪᠦᠬᠦᠯᠢ ᠴᠣᠭᠴᠠ ᠶᠢᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠪᠡ ᠂ ᠣᠳᠣᠬᠠᠨ ᠳᠤ ᠂ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠳᠤ ᠨᠡᠶᠢᠲᠡ 48 ᠰᠠᠭᠤᠷᠢ 5G  ᠶᠢᠨ ᠰᠠᠭᠤᠷᠢ ᠥᠷᠲᠡᠭᠡ ᠶᠢ ᠪᠠᠶᠢᠭᠤᠯᠵᠤ ᠪᠠᠶᠢᠨ᠎ᠠ ᠃ 
今日4(2).bmp
 ︽ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠳᠤ ᠣᠳᠣᠬᠠᠨ ᠳᠤ ᠨᠢᠭᠡᠨᠲᠡ 5G  ᠶᠢᠨ ᠰᠦᠯᠵᠢᠶ᠎ᠡ ᠶᠢ ᠪᠦᠬᠦᠨ ᠢ ᠪᠦᠷᠬᠦᠬᠦᠯᠵᠤ ᠂ ᠥᠷᠭᠡᠨ ᠪᠦᠰᠡ ᠪᠠᠷ ᠬᠤᠭᠤᠴᠠᠭ᠎ᠠ ᠶᠢ ᠪᠤᠭᠤᠨᠢᠰᠬᠠᠬᠤ ᠣᠨᠴᠠᠯᠢᠭ  ᠲᠠᠢ ᠪᠣᠯᠵᠠᠢ ᠃ ᠵᠢᠯᠣᠭᠤᠴᠢ ᠦᠭᠡᠢ ᠵᠢᠯᠣᠭᠤᠴᠢ ᠶᠢᠨ ᠳᠠᠮᠵᠢᠭᠤᠯᠬᠤ ᠬᠤᠷᠳᠤᠴᠠ  ᠨᠢ ᠤᠤᠯ ᠤᠨ 4G  ᠶᠢᠨ ᠰᠦᠯᠵᠢᠶ᠎ᠡ ᠲᠠᠢ ᠬᠠᠷᠢᠴᠠᠭᠤᠯᠪᠠᠯ ᠂ ᠤᠤᠯ ᠤᠨ 50—60ms ᠪᠠᠶᠢᠭᠰᠠᠨ ᠠᠴᠠ ᠪᠠᠨ ᠪᠤᠭᠤᠨᠢᠰᠤᠭᠠᠳ 6—7ms ᠪᠣᠯᠣᠨ ᠪᠠᠭᠤᠷᠠᠵᠠ᠊ ᠃ ᠳᠠᠮᠵᠢᠭᠤᠯᠬᠤ ᠬᠤᠷᠳᠤᠴᠠ  ᠨᠢ ᠳᠣᠷᠣᠭᠰᠢᠯᠠᠪᠠᠯ ᠵᠢᠯᠣᠭᠤᠴᠢ ᠦᠭᠡᠢ ᠵᠢᠯᠣᠭᠤᠴᠢ ᠶᠢᠨ ᠡᠵᠡᠮᠳᠡᠯ ᠤᠨ ᠣᠨᠣᠪᠴᠢ ᠶᠢᠨ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ ᠪᠣᠯᠣᠨ᠎ᠠ ︾ ᠭᠡᠵᠤ ᠤᠯᠤᠰ ᠤᠨ ᠡᠨᠧᠷᠬᠢ ᠶᠢᠨ ᠵᠡᠬᠦᠠᠭᠠᠷ ᠡᠨᠧᠷᠬᠢ ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠥᠪ ᠤᠨ ᠠᠬᠤᠢ ᠳᠠᠯᠠᠪᠠᠢ ᠶᠢᠨ ᠮᠡᠷᠭᠡᠵᠢᠯ ᠤᠨ ᠭᠤᠣᠯ ᠬᠠᠮᠢᠶᠠᠷᠤᠭᠴᠢ ᠱᠢ ᠹᠧᠩ ᠲᠠᠨᠢᠯᠴᠠᠭᠤᠯᠤᠨ᠎ᠠ ᠃ 
今日4(3).bmp
    ᠮᠠ ᠳ᠋ᠢ ᠯᠢᠶᠠᠩ ᠨᠡᠭᠦᠷᠡᠰᠦᠨ ᠠᠭᠤᠷᠬᠠᠢ ᠪᠣᠯ ᠪᠥᠬᠦ ᠤᠯᠤᠰ ᠤᠨ ᠠᠩᠬᠠᠳᠠᠭᠴᠢ ᠨᠡᠭᠦᠷᠡᠰᠦ ᠮᠠᠯᠲᠠᠬᠤ ᠮᠠᠰᠢᠨ ᠤ 5G  ᠪᠠᠷ ᠠᠯᠤᠰ  ᠠᠴᠠ ᠡᠵᠡᠮᠳᠡᠵᠦ ᠪᠠᠶᠢᠩᠭᠤᠵᠢᠭᠤᠯᠤᠨ ᠦᠢᠯᠡᠳᠪᠦᠷᠢᠯᠡᠬᠦ ᠶᠢ ᠪᠡᠶᠡᠯᠡᠭᠦᠯᠦᠭᠰᠡᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠪᠣᠯᠣᠨ᠎ᠠ ᠃ ᠣᠯᠠᠨ ᠵᠢᠯ ᠤᠨ ᠲᠤᠷᠰᠢ ᠂ ᠮᠠ ᠳ᠋ᠢ ᠯᠢᠶᠠᠩ  ᠨᠡᠭᠦᠷᠡᠰᠦᠨ ᠠᠭᠤᠷᠬᠠᠢ 5G ᠰᠦᠯᠵᠢᠶ᠎ᠡ ᠪᠠᠷ ᠳᠡᠮᠵᠢᠨ ᠨᠡᠭᠦᠷᠡᠰᠦ ᠮᠠᠯᠲᠠᠬᠤ ᠮᠠᠰᠢᠨ ᠢ ᠠᠯᠤᠰ  ᠠᠴᠠ ᠡᠵᠡᠮᠳᠡᠬᠦ ᠂ ᠵᠢᠯᠣᠭᠤᠴᠢ ᠦᠭᠡᠢ ᠭᠤᠮ ᠬᠦᠷᠳᠦᠲᠦ ᠲᠡᠷᠭᠡ ᠂ ᠪᠦᠰᠡ ᠶᠢᠨ ᠲᠣᠭᠤᠷᠢᠨ ᠪᠠᠶᠢᠴᠠᠭᠠᠬᠤ ᠮᠠᠰᠢᠨ ᠬᠥᠮᠥᠨ ᠵᠡᠷᠭᠡ ᠶᠢ ᠵᠢᠯᠤᠭᠤᠳᠴᠤ ᠴᠢᠳᠠᠭᠰᠠᠨ ᠪᠠᠶᠢᠨ᠎ᠠ ᠃ 5G+ ᠤᠶᠤᠨᠴᠢ ᠨᠡᠭᠦᠷᠡᠰᠦ ᠮᠠᠯᠲᠠᠬᠤ ᠰᠢᠰᠲ᠋ᠧᠮ᠂ ᠤᠶᠤᠨᠴᠢ ᠤᠷᠢᠳᠴᠢᠯᠠᠨ ᠰᠡᠷᠡᠮᠵᠢᠯᠡᠭᠦᠯᠬᠦ ᠠᠯᠤᠰ ᠠᠴᠠ ᠬᠠᠮᠲᠤᠷᠠᠨ ᠣᠨᠣᠰᠢᠯᠠᠬᠤ ᠰᠢᠰᠲ᠋ᠧᠮ᠂ ᠮᠠᠰᠢᠨ ᠬᠥᠮᠥᠨ ᠤ ᠤᠶᠤᠨᠴᠢ ᠲᠣᠭᠤᠷᠢᠨ ᠪᠠᠶᠢᠴᠠᠭᠠᠬᠤ ᠰᠢᠰᠲ᠋ᠧᠮ ᠵᠡᠷᠭᠡ 10 ᠶᠡᠭᠡ ᠤᠶᠤᠨᠴᠢ ᠠᠭᠤᠷᠬᠠᠢ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ ᠂ ᠠᠭᠤᠷᠬᠠᠢ ᠶᠢᠨ ᠬᠤᠳᠳᠤᠭ  ᠤᠨ ᠨᠡᠭᠦᠷᠡᠰᠦ ᠮᠠᠯᠲᠠᠬᠤ ᠠᠵᠢᠯ ᠢ ᠭᠠᠵᠠᠷ ᠤᠨ ᠭᠠᠳᠠᠷᠭᠤ ᠳᠤ ᠰᠢᠯᠵᠢᠭᠦᠯᠵᠦ ᠂ ᠠᠵᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠪᠠ ᠲᠠᠭᠠᠯᠠᠮᠵᠢ ᠶᠢ ᠳᠡᠭᠡᠭᠰᠢᠯᠡᠭᠦᠯᠵᠦ ᠂ ᠨᠡᠭᠦᠷᠡᠰᠦᠨ ᠤ ᠠᠵᠢᠯ ᠲᠦᠷᠦᠯ ᠳᠤ ᠬᠥᠮᠥᠨ ᠴᠥᠭᠡᠨ ᠪᠣᠯ ᠠᠮᠤᠷ ᠲᠦᠪᠰᠢᠨ ᠪᠠᠶᠢᠬᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠂ ᠤᠶᠤᠨᠴᠢ ᠨᠡᠭᠡᠭᠡᠨ ᠮᠠᠯᠲᠠᠬᠤ ᠬᠠᠷᠠᠯᠲᠠ ᠶᠢ ᠪᠡᠶᠡᠯᠡᠭᠦᠯᠪᠡ᠃ 
今日4(4).bmp
    ︽ ᠲᠠᠷᠠᠭᠠᠴᠢ ᠶᠢᠨ ᠠᠯᠬᠤᠮ ᠳᠤ ᠂ ᠪᠢᠳᠡ ᠬᠤᠸᠠ ᠸᠧᠢ ᠺᠣᠮᠫᠠᠨᠢ ᠂ ᠴᠦᠩᠴᠢᠩ ᠤᠨ ᠮᠧᠶ ᠠᠨ ᠰᠧᠨ ᠺᠣᠮᠫᠠᠨᠢ ᠲᠠᠢ ᠬᠠᠮᠲᠤᠷᠠᠨ ᠲᠤᠭ᠎ᠠ ᠪᠠᠷᠢᠮᠲᠠ ᠶᠢᠨ ᠵᠠᠰᠠᠯᠲᠠ ᠬᠢᠵᠦ ᠂ ᠮᠠᠨ ᠤ ᠣᠶᠤᠨᠴᠢᠯᠠᠭᠰᠠᠨ ᠬᠤᠪᠢᠶᠠᠷᠢ ᠰᠢᠰᠲ᠋ᠧᠮ ᠤᠨ ᠲᠤᠭ᠎ᠠ ᠪᠠᠷᠢᠮᠲᠠ ᠶᠢ ᠨᠢᠭᠡᠳᠦᠯᠲᠡᠢ ᠵᠢᠷᠤᠮᠵᠢᠭᠤᠯᠤᠨ ᠂ ᠨᠢᠭᠡᠳᠦᠯᠲᠡᠢ ᠳ᠋ᠤᠭᠠᠷᠯᠠᠵᠤ ᠂ ᠨᠢᠭᠡᠳᠦᠯᠲᠡᠢ ᠬᠤᠷᠢᠶᠠᠩᠭᠤᠶᠢᠯᠠᠵᠤ ᠂ ᠲᠤᠭ᠎ᠠ ᠪᠠᠷᠢᠮᠲᠠ ᠶᠢᠨ ᠬᠥᠷᠥᠩᠭᠡ ᠶᠢ ᠭᠠᠷᠭᠠᠨ ᠠᠪᠴᠤ ᠂ ᠲᠠᠷᠠᠭᠠᠴᠢ ᠶᠢᠨ ᠠᠯᠬᠤᠮ ᠳᠤ ᠲᠤᠭ᠎ᠠ ᠪᠠᠷᠢᠮᠲᠠ ᠶᠢᠨ ᠳᠠᠯᠳᠠ ᠬᠦᠴᠦᠨ ᠢ ᠠᠭᠤᠳᠠᠯᠤᠨ ᠂ ᠠᠭᠤᠷᠬᠠᠢ ᠶᠢᠨ ᠬᠤᠳᠳᠤᠭ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠨ᠎ᠠ ᠃ ᠪᠢᠳᠡ ᠢᠷᠡᠬᠦ ᠵᠢᠯ ᠮᠠᠰᠢᠨ ᠬᠥᠮᠥᠨ ᠤ ᠰᠦᠷᠦᠭᠵᠢᠯ  ᠢ ᠪᠠᠶᠢᠭᠤᠯᠵᠤ ᠂ ᠣᠶᠤᠨᠴᠢᠯᠠᠭᠰᠠᠨ ᠬᠤᠪᠢᠶᠠᠷᠢ ᠰᠢᠰᠲ᠋ᠧᠮ  ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠠᠷ ᠪᠠᠶᠢᠨ᠎ᠠ ︾ ᠭᠡᠵᠦ ᠥᠪᠥᠷ ᠮᠣᠩᠭᠤᠯ ᠤᠨ ᠣᠶᠤᠨᠴᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠶᠢᠨ ᠮᠠ ᠳ᠋ᠢ ᠯᠢᠶᠠᠩ ᠨᠡᠭᠦᠷᠡᠰᠦᠨ ᠠᠭᠤᠷᠬᠠᠢ  ᠶᠢᠨ ᠮᠠᠰᠢᠨ ᠴᠠᠬᠢᠯᠭᠠᠨ ᠤ ᠳᠠᠭᠠᠭᠠᠮᠠᠯ ᠵᠧᠦ ᠽᠥᠩ ᠶᠧ ᠶᠠᠷᠢᠨ᠎ᠠ ᠃ 
今日4(5).bmp
     ᠣᠶᠢᠷ᠎ᠠ ᠶᠢᠨ ᠵᠢᠯ  ᠤᠳ ᠲᠤ ᠂ ᠵᠡᠭᠦᠨᠭᠠᠷ ᠬᠤᠰᠢᠭᠤ ᠣᠶᠤᠨᠴᠢᠯᠠᠭᠰᠠᠨ ᠪᠦᠳᠤᠭᠡᠨ ᠪᠠᠶᠢᠭᠤᠯᠤᠯᠲᠠ ᠴᠡᠭ ᠠᠴᠠ ᠪᠦᠬᠦ ᠲᠠᠯ᠎ᠠ ᠳᠤ ᠬᠦᠷᠬᠦ ᠶᠢ ᠲᠦᠷᠭᠡᠳᠬᠡᠨ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠨ ᠠᠬᠢᠭᠤᠯᠵᠤ ᠂ ᠠᠭᠤᠷᠬᠠᠢ ᠶᠢᠨ ᠬᠤᠳᠳᠤᠭ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ ᠪᠠᠶᠢᠨ᠎ᠠ ᠃ ᠤᠳᠤᠬᠠᠨ ᠪᠣᠯᠲᠠᠯ᠎ᠠ ᠂ ᠵᠡᠭᠦᠨᠭᠠᠷ ᠬᠤᠰᠢᠭᠤ ᠨᠡᠶᠢᠲᠡ 130 ᠨᠡᠭᠦᠷᠡᠰᠦᠨ ᠠᠭᠤᠷᠬᠠᠢ ᠲᠠᠢ ᠪᠠᠶᠢᠵᠤ ᠂ ᠨᠡᠶᠢᠲᠡ 49 ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢ ᠪᠠᠶᠢᠭᠤᠯᠵᠤ ᠂ ᠡᠭᠦᠨ ᠳᠤ 36 ᠨᠡᠭᠦᠷᠡᠰᠦᠨ ᠠᠭᠤᠷᠬᠠᠢ  ᠨᠢ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠯᠭᠠᠨ ᠪᠠᠶᠢᠴᠠᠭᠠᠯᠲᠠ ᠶᠢ ᠦᠩᠭᠡᠷᠡᠬᠦᠯᠵᠤ ᠂ 13 ᠨᠡᠭᠦᠷᠡᠰᠦᠨ ᠠᠭᠤᠷᠬᠠᠢ  ᠨᠢ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠂ ᠶᠠᠭ ᠲᠤᠷᠰᠢᠨ ᠠᠵᠢᠯᠯᠠᠭᠤᠯᠵᠤ ᠪᠠᠶᠢᠨ᠎ᠠ ᠃ ᠬᠤᠶᠢᠰᠢᠳᠠ ᠂ ᠵᠡᠭᠦᠨᠭᠠᠷ ᠬᠤᠰᠢᠭᠤ 5G ᠮᠡᠷᠭᠡᠵᠢᠯ  ᠢ ᠤᠯᠠᠮ ᠨᠢᠭᠡ ᠠᠯᠬᠤᠮ ᠠᠰᠢᠭᠯᠠᠵᠤ ᠂ ᠨᠡᠭᠦᠷᠡᠰᠦ ᠮᠠᠯᠲᠠᠬᠤ  ᠶᠢ ᠣᠶᠤᠨᠴᠢᠯᠠᠨ ᠪᠦᠷᠬᠦᠭᠦᠯᠬᠦ  ᠶᠢ ᠪᠡᠶᠡᠯᠡᠭᠦᠯᠦᠨ᠎ᠡ ᠃ 
ᠢᠷᠡᠯᠲᠡ᠄ ᠳᠤᠮᠳᠠᠳᠤ ᠤᠯᠤᠰ ᠤᠨ ᠡᠳᠦᠷ ᠤᠨ ᠰᠣᠨᠢᠨ ᠤ ᠰᠦᠯᠵᠢᠶ᠎ᠡ