ᠥᠪᠥᠷ ᠮᠣᠩᠭᠤᠯ ᠤᠨ ᠵᠦᠵᠢᠶᠠᠩ ᠨᠢᠭᠡ ᠴᠣᠭᠴᠠᠵᠢᠭᠤᠯᠬᠤ ᠲᠥᠷᠥᠯ ᠵᠦᠢᠯ ᠤᠨ ᠠᠮᠢᠳᠤᠷᠠᠯ ᠤᠨ ᠲᠣᠭᠤᠷᠢᠭ ᠤᠨ ᠠᠵᠢᠯ ᠡᠬᠢᠯᠡᠬᠦ ᠶᠣᠰᠣᠯᠠᠯ ᠸᠧᠢ ᠵᠢᠶᠠ ᠮᠣᠣ ᠪᠠᠯᠭᠠᠰᠤᠨ ᠳᠤ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2024/11/18
   ᠥᠪᠥᠷ ᠮᠣᠩᠭᠤᠯ ᠤᠨ ᠵᠦᠵᠢᠶᠠᠩ ᠨᠢᠭᠡ ᠴᠣᠭᠴᠠᠵᠢᠭᠤᠯᠬᠤ ᠲᠥᠷᠥᠯ ᠵᠦᠢᠯ ᠤᠨ ᠠᠵᠢᠯᠲᠠᠳ ᠤᠨ ᠣᠷᠣᠨ ᠰᠠᠭᠤᠴᠠ ᠶᠢ ᠰᠠᠶᠢᠵᠢᠷᠠᠭᠤᠯᠤᠨ ᠂ ᠠᠵᠢᠯᠲᠠᠳ ᠤᠨ ᠣᠷᠣᠨ ᠰᠠᠭᠤᠴᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠂ ᠠᠵᠤ ᠠᠬᠤᠶᠢᠯᠠᠯ ᠪᠣᠯᠣᠨ ᠠᠵᠢᠯᠲᠠᠳ ᠤᠨ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠳᠤᠰᠠᠳᠠ ᠂ 11 ᠰᠠᠷ᠎ᠠ ᠶᠢᠨ 15 ᠤ ᠡᠳᠦᠷ ᠂ ᠥᠪᠥᠷ ᠮᠣᠩᠭᠤᠯ ᠤᠨ ᠵᠦᠵᠢᠶᠠᠩ ᠨᠢᠭᠡ ᠴᠣᠭᠴᠠᠵᠢᠭᠤᠯᠬᠤ ᠲᠥᠷᠥᠯ ᠵᠦᠢᠯ ᠤᠨ ᠠᠮᠢᠳᠤᠷᠠᠯ ᠤᠨ ᠲᠣᠭᠤᠷᠢᠭ ᠤᠨ ᠠᠵᠢᠯ ᠡᠬᠢᠯᠡᠬᠦ ᠶᠣᠰᠣᠯᠠᠯ ᠸᠧᠢ ᠵᠢᠶᠠ ᠮᠣᠣ ᠪᠠᠯᠭᠠᠰᠤᠨ ᠳᠤ ᠦᠪᠡᠳᠡᠭᠰᠢ ᠶᠡᠭᠡ ᠪᠠᠷ ᠶᠠᠪᠤᠭᠳᠠᠵᠤ ᠂ ᠵᠡᠭᠦᠨᠭᠠᠷ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠱᠤᠸᠠᠨ ᠂ ᠸᠧᠢ ᠵᠢᠶᠠ ᠮᠣᠣ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠂ ᠥᠪᠥᠷ ᠮᠣᠩᠭᠤᠯ ᠤᠨ ᠵᠦᠵᠢᠶᠠᠩ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠂ ᠪᠦᠲᠦᠭᠡᠨ ᠪᠠᠶᠢᠭᠤᠯᠤᠯᠲᠠ ᠳᠤ ᠣᠷᠣᠯᠴᠠᠭᠴᠢ ᠨᠢᠭᠡᠴᠢ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠵᠠᠢ ᠃ 
基层1(1).bmp
基层1(2).bmp
     ᠥᠪᠥᠷ ᠮᠣᠩᠭᠤᠯ ᠤᠨ ᠵᠦᠵᠢᠶᠠᠩ ᠨᠢᠭᠡ ᠴᠣᠭᠴᠠᠵᠢᠭᠤᠯᠬᠤ ᠲᠦᠷᠦᠯ ᠵᠦᠢᠯ ᠤᠨ ᠠᠮᠢᠳᠤᠷᠠᠯ ᠤᠨ ᠲᠣᠭᠤᠷᠢᠭ ᠢ 2020 ᠣᠨ ᠠᠴᠠ ᠡᠬᠢᠯᠡᠨ ᠪᠡᠯᠡᠳᠬᠡᠨ ᠪᠠᠶᠢᠭᠤᠯᠵᠤ ᠂ ᠲᠠᠪᠤᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠭᠤᠯᠤᠨ ᠠᠮᠢᠳᠤᠷᠠᠯ ᠤᠨ ᠲᠣᠭᠤᠷᠢᠭ ᠤᠨ ᠲᠦᠷᠦᠯ ᠵᠦᠢᠯ ᠢ ᠡᠴᠦᠰ ᠲᠡᠭᠡᠨ ᠸᠧᠢ ᠵᠢᠶᠠ ᠮᠣᠣ ᠪᠠᠯᠭᠠᠰᠤᠨ ᠳᠤ ᠤᠷᠤᠨᠵᠢᠭᠤᠯᠤᠨ ᠪᠦᠲᠦᠭᠡᠨ ᠪᠠᠶᠢᠭᠤᠯᠵᠠᠢ ᠃ ᠨᠢᠭᠡ ᠴᠣᠭᠴᠠᠵᠢᠭᠤᠯᠬᠤ ᠲᠦᠷᠦᠯ ᠵᠦᠢᠯ ᠤᠨ ᠠᠮᠢᠳᠤᠷᠠᠯ ᠤᠨ ᠲᠣᠭᠤᠷᠢᠭ  ᠨᠢ ᠸᠧᠢ ᠵᠢᠶᠠ ᠮᠣᠣ ᠪᠠᠯᠭᠠᠰᠤ ᠶᠢᠨ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠡᠮᠦᠨ᠎ᠡ ᠲᠠᠯ᠎ᠠ ᠳᠤ ᠪᠠᠶᠢᠷᠢᠯᠠᠵᠤ ᠂ ᠭᠡᠷᠡᠭᠯᠡᠬᠦ ᠭᠠᠵᠠᠷ ᠤᠨ ᠳᠠᠯᠠᠪᠠᠢ  ᠨᠢ 38537.16 ᠲᠡᠭᠰᠢ ᠳᠥᠷᠪᠡᠯᠵᠢᠨ ᠮᠧᠲᠷ ᠂ ᠶᠡᠷᠦᠩᠬᠡᠢ ᠪᠠᠷᠢᠯᠭ᠎ᠠ ᠶᠢᠨ ᠲᠠᠯᠠᠪᠠᠢ  ᠨᠢ 62722.24 ᠲᠡᠭᠰᠢ ᠳᠥᠷᠪᠡᠯᠵᠢᠨ ᠮᠧᠲᠷ ᠪᠣᠯᠣᠨ᠎ᠠ ᠃ ᠣᠳᠣ ᠦᠶ᠎ᠡ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠤᠶᠢᠯᠠᠭᠠᠬᠳᠠᠬᠤᠨ ᠢ ᠭᠡᠷᠡᠭᠯᠡᠨ᠂ ᠲᠠᠭᠠᠯᠠᠮᠵᠢᠲᠠᠢ ᠪᠥᠭᠡᠳ ᠬᠡᠷᠡᠭᠯᠡᠭᠡᠨ ᠤ ᠰᠣᠳᠣᠨ ᠠᠮᠢᠳᠤᠷᠠᠯ ᠤᠨ ᠲᠣᠭᠤᠷᠢᠭ ᠢ ᠪᠠᠶᠢᠭᠤᠯᠬᠤ ᠪᠠᠷ ᠬᠠᠷᠠᠯᠲᠠ ᠪᠣᠯᠭᠠᠵᠤ ᠂ 1113 ᠢᠵᠢ ᠠᠵᠢᠯᠲᠠᠨ ᠠᠵᠢᠯᠴᠢᠨ ᠤ ᠨᠡᠶᠢᠲᠡ ᠶᠢᠨ ᠪᠠᠶᠢᠷᠢ ᠶᠢ ᠰᠢᠨ᠎ᠡ ᠪᠠᠷ ᠪᠠᠶᠢᠭᠤᠯᠵᠤ ᠂ ᠠᠵᠢᠯᠲᠠᠨ ᠠᠵᠢᠯᠴᠢᠨ ᠤ ᠬᠤᠭᠤᠯᠠᠨ ᠭᠡᠷ ᠂ ᠭᠡᠷ ᠤᠨ ᠳᠣᠲᠣᠨ᠎ᠠ ᠭᠠᠳᠠᠨᠠᠬᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠠᠯᠠᠪᠤᠷ ᠵᠡᠷᠭᠡ ᠢᠵᠢ ᠪᠦᠷᠢᠳᠦᠭᠰᠡᠨ ᠳᠠᠭᠠᠯᠲᠠ ᠲᠥᠬᠦᠭᠡᠷᠦᠮᠵᠢ ᠶᠢ ᠵᠡᠷᠭᠡ ᠪᠠᠷ ᠪᠠᠶᠢᠭᠤᠯᠬᠤ ᠪᠠᠷ ᠲᠥᠯᠥᠪᠯᠡᠵᠦ ᠪᠣᠶ ᠂ ᠣᠳᠣᠬᠠᠨ ᠳᠤ ᠲᠣᠰ ᠲᠥᠷᠥᠯ ᠵᠦᠢᠯ  ᠤᠨ ᠭᠠᠵᠠᠷ ᠰᠢᠷᠣᠢ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠂ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠢᠴᠢ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠵᠡᠷᠭᠡ ᠠᠵᠢᠯ ᠡᠬᠢᠯᠡᠭᠦᠯᠬᠦ ᠠᠴᠠ ᠡᠮᠦᠨᠡᠬᠢ ᠭᠠᠷ ᠭᠦᠢᠴᠡᠳᠬᠡᠯ ᠢ ᠬᠦᠢᠴᠡᠳᠭᠡᠵᠤ ᠂ ᠠᠮᠢᠳᠤᠷᠠᠯ ᠤᠨ ᠲᠣᠭᠤᠷᠢᠭ ᠢ 2026 ᠣᠨ ᠤ ᠵᠢᠯ ᠤᠨ ᠡᠴᠦᠰ ᠠᠴᠠ ᠡᠮᠦᠨ᠎ᠡ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ ᠃ 
基层1(3).bmp
    ᠠᠮᠢᠳᠤᠷᠠᠯ ᠤᠨ ᠲᠣᠭᠤᠷᠢᠭ ᠢ ᠪᠠᠶᠢᠭᠤᠯᠤᠨ‌‍ᠲ᠋ᠠᠭᠤᠰᠬᠠᠵᠤ ᠠᠰᠢᠭᠯᠠᠯᠲᠠ ᠳᠤ ᠣᠷᠣᠭᠤᠯᠬᠤ  ᠨᠢ ᠸᠧᠢ ᠵᠢᠶᠠ ᠮᠣᠣ ᠪᠠᠯᠭᠠᠰᠤᠨ ᠤ ᠬᠤᠲᠠ ᠪᠠᠯᠭᠠᠰᠤᠨ ᠤ ᠬᠥᠭᠵᠢᠯᠲᠡ ᠶᠢᠨ ᠠᠬᠢᠴᠠ ᠶᠢ ᠶᠡᠭᠡ ᠪᠠᠷ ᠳᠡᠭᠡᠭᠰᠢᠯᠡᠭᠦᠯᠵᠦ ᠂ ᠣᠷᠣᠨ ᠨᠤᠲᠤᠭ ᠤᠨ ᠠᠵᠤ ᠠᠬᠤᠢ ᠶᠢᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠵᠦ ᠂ ᠭᠠᠵᠠᠷ ᠣᠷᠣᠨ ᠤ ᠠᠮᠢᠳᠤᠷᠠᠯ ᠤᠨ ᠴᠢᠨᠠᠷ ᠴᠢᠨᠰᠠᠭ᠎ᠠ ᠪᠠ ᠲᠠᠲᠠᠬᠤ ᠬᠦᠴᠦᠨ ᠢ ᠳᠡᠭᠡᠭᠰᠢᠯᠡᠭᠦᠯᠵᠦ ᠂ ᠣᠷᠣᠨ ᠨᠤᠲᠤᠭ ᠤᠨ ᠠᠵᠤ ᠠᠬᠤᠢ ᠶᠢᠨ ᠠᠯᠤᠰ ᠬᠡᠲᠦ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠣᠨ᠎ᠠ ᠃ 
ᠢᠷᠡᠯᠲᠡ᠄ ᠸᠧᠢ ᠵᠢᠶᠠ ᠮᠣᠣ ᠪᠠᠯᠭᠠᠰᠤᠨ ᠤ ᠨᠡᠶᠢᠳᠡᠯᠡᠯ