ᠵᠡᠬᠦᠠᠭᠠᠷ ᠵᠠᠰᠠᠭ ᠠᠯᠪᠠᠨ ᠲᠠᠷᠬᠠᠭᠠᠭᠰᠠᠨ 〔2024〕 67 ᠲᠣᠭᠠᠲᠤ | | | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠂ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠂ ᠡᠯ᠎ᠡ ᠰᠢᠭᠤᠳ ᠬᠠᠷᠢᠶ᠎ᠠ ᠨᠢᠭᠡᠴᠢ ᠂ ᠡᠯ᠎ᠡ | ᠲᠣᠮᠣ ᠠᠵᠤ ᠠᠬᠤᠶᠢᠯᠠᠯ ᠳᠤ ᠄ | ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠪᠠᠯᠭᠠᠰᠤᠨ ᠤ ᠳᠤᠭᠤᠷᠢᠭ ᠤᠨ ᠵᠡᠭᠦᠨᠭᠠᠷ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠲᠠᠲᠠᠪᠤᠷᠢᠯᠠᠵᠤ | ᠨᠤᠷᠠᠭᠠᠬᠤ ᠶᠠᠪᠤᠳᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠤᠯᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ | ᠪᠠᠲᠤᠯᠠᠪᠠ ᠂ ᠡᠳᠦᠭᠡ ︽ ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠪᠠᠯᠭᠠᠰᠤᠨ ᠤ ᠳᠤᠭᠤᠷᠢᠭ ᠤᠨ ᠵᠡᠭᠦᠨᠭᠠᠷ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ | ᠳᠠᠳᠠᠪᠤᠷᠢᠯᠠᠬᠤ ᠪᠠ ᠳᠦᠯᠦᠪᠤᠷᠢ ᠤᠯᠭᠤᠬᠤ ᠶᠢ ᠬᠡᠷᠡᠭᠵᠢᠭᠦᠯᠬᠦ ᠲᠥᠰᠥᠯ ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ ᠂ ᠨᠠᠷᠢᠨ | ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠰᠠᠷ᠎ᠠ ᠶᠢᠨ 24 ᠤ ᠡᠳᠤᠷ | | | | ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠪᠠᠯᠭᠠᠰᠤᠨ ᠤ ᠳᠤᠭᠤᠷᠢᠭ ᠤᠨ ᠵᠡᠭᠦᠨᠭᠠᠷ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠳᠠᠳᠠᠪᠤᠷᠢᠯᠠᠬᠤ ᠪᠠ | ᠳᠦᠯᠦᠪᠤᠷᠢ ᠤᠯᠭᠤᠬᠤ ᠶᠢ ᠭᠡᠷᠡᠭᠵᠢᠬᠦᠯᠬᠦ ᠳᠦᠰᠤᠯ | ︽ ᠳᠤᠮᠳᠠᠳᠤ ᠤᠯᠤᠰ ᠤᠨ ᠪᠠᠷᠠᠭᠤᠨ ᠣᠷᠣᠨ ᠤ ᠲᠡᠷᠢᠭᠦᠨ ᠤ ᠣᠳᠣᠬᠢᠴᠢᠯᠠᠭᠰᠠᠨ ᠴᠢᠨᠠᠷ ᠳᠡᠰ ᠲᠠᠢ ᠬᠤᠲᠠ ᠶᠢ ᠪᠦᠲᠦᠭᠡᠨ ᠪᠠᠶᠢᠭᠤᠯᠬᠤ ︾ ᠬᠠᠷᠠᠯᠲᠠ ᠶᠢᠨ | ᠲᠣᠭᠤᠷᠢᠨ ᠳᠤ ᠂ ︽ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠳᠦᠯᠤᠪᠤᠷᠢ ᠤᠯᠭᠤᠬᠤ ᠳᠦᠷᠢᠮ ︾ ︵ | ᠲᠥᠷᠥ ᠶᠢᠨ ᠶᠠᠪᠤᠳᠠᠯ ᠤᠨ ᠬᠤᠷᠢᠶ᠎ᠠ ᠵᠠᠷᠯᠢᠭ 590 ᠲᠣᠭᠠᠲᠤ ︶ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠭᠠᠵᠠᠷ | ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠳᠦᠯᠤᠪᠤᠷᠢ ᠤᠯᠭᠤᠬᠤ ᠳᠦᠷᠢᠮ ︾ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ ᠂ | ᠵᠡᠭᠦᠨᠭᠠᠷ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠬᠠᠭᠠᠵᠤ ᠵᠣᠭᠰᠣᠭᠠᠵᠤ ᠥᠭᠡᠷᠡᠴᠢᠯᠡᠬᠦ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠲᠣᠰ ᠲᠥᠰᠥᠯ ᠢ | ᠲᠣᠭᠲᠠᠭᠠᠪᠠ ᠃ | ᠨᠢᠭᠡ᠂ ᠲᠠᠲᠠᠪᠤᠷᠢᠯᠠᠬᠤ ᠬᠡᠪᠴᠢᠶ᠎ᠡ | ᠥᠪᠥᠷ ᠮᠣᠩᠭᠤᠯ ᠤᠨ ᠵᠡᠭᠦᠨᠭᠠᠷ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠳᠤ ᠺᠣᠮᠫᠠᠨᠢ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ | ᠲᠣᠭᠤᠷᠢᠭ ᠤᠨ ᠭᠡᠪᠴᠢᠶ᠎ᠠ᠃ | ᠬᠤᠶᠠᠷ ᠂ ᠲᠠᠲᠠᠪᠤᠷᠢᠯᠠᠬᠤ ᠰᠠᠯᠠᠭ᠎ᠠ ᠮᠥᠴᠢᠷ | ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠳᠦᠪ ᠃ | ᠭᠤᠷᠪᠠ᠂ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠢ | ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠳᠦᠪ ᠃ | ᠳᠥᠷᠪᠡ ᠂ ᠭᠡᠷ ᠪᠠᠶᠢᠰᠢᠩ ᠢ ᠲᠠᠲᠠᠪᠤᠷᠢᠯᠠᠵᠤ ᠲᠥᠯᠥᠪᠦᠷᠢ ᠥᠭᠴᠦ ᠲᠥᠪᠬᠢᠨᠡᠭᠦᠯᠬᠦ | ᠲᠠᠲᠠᠪᠤᠷᠢᠯᠠᠬᠤ ᠬᠡᠪᠴᠢᠶᠡᠨ ᠳᠣᠲᠣᠷᠠᠬᠢ ᠪᠤᠢ ᠪᠦᠬᠦᠢ ᠲᠠᠲᠠᠪᠤᠷᠢᠯᠠᠭᠳᠠᠭᠰᠠᠨ ᠭᠡᠷ ᠪᠠᠶᠢᠰᠢᠩ ᠢ ᠪᠣᠯ ᠬᠢᠷᠢ ᠭᠡᠮ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ | ᠬᠠᠩᠰᠢ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ︽ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠶᠢ ᠦᠨᠡᠯᠡᠨ ᠵᠢᠱᠢᠬᠦ | ᠠᠷᠭ᠎ᠠ︾ ᠶᠢ ᠦᠨᠳᠦᠰᠦᠯᠡᠨ᠂ ᠠᠳᠠᠯᠢ ᠭᠠᠵᠠᠷ ᠤᠨ ᠬᠡᠰᠡᠭ ᠲᠠᠢ ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ | ᠲᠡᠭᠦᠨ ᠤ ᠬᠡᠷᠡᠭᠴᠡᠭᠡ᠂ ᠪᠠᠷᠢᠯᠭ᠎ᠠ ᠶᠢᠨ ᠲᠠᠯᠠᠪᠠᠢ ᠂ ᠪᠠᠷᠢᠯᠭ᠎ᠠ ᠶᠢᠨ ᠥᠨᠳᠥᠷ ᠤᠨ ᠬᠡᠮᠵᠢᠶ᠎ᠡ᠂ ᠰᠢᠨ᠎ᠡ ᠪᠠᠷ ᠪᠤᠢ ᠪᠣᠯᠤᠭᠰᠠᠨ ᠵᠡᠷᠭᠡ ᠬᠦᠴᠦᠨ ᠵᠦᠢᠯ ᠲᠠᠢ | ᠤᠶᠠᠯᠳᠤᠭᠤᠯᠤᠨ ᠦᠨᠡᠯᠡᠨ ᠵᠢᠱᠢᠯᠲᠡ ᠬᠢᠨ᠎ᠡ᠃ | ᠲᠠᠲᠠᠪᠤᠷᠢᠯᠠᠭᠳᠠᠭᠰᠠᠨ ᠬᠥᠮᠥᠨ ᠨᠢ ᠵᠣᠭᠤᠰ ᠢᠶᠠᠷ ᠳᠦᠯᠤᠪᠤᠷᠢ ᠤᠯᠭᠤᠬᠤ ᠶᠢ ᠰᠣᠩᠭᠤᠨ᠎ᠠ᠃ | ︵ᠨᠢᠭᠡ︶ ᠭᠡᠷ ᠪᠠᠶᠢᠰᠢᠩ ᠤᠨ ᠳᠦᠯᠤᠪᠤᠷᠢ ᠃ ᠦᠨᠡᠯᠡᠨ ᠵᠢᠱᠢᠬᠦ ᠺᠣᠮᠫᠠᠨᠢ ᠠᠴᠠ ︽ᠤᠯᠤᠰ ᠤᠨ ᠥᠮᠴᠢᠯᠡᠯᠳᠤ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ | ᠲᠠᠲᠠᠪᠤᠷᠢᠯᠠᠬᠤ ᠶᠢ ᠦᠨᠡᠯᠡᠨ ᠵᠢᠱᠢᠬᠦ ᠠᠷᠭ᠎ᠠ︾ ᠶᠢ ᠦᠨᠳᠦᠰᠦᠯᠡᠨ᠂ ᠠᠳᠠᠯᠢ ᠭᠠᠵᠠᠷ ᠤᠨ ᠬᠡᠰᠡᠭ ᠲᠠᠢ ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠦᠨ᠎ᠡ ᠬᠠᠩᠰᠢ ᠪᠠᠷ ᠭᠡᠷ ᠪᠠᠶᠢᠰᠢᠩ ᠵᠢᠴᠢ ᠵᠠᠰᠠᠵᠤ ᠴᠢᠮᠡᠭᠯᠡᠬᠦ ᠂ ᠳᠠᠭᠠᠯᠲᠠ ᠲᠥᠬᠦᠭᠡᠷᠦᠮᠵᠢ ᠶᠢ ᠦᠨᠡᠯᠡᠨ ᠵᠢᠱᠢᠵᠦ ᠂ ᠵᠣᠭᠤᠰᠤᠨ ᠤ ᠠᠷᠭ᠎ᠠ | ᠮᠠᠶ᠋ᠢᠭ ᠢᠶᠠᠷ ᠲᠠᠲᠠᠪᠤᠷᠢᠯᠠᠭᠳᠠᠭᠰᠠᠨ ᠬᠥᠮᠥᠨ ᠳᠤ ᠳᠦᠯᠤᠪᠤᠷᠢ ᠥᠭᠭᠦᠨ᠎ᠡ᠃ | ︵ᠬᠤᠶᠠᠷ︶ ᠭᠠᠵᠠᠷ ᠰᠢᠷᠣᠢ ᠶᠢᠨ ᠲᠥᠯᠥᠪᠦᠷᠢ᠃ ᠲᠠᠲᠠᠪᠤᠷᠢᠯᠠᠭᠰᠠᠨ ᠬᠡᠪᠴᠢᠶᠡᠨ ᠳᠣᠲᠣᠷᠠᠬᠢ ᠨᠢ ᠤᠯᠤᠰ ᠤᠨ ᠥᠮᠴᠢᠯᠡᠯᠳᠤ ᠭᠠᠵᠠᠷ ᠰᠢᠷᠣᠢ ᠳᠤ | ᠬᠠᠷᠢᠶᠠᠯᠠᠭᠳᠠᠪᠠᠯ ᠂ ᠭᠡᠷᠡᠴᠢ ᠦᠨᠡᠮᠯᠡᠯ ᠳᠤ ᠲᠣᠳᠣᠷᠬᠠᠶᠢᠯᠠᠭᠰᠠᠨ ᠲᠠᠯᠠᠪᠠᠶ ᠪᠠ ᠪᠠᠶᠢᠷᠢᠯᠠᠵᠤ ᠪᠠᠶᠢᠭᠠᠤᠷᠤᠨ ᠪᠠᠶᠢᠷᠢ ᠶᠢᠨ ᠰᠠᠭᠤᠷᠢ ᠪᠠᠷᠢᠮᠵᠢᠶ᠎ᠠ ᠭᠠᠵᠠᠷ ᠤᠨ ᠦᠨ᠎ᠡ ᠪᠠᠷ | ᠲᠥᠯᠥᠪᠦᠷᠢ ᠥᠭᠭᠦᠨ᠎ᠡ ᠂ ᠬᠤᠪᠢᠶᠠᠷᠢᠯᠠᠨ ᠦᠭᠬᠦᠭᠰᠡᠨ ᠭᠠᠵᠠᠷ ᠰᠢᠷᠣᠢ ᠳᠤ ᠲᠥᠯᠥᠪᠦᠷᠢ ᠥᠭᠬᠦ ᠦᠭᠡᠢ ᠃ | ᠲᠠᠪᠤ ᠂ ᠬᠠᠮᠢᠶ᠎ᠠ ᠪᠦᠬᠦᠢ ᠳᠦᠷᠢᠮᠲ᠋ᠣᠭᠲᠠᠭᠠᠯ | ︵ ᠨᠢᠭᠡ ︶ ᠲᠠᠲᠠᠪᠤᠷᠢᠯᠠᠬᠤ ᠶᠢ ᠢᠯᠡ ᠨᠡᠶᠢᠲᠡᠯᠡᠬᠦ ᠳᠦᠷᠢᠮ ᠃ ᠲᠠᠲᠠᠪᠤᠷᠢᠯᠠᠬᠤ ᠲᠣᠭᠲᠠᠭᠠᠯ ᠭᠠᠷᠭᠠᠬᠤ ᠦᠶ᠎ᠡ ᠳᠤ ᠂ ᠭᠡᠷ ᠪᠠᠶᠢᠰᠢᠩ ᠲᠠᠲᠠᠪᠤᠷᠢᠯᠠᠬᠤ | ᠲᠣᠭᠲᠠᠭᠠᠯ ᠳᠤ ᠲᠣᠳᠣᠷᠬᠠᠢ ᠲᠡᠮᠳᠡᠭᠯᠡᠭᠰᠡᠨ ᠲᠠᠲᠠᠪᠤᠷᠢᠯᠠᠬᠤ ᠬᠦᠮᠤᠨ ᠂ ᠲᠠᠲᠠᠪᠤᠷᠢᠯᠠᠬᠤ ᠬᠡᠪᠴᠢᠶ᠎ᠡ᠂ ᠲᠠᠲᠠᠪᠤᠷᠢᠯᠠᠬᠤ ᠬᠤᠭᠤᠴᠠᠭ᠎ᠠ ᠵᠡᠷᠭᠡ ᠵᠦᠢᠯᠡᠰ ᠢ ᠲᠠᠲᠠᠪᠤᠷᠢᠯᠠᠬᠤ | ᠠᠯᠪᠠᠨ ᠵᠠᠷ ᠤᠨ ᠬᠡᠯᠪᠡᠷᠢ ᠪᠠᠷ ᠨᠡᠶᠢᠲᠡᠯᠡᠨ᠎ᠡ᠂ ᠡᠭᠦᠨ ᠤ ᠬᠠᠮᠲᠤ ᠡᠷᠦᠬᠡ ᠳᠤ ᠬᠦᠷᠴᠦ ᠪᠠᠶᠢᠴᠠᠭᠠᠭᠰᠠᠨ ᠲᠤᠭ᠎ᠠ ᠪᠠᠷᠢᠮᠲᠠ ᠂ ᠦᠨᠡᠯᠡᠨ ᠵᠢᠱᠢᠭᠰᠡᠨ ᠲᠤᠭ᠎ᠠ ᠪᠠᠷᠢᠮᠲᠠ ᠂ | ᠨᠥᠬᠦᠪᠦᠷᠢ ᠥᠭᠬᠦ ᠵᠥᠪᠳᠡᠯᠴᠡᠭᠡᠷ ᠤᠨ ᠲᠤᠭ᠎ᠠ ᠪᠠᠷᠢᠮᠲᠠ ᠶᠢ ᠢᠯᠡ ᠨᠡᠶᠢᠲᠡᠯᠡᠨ᠎ᠡ ᠃ | ︵ ᠬᠤᠶᠠᠷ ︶ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠬᠤ ᠳᠦᠷᠢᠮ ᠃ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠬᠤ ᠲᠠᠰᠤᠭ ᠂ ᠬᠦᠯᠢᠶᠡᠨ ᠠᠪᠬᠤ | ᠳ᠋ᠢᠶᠠᠩᠬᠤᠸᠠ ᠶᠢ ᠨᠡᠶᠢᠲᠡᠯᠡᠵᠦ ᠂ ᠲᠤᠰᠬᠠᠢ ᠬᠥᠮᠥᠨ ᠢᠶᠠᠷ ᠬᠦᠯᠢᠶᠡᠨ ᠠᠪᠬᠤ ᠠᠵᠢᠯ ᠢ ᠬᠠᠷᠢᠭᠤᠴᠠᠭᠤᠯᠤᠨ᠎ᠠ᠃ | ︵ᠭᠤᠷᠪᠠ︶ ᠬᠠᠷᠢᠭᠤᠴᠠᠯᠭ᠎ᠠ ᠶᠢᠨ ᠠᠮᠠᠯᠠᠯᠲᠠ ᠶᠢᠨ ᠳᠦᠷᠢᠮ | 1. ᠬᠠᠤᠯᠢ ᠶᠣᠰᠣᠭᠠᠷ ᠲᠠᠲᠠᠪᠤᠷᠢᠯᠠᠬᠤ ᠂ ᠢᠯᠡ ᠪᠠᠷ ᠲᠠᠲᠠᠪᠤᠷᠢᠯᠠᠬᠤ ᠶᠢ ᠪᠠᠷᠢᠮᠲᠠᠯᠠᠨ᠎ᠠ ᠃ | 2. ᠲᠠᠲᠠᠪᠤᠷᠢᠯᠠᠭᠰᠠᠨ ᠳᠦᠯᠥᠪᠤᠷᠢ ᠶᠢᠨ ᠪᠡᠯᠡ ᠮᠥᠩᠭᠦ ᠶᠢ ᠪᠠᠲᠤᠯᠠᠵᠤ ᠂ ᠥᠮᠴᠢᠯᠡᠬᠦ ᠡᠷᠬᠡ ᠶᠢ ᠰᠣᠯᠢᠬᠤ ᠭᠡᠷ ᠪᠠᠶᠢᠰᠢᠩ ᠤᠨ ᠢᠷᠡᠯᠲᠡ ᠶᠢ ᠲᠣᠭᠲᠠᠭᠠᠯ ᠶᠣᠰᠣᠭᠠᠷ | ᠪᠣᠳᠠᠲᠠᠶᠢᠵᠢᠭᠤᠯᠤᠨ᠎ᠠ ᠃ | 3. ᠲᠣᠭᠲᠠᠭᠠᠭᠰᠠᠨ ᠪᠠᠷᠢᠮᠵᠢᠶ᠎ᠠ ᠪᠠᠷ ᠳᠦᠯᠦᠪᠤᠷᠢ ᠥᠭᠬᠦ ᠶᠢ ᠪᠠᠲᠤᠯᠠᠵᠤ ᠂ ᠲᠠᠲᠠᠪᠤᠷᠢᠯᠠᠬᠤ ᠲᠥᠯᠥᠪᠦᠷᠢ ᠣᠯᠭᠤᠵᠤ ᠲᠥᠪᠬᠢᠨᠡᠭᠦᠯᠬᠦ ᠵᠦᠪᠳᠡᠯᠴᠡᠭᠡᠷ ᠢ ᠴᠢᠩᠭ᠎ᠠ | ᠭᠦᠢᠴᠡᠳᠬᠡᠵᠦ ᠂ ᠲᠣᠭᠲᠠᠭᠰᠠᠨ ᠬᠤᠭᠤᠴᠠᠭᠠᠨ ᠳᠣᠲᠣᠷ᠎ᠠ ᠳᠦᠯᠦᠪᠤᠷᠢ ᠶᠢᠨ ᠪᠡᠯᠡ ᠮᠥᠩᠭᠦ ᠶᠢ ᠥᠭᠬᠦ ᠶᠢᠨ ᠬᠠᠮᠲᠤ ᠥᠮᠴᠢᠯᠡᠬᠦ ᠡᠷᠬᠡ ᠶᠢ ᠰᠣᠯᠢᠬᠤ ᠡᠯ᠎ᠡ ᠵᠦᠢᠯ | ᠤᠨ ᠭᠠᠷᠳᠠᠮ ᠢ ᠪᠡᠶᠡᠯᠡᠭᠦᠯᠤᠨ᠎ᠠ ᠃ | 4. ᠲᠠᠲᠠᠪᠤᠷᠢᠯᠠᠬᠤ ᠬᠤᠭᠤᠴᠠᠭ᠎ᠠ ᠶᠢᠨ ᠳᠣᠲᠣᠷ᠎ᠠ᠂ ᠬᠠᠷᠠᠬᠠᠨ ᠨᠡᠭᠦᠭᠡᠳᠦᠶ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠥᠨ ᠤ ᠤᠤᠯ ᠤᠨ ᠪᠠᠶᠢᠭᠰᠠᠨ ᠤᠰᠤ | ᠬᠠᠩᠭᠠᠬᠤ ᠂ ᠴᠠᠬᠢᠯᠭᠠᠨ ᠬᠠᠩᠭᠠᠬᠤ ᠵᠡᠷᠭᠡ ᠦᠨᠳᠦᠰᠦᠨ ᠠᠮᠢᠳᠤᠷᠠᠯ ᠤᠨ ᠨᠥᠬᠦᠴᠡᠯ ᠢ ᠬᠤᠪᠢᠷᠠᠭᠤᠯᠵᠤ ᠪᠣᠯᠬᠤ ᠦᠭᠡᠢ ᠂ ᠪᠤᠰᠤᠳ ᠭᠡᠷ ᠪᠠᠶᠢᠰᠢᠩ ᠢ | ᠨᠤᠷᠠᠭᠠᠭᠰᠠᠨ ᠠᠴᠠ ᠪᠣᠯᠣᠭᠠᠳ ᠭᠡᠷ ᠪᠠᠶᠢᠰᠢᠩ ᠢᠶᠠᠨ ᠲᠠᠲᠠᠪᠤᠷᠢᠯᠠᠭᠠᠳᠤᠢ ᠡᠷᠥᠭᠡ ᠶᠢᠨ ᠭᠡᠷ ᠪᠠᠶᠢᠰᠢᠩ ᠤᠨ ᠪᠦᠲᠦᠴᠡ ᠶᠢᠨ ᠠᠶᠤᠯ ᠦᠭᠡᠢ ᠶᠢ ᠨᠥᠯᠥᠭᠡᠯᠡᠵᠦ ᠪᠣᠯᠬᠤ | ᠦᠭᠡᠢ ᠃ ᠲᠣᠭᠲᠠᠭᠠᠯ ᠶᠣᠰᠣᠭᠠᠷ ᠭᠡᠷ ᠪᠠᠶᠢᠰᠢᠩ ᠢ ᠲᠤᠰᠢᠶᠠᠬᠤ ᠪᠠ ᠬᠦᠯᠢᠶᠡᠨ ᠠᠪᠬᠤ ᠭᠠᠷᠳᠠᠮ ᠢ ᠭᠦᠢᠴᠡᠳᠬᠡᠬᠦ ᠠᠴᠠ ᠡᠮᠦᠨ᠎ᠡ᠂ ᠭᠡᠷ ᠪᠠᠶᠢᠰᠢᠩ ᠢ ᠨᠤᠷᠠᠭᠠᠵᠤ | ᠪᠣᠯᠬᠤ ᠦᠭᠡᠢ᠃ | ︵ ᠳᠥᠷᠪᠡ ︶ ᠵᠠᠷᠤᠳᠠᠯ ᠤᠨ ᠪᠠᠲᠤᠯᠠᠭ᠎ᠠ ᠶᠢᠨ ᠳᠦᠷᠢᠮ ᠃ ᠲᠠᠲᠠᠪᠤᠷᠢᠯᠠᠬᠤ ᠳᠦᠯᠦᠪᠤᠷᠢ ᠶᠢᠨ ᠠᠵᠢᠯ ᠤᠨ ᠵᠠᠷᠤᠳᠠᠯ ᠢ ᠲᠠᠲᠠᠪᠤᠷᠢᠯᠠᠬᠤ ᠳᠦᠯᠦᠪᠤᠷᠢ ᠶᠢᠨ ᠵᠣᠭᠤᠰ ᠤᠨ | ᠲᠤᠭ᠎ᠠ ᠶᠢᠨ 1.5% ᠪᠠᠷ ᠬᠢᠨᠠᠨ ᠲᠣᠭᠲᠠᠭᠠᠨ᠎ᠠ ᠂ ᠡᠭᠦᠨ ᠳᠤ ᠠᠯᠪᠠᠯᠠᠬᠤ ᠲᠠᠯᠠᠪᠤᠷ ᠭᠠᠵᠠᠷ ᠤᠨ ᠲᠦᠷᠢᠶᠡᠰᠦᠨ ᠵᠠᠷᠤᠳᠠᠯ ᠂ ᠲᠡᠷᠭᠡ ᠮᠠᠰᠢᠨ ᠤ ᠲᠦᠷᠢᠶᠡᠰᠦᠨ | ᠵᠠᠷᠤᠳᠠᠯ ᠂ ᠠᠯᠪᠠᠨ ᠠᠵᠢᠯ ᠤᠨ ᠬᠡᠷᠡᠭᠰᠡᠯ ᠬᠤᠳᠠᠯᠳᠤᠨ ᠠᠪᠬᠤ ᠵᠠᠷᠤᠳᠠᠯ ᠪᠠ ᠠᠯᠪᠠᠨ ᠠᠵᠢᠯ ᠤᠨ ᠬᠤᠷᠣᠭᠳᠠᠯ ᠮᠠᠲ᠋ᠧᠷᠢᠶᠠᠯ ᠂ ᠦᠨᠡᠯᠡᠨ ᠵᠢᠱᠢᠬᠦ ᠵᠠᠷᠤᠳᠠᠯ ᠂ ᠬᠡᠮᠵᠢᠨ | ᠵᠢᠷᠤᠬᠤ ᠵᠠᠷᠤᠳᠠᠯ ᠂ ᠭᠡᠷ ᠪᠠᠶᠢᠰᠢᠩ ᠢ ᠨᠤᠷᠠᠭᠠᠬᠤ ᠵᠠᠷᠤᠳᠠᠯ ᠂ ᠤᠬᠠᠭᠤᠯᠭ᠎ᠠ ᠶᠢᠨ ᠵᠠᠷᠤᠳᠠᠯ ᠵᠢᠴᠢ ᠤᠷᠢᠳᠴᠢᠯᠠᠨ ᠮᠡᠳᠡᠵᠦ ᠥᠯᠥ ᠪᠣᠯᠬᠤ ᠵᠠᠷᠤᠳᠠᠯ ᠪᠠᠭᠲᠠᠨ᠎ᠠ ᠃ | |