| ᠵᠡᠬᠦᠠᠭᠠᠷ ᠵᠠᠰᠠᠭ ᠠᠯᠪᠠᠨ ᠲᠠᠷᠬᠠᠭᠠᠭᠰᠠᠨ 〔2024〕 70 ᠲᠣᠭᠠᠲᠤ | | ᠬᠤᠯᠪᠣᠭᠳᠠᠯ ᠪᠦᠬᠦᠢ ᠨᠢᠭᠡᠴᠢ ᠳᠤ ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ ᠂ ᠡᠳᠦᠭᠡ ︽ ᠵᠡᠭᠦᠨᠭᠠᠷ ᠬᠤᠰᠢᠭᠤᠨ ᠤ ᠲᠠᠷᠢᠶᠠᠴᠢᠳ ᠤᠨ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠤᠨ ᠲᠥᠰᠥᠯ ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ ᠂ ᠪᠣᠳᠠᠲᠠᠢ ᠲᠠᠢ ᠪᠠᠨ | ᠤᠶᠠᠯᠳᠤᠭᠤᠯᠤᠨ ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠰᠠᠷ᠎ᠠ ᠶᠢᠨ 15 ᠤ ᠡᠳᠤᠷ | | ᠵᠡᠭᠦᠨᠭᠠᠷ ᠬᠤᠰᠢᠭᠤᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ | ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠤᠨ ᠲᠥᠰᠥᠯ | ᠮᠠᠨ ᠤ ᠬᠤᠰᠢᠭᠤᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠤ ᠂ | ᠠᠷᠠᠳ ᠣᠯᠠᠨ ᠤ ᠳᠤᠯᠠᠭᠠᠨ ᠪᠦᠯᠢᠶᠡᠨ ᠢᠶᠠᠷ ᠡᠪᠦᠯ ᠢ ᠥᠩᠭᠡᠷᠡᠭᠦᠯᠬᠦ ᠶᠢ ᠪᠠᠲᠤᠯᠠᠬᠤ ᠶᠢᠨ ᠳᠤᠰᠠᠳᠠ ᠂ ︽ ᠡᠨᠡ ᠡᠪᠦᠯ ᠢᠷᠡᠬᠦ ᠬᠠᠪᠤᠷ ᠤᠨ ᠳᠤᠯᠠᠭᠠᠯᠭ᠎ᠠ ᠶᠢᠨ | ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠤᠨ ᠲᠥᠰᠥᠯ ᠢ ᠳᠠᠷᠤᠮᠠᠯᠯᠠᠨ ᠳᠠᠷᠬᠠᠭᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠳᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ | ﹇ 2023 ﹈ 53 ᠲᠣᠭᠠᠲᠤ ︶ ᠂ ︽ 2023 ᠣᠨ ᠤ ᠣᠷᠣᠨ ᠤ ᠳᠣᠲᠣᠷᠠᠬᠢ ᠴᠠᠬᠢᠯᠭᠠᠨ ᠭᠠᠷᠭᠠᠵᠤ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦᠨ ᠤ | ᠪᠠᠲᠤᠯᠠᠭ᠎ᠠ ᠶᠢᠨ ᠠᠵᠢᠯ ᠢ ᠤᠯᠠᠮ ᠴᠢᠨᠠᠬᠰᠢᠳᠠ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ | ᠪᠠᠴᠢᠮ ᠮᠡᠳᠡᠭᠳᠡᠯ ︾ ︵ ᠥᠪᠥᠷ ᠡᠨᠧᠷᠭᠢ ᠨᠡᠭᠦᠷᠡᠰᠦ ᠲᠡᠭᠡᠭᠡᠪᠦᠷᠢ ᠥᠰᠥᠭ ﹇ 2022 ﹈ 1453 ᠲᠣᠭᠠᠲᠤ ︶ ᠤᠨ ᠱᠠᠭᠠᠷᠳᠠᠯᠭ᠎ᠠ ᠪᠠ ᠳᠡᠭᠡᠳᠦ ᠱᠠᠲᠤᠨ ᠤ | ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠦᠨᠳᠤᠰᠤᠯᠡᠨ᠂ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ ᠂ ᠲᠣᠰ ᠲᠥᠰᠥᠯ ᠢ ᠲᠣᠭᠲᠠᠭᠠᠪᠠ ᠃ | ᠨᠢᠭᠡ ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ ᠂ ᠤᠯᠤᠰ ᠂ ᠥᠪᠡᠷᠲᠡᠭᠡᠨ ᠵᠠᠰᠠᠬᠤ ᠣᠷᠣᠨ ᠂ | ᠬᠤᠲᠠ ᠂ ᠬᠤᠰᠢᠭᠤᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠳᠤᠬᠠᠢ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠵᠠᠷᠴᠢᠮ ᠳᠡᠭᠡᠷ᠎ᠡ ᠪᠠᠨ ᠡᠷᠦᠬᠡ ᠪᠦᠷᠢ ᠳᠤ 2 ᠲᠣᠨ ᠡᠩ ᠤᠨ | ᠦᠨ᠎ᠡ ᠲᠠᠢ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠬᠠᠩᠭᠠᠬᠤ ᠪᠠᠷᠢᠮᠵᠢᠶ᠎ᠠ ᠪᠠᠷ ᠪᠥᠬᠦ ᠬᠤᠰᠢᠭᠤᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠵᠤ ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠂ | ᠪᠠᠶᠢᠳᠠᠯ ᠢ ᠣᠶᠢᠯᠠᠭᠠᠨ ᠪᠠᠶᠢᠴᠠᠭᠠᠯᠲᠠ ᠬᠢᠬᠦ ᠂ ᠪᠦᠷᠢᠳᠬᠡᠵᠦ ᠳᠡᠭᠡᠭᠰᠢ ᠮᠡᠳᠡᠭᠦᠯᠬᠦ ᠂ ᠵᠠᠷᠤᠳᠠᠯ ᠢ ᠤᠷᠢᠳᠴᠢᠯᠠᠨ ᠬᠤᠷᠢᠶᠠᠬᠤ ᠂ ᠨᠡᠭᠦᠷᠡᠰᠦᠨ ᠤ ᠢᠷᠡᠯᠲᠡ ᠶᠢ | ᠨᠠᠶᠢᠳᠠᠪᠤᠷᠢᠵᠢᠭᠤᠯᠬᠤ ᠂ ᠲᠠᠲᠠᠵᠤ ᠵᠥᠭᠡᠭᠡᠪᠦᠷᠢᠯᠡᠬᠦ ᠪᠠ ᠡᠷᠦᠬᠡ ᠳᠤ ᠬᠤᠪᠢᠶᠠᠷᠢᠯᠠᠬᠤ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠢ ᠰᠠᠶᠢᠲᠤᠷ ᠵᠣᠬᠢᠴᠠᠭᠤᠯᠤᠨ ᠰᠠᠶᠢᠲᠤᠷ | ᠰᠢᠢᠳᠪᠦᠷᠢᠯᠡᠬᠦ ᠪᠠ ᠴᠢᠩᠭ᠎ᠠ ᠬᠢᠨᠠᠯᠲᠠ ᠲᠠᠯᠪᠢᠵᠤ ᠂ ᠪᠥᠬᠦ ᠬᠤᠰᠢᠭᠤᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦ ᠶᠢᠨ | ᠶᠠᠰᠤ ᠴᠢᠨᠠᠷ ᠲᠤᠭ᠎ᠠ ᠬᠡᠮᠵᠢᠶ᠎ᠡ ᠂ ᠵᠢᠩ ᠯᠠᠩ ᠬᠦᠢᠴᠡᠳ᠂ ᠴᠠᠭ ᠲᠤᠬᠠᠢ ᠳᠤᠨᠢ ᠲᠦᠭᠡᠭᠡᠨ ᠥᠭᠬᠦ ᠶᠢ ᠪᠠᠲᠤᠯᠠᠵᠤ ᠂ ᠲᠠᠷᠢᠶᠠᠴᠢᠳ ᠤᠨ ︽ ᠨᠡᠭᠦᠷᠡᠰᠦ ︾ ᠰᠢᠲᠠᠭᠠᠬᠤ | ᠪᠠᠴᠢᠮ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠂ ᠪᠥᠬᠦ ᠬᠤᠰᠢᠭᠤᠨ ᠤ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠠᠮᠤᠷ | ᠲᠦᠪᠰᠢᠨ ᠢᠶᠠᠷ ᠡᠪᠦᠯᠵᠢᠬᠦ ᠂ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠪᠠᠲᠤᠯᠠᠨ᠎ᠠ ᠃ | ᠬᠤᠶᠠᠷ ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠪᠠᠲᠤᠯᠠᠭ᠎ᠠ ᠶᠢᠨ ᠡᠲᠡᠭᠡᠳ | ︵ ᠨᠢᠭᠡ ︶ ᠵᠡᠭᠦᠨᠭᠠᠷ ᠬᠤᠰᠢᠭᠤᠨ ᠤ ᠬᠢᠵᠠᠭᠠᠷ ᠲᠤ ᠰᠠᠭᠤᠷᠢᠰᠢᠵᠤ ᠪᠠᠶᠢᠭ᠎ᠠ ᠪᠥᠭᠡᠳ ᠵᠡᠭᠦᠨᠭᠠᠷ ᠬᠤᠰᠢᠭᠤᠨ ᠤ ᠲᠠᠷᠢᠶᠠᠯᠠᠩ ᠤᠨ ᠡᠷᠦᠬᠡ ᠠᠮᠠ ᠶᠢᠨ ᠲᠠᠩᠰᠠ ᠲᠠᠢ ᠂ | ᠲᠥᠪᠯᠡᠷᠡᠭᠦᠯᠦᠨ ᠢᠯᠴᠢ ᠬᠠᠩᠭᠠᠭᠰᠠᠨ ᠦᠭᠡᠢ ᠪᠠᠶᠢᠩᠭᠤ ᠰᠠᠭᠤᠭ᠎ᠠ ᠰᠠᠭᠤᠭᠠᠯᠢ ᠠᠷᠠᠳ ᠃ ᠡᠶᠢᠮᠦ ᠲᠥᠷᠥᠯ ᠤᠨ ᠬᠥᠮᠥᠰ ᠢ ᠡᠯ᠎ᠡ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠲᠣᠰ ᠲᠣᠰ ᠬᠠᠷᠢᠶ᠎ᠠ ᠣᠷᠣᠨ ᠤ ᠳᠣᠲᠣᠷᠠᠬᠢ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠪᠣᠳᠠᠲᠠᠢ ᠬᠡᠷᠡᠭᠯᠡᠬᠦ | ᠨᠡᠭᠦᠷᠡᠰᠦᠨ ᠤ ᠭᠠᠵᠠᠷ ᠢᠶᠠᠷ ᠬᠤᠪᠢᠶᠠᠷᠢᠯᠠᠯᠲᠠ ᠶᠢᠨ ᠭᠠᠵᠠᠷ ᠪᠣᠯᠭᠠᠨ ᠪᠦᠷᠢᠳᠬᠡᠨ ᠳᠡᠭᠡᠭᠰᠢ ᠮᠡᠳᠡᠭᠦᠯᠦᠨ᠎ᠡ ᠃ | ︵ ᠬᠤᠶᠠᠷ ︶ ᠵᠡᠭᠦᠨᠭᠠᠷ ᠬᠤᠰᠢᠭᠤᠨ ᠤ ᠡᠯ᠎ᠡ ᠲᠥᠷᠥᠯ ᠤᠨ ᠬᠦᠴᠢᠷᠳᠡᠯᠲᠡᠢ ᠡᠷᠦᠬᠡ ︵ ᠲᠠᠪᠤᠨ ᠪᠠᠲᠤᠯᠠᠭᠠᠲᠤ ᠡᠷᠦᠬᠡ ᠂ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠂ | ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠵᠤ ᠪᠠᠶᠢᠭ᠎ᠠ ᠡᠷᠦᠬᠡ ᠂ ᠨᠢᠭᠡᠳᠦᠭᠡᠷ ᠬᠤᠶᠠᠳᠤᠭᠠᠷ ᠳᠡᠰ ᠤᠨ ᠵᠡᠮᠳᠡᠭ ᠬᠦᠮᠤᠨ ᠲᠠᠢ ᠡᠷᠦᠬᠡ ᠂ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ︶ ᠶᠢᠨ ᠳᠣᠲᠣᠷᠠᠬᠢ ᠨᠡᠭᠦᠷᠡᠰᠦ ᠰᠢᠲᠠᠭᠠᠵᠤ ᠳᠤᠯᠠᠭᠠᠯᠠᠵᠤ ᠪᠠᠶᠢᠭ᠎ᠠ ᠡᠷᠦᠬᠡ ᠃ ᠡᠶᠢᠮᠦ | ᠲᠥᠷᠥᠯ ᠤᠨ ᠬᠥᠮᠥᠰ ᠢ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠢᠨᠠᠨ | ᠬᠠᠷᠭᠤᠭᠤᠯᠤᠭᠰᠠᠨ ᠤ ᠳᠠᠷᠠᠭ᠎ᠠ ᠳᠡᠭᠡᠭᠰᠢ ᠮᠡᠳᠡᠭᠦᠯᠦᠨ᠎ᠡ ᠃ | ︵ᠭᠤᠷᠪᠠ︶ ᠠᠯᠪᠠᠨ ᠠᠴᠠ ᠡᠷᠬᠢᠯᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠪᠠ ᠳᠤᠰᠬᠤᠨ ᠤ ᠱᠠᠲᠤᠨ ᠤ ᠵᠢᠭᠰᠠᠭᠠᠯ ᠤᠨ ᠭᠠᠵᠠᠷ ᠃ | ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠪᠠᠲᠤᠯᠠᠭ᠎ᠠ ᠶᠢᠨ ᠬᠡᠪᠴᠢᠶᠡᠨ ᠳᠤ ᠪᠠᠭᠲᠠᠬᠤ ᠦᠭᠡᠢ ᠨᠢ ᠄ | ︵ ᠨᠢᠭᠡ ︶ ᠠᠭᠤᠷᠬᠠᠢ ᠶᠢᠨ ᠣᠷᠣᠨ ᠤ ᠠᠷᠠᠳ ᠢ ᠨᠡᠭᠦᠯᠭᠡᠬᠦ ᠂ ᠠᠮᠢ ᠠᠬᠤᠢ ᠶᠢᠨ ᠠᠷᠠᠳ ᠢ ᠨᠡᠭᠦᠯᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠡᠳ᠋ᠯᠡᠵᠦ | ᠥᠩᠭᠡᠷᠡᠭᠰᠡᠨ ᠲᠠᠷᠢᠶᠠᠴᠢᠨ ᠡᠷᠦᠬᠡ ᠃ | ︵ ᠬᠤᠶᠠᠷ ︶ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ ︵ ᠡᠷᠦᠬᠡ ᠶᠢᠨ ᠳᠣᠲᠣᠷᠠᠬᠢ ᠪᠦᠷᠢᠯᠳᠦᠭᠦᠨ ᠳᠤ ᠡᠳ᠋ ᠤᠨ ᠵᠠᠰᠠᠭ ᠠᠴᠠ ᠠᠰᠠᠷᠠᠨ | ᠲᠡᠵᠢᠭᠡᠵᠦ ᠪᠠᠶᠢᠭ᠎ᠠ ᠬᠥᠮᠥᠰ ᠲᠠᠢ ᠡᠷᠦᠬᠡ ᠪᠠᠭᠲᠠᠨ᠎ᠠ ︶ ᠃ | ᠭᠤᠷᠪᠠ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠬᠠᠩᠭᠠᠯᠭ᠎ᠠ ᠶᠢᠨ ᠪᠠᠷᠢᠮᠵᠢᠶ᠎ᠠ᠂ ᠦᠨ᠎ᠡ ᠬᠠᠩᠰᠢ ᠵᠢᠴᠢ ᠵᠠᠷᠤᠳᠠᠯ | ︵ ᠨᠢᠭᠡ ︶ ᠬᠠᠩᠭᠠᠯᠭ᠎ᠠ ᠶᠢᠨ ᠪᠠᠷᠢᠮᠵᠢᠶ᠎ᠠ | 1.ᠪᠠᠶᠢᠩᠭᠤ ᠰᠠᠭᠤᠭ᠎ᠠ ᠲᠠᠷᠢᠶᠠᠴᠢᠨ ᠪᠣᠯᠣᠨ ᠡᠯ᠎ᠡ ᠲᠦᠷᠦᠯ ᠤᠨ ᠬᠦᠴᠢᠷᠳᠡᠯᠲᠡᠢ ᠡᠷᠤᠭᠡ ᠶᠢᠨ ᠡᠷᠦᠬᠡ ᠪᠦᠷᠢ ᠳᠤ 2 ᠲᠣᠨ᠃ | 2. ᠳᠤᠰᠬᠤᠨ ᠤ ᠱᠠᠲᠤᠨ ᠤ ᠵᠢᠭᠰᠠᠭᠠᠯ ᠤᠨ ᠭᠠᠵᠠᠷ ᠤᠨ ᠭᠠᠵᠠᠷ ᠪᠤᠯᠭᠠᠨ ᠳᠤ 6 ᠲᠣᠨ᠃ | 3. ᠠᠯᠪᠠᠨ ᠠᠴᠠ ᠡᠷᠬᠢᠯᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ 2 ᠭᠠᠵᠠᠷ ᠲᠤ ᠨᠡᠶᠢᠳᠡ 500 ᠲᠣᠨ᠃ | ︵ᠬᠤᠶᠠᠷ︶ ᠬᠠᠩᠭᠠᠯᠭ᠎ᠠ ᠶᠢᠨ ᠦᠨ᠎ᠡ ᠬᠠᠩᠰᠢ ᠪᠠ ᠵᠠᠷᠤᠳᠠᠯ | 1. ᠳᠤᠯᠠᠭᠠᠯᠠᠭ᠎ᠠ ᠶᠢᠨ ᠬᠤᠭᠤᠴᠠᠭᠠᠨ ᠳᠤ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢ ᠲᠣᠨ ᠪᠦᠷᠢ ᠳᠤ 100 ᠲᠥᠭᠦᠷᠢᠭ ᠤᠨ ᠡᠩ ᠤᠨ ᠦᠨ᠎ᠡ ᠪᠠᠷ | ᠬᠠᠩᠭᠠᠬᠤ ᠶᠢ ᠬᠡᠷᠡᠭᠵᠢᠭᠦᠯᠵᠦ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠵᠤᠭᠤᠰ ᠢ ᠨᠢᠭᠡᠳᠦᠯᠲᠡᠢ ᠬᠤᠷᠢᠶᠠᠨ | ᠠᠪᠴᠤ ᠂ ᠬᠤᠰᠢᠭᠤᠨ ᠤ ᠭᠦᠸᠧ ᠰᠢᠩ ᠡᠨᠧᠷᠭᠢ ᠶᠢᠨ ᠪᠦᠯᠦᠭᠯᠡᠯ ᠤᠨ ᠺᠣᠮᠫᠠᠨᠢ ᠳᠤ ᠳᠤᠰᠢᠶᠠᠵᠤ ᠨᠡᠬᠦᠷᠡᠰᠤ ᠶᠢ ᠨᠢᠭᠡᠳᠦᠯᠲᠡᠢ ᠬᠤᠳᠠᠯᠳᠤᠨ ᠠᠪᠬᠤ ᠪᠤᠯᠤᠨ᠎ᠠ ᠃ | 2. ᠡᠯ᠎ᠡ ᠲᠥᠷᠥᠯ ᠤᠨ ᠬᠦᠴᠢᠷᠳᠡᠯᠲᠡᠢ ᠡᠷᠦᠬᠡ ᠂ ᠲᠣᠰᠬᠤᠨ ᠤ ᠵᠢᠭᠰᠠᠭᠠᠯ ᠤᠨ ᠭᠠᠵᠠᠷ ᠂ ᠠᠯᠪᠠᠨ ᠠᠴᠠ ᠡᠷᠭᠢᠯᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠤᠨ ︽ | ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ ᠂ ᠬᠤᠳᠠᠯᠳᠤᠨ ᠠᠪᠬᠤ ᠵᠠᠷᠤᠳᠠᠯ ᠢ ᠡᠯ᠎ᠡ ᠰᠤᠮᠤ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠡᠳᠦᠯᠲᠡᠢ ᠣᠷᠣᠯᠠᠨ ᠥᠭᠴᠦ ᠂ ᠬᠤᠰᠢᠭᠤᠨ ᠤ ᠭᠦᠸᠧ ᠰᠢᠩ | ᠡᠨᠧᠷᠭᠢ ᠶᠢᠨ ᠪᠦᠯᠦᠭᠯᠡᠯ ᠤᠨ ᠺᠣᠮᠫᠠᠨᠢ ᠳᠤ ᠤᠷᠢᠳᠠᠪᠠᠷ ᠥᠭᠭᠦᠨ᠎ᠡ ᠃ ᠬᠤᠰᠢᠭᠤᠨ ᠤ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠨᠥᠬᠦᠪᠦᠷᠢ ᠥᠭᠭᠦᠨ᠎ᠡ ᠃ | 3. ᠡᠯ᠎ᠡ ᠲᠥᠷᠥᠯ ᠤᠨ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠲᠡᠭᠡᠭᠡᠪᠦᠷᠢ ᠶᠢ ᠬᠠᠷᠢᠶ᠎ᠠ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠠᠴᠠ ᠥᠪᠡᠰᠦᠪᠡᠨ ᠬᠠᠷᠢᠭᠤᠴᠠᠵᠤ ᠂ ᠲᠡᠭᠡᠭᠡᠪᠦᠷᠢ ᠶᠢᠨ ᠶᠠᠪᠤᠴᠠ ᠳᠤ ᠪᠣᠶ ᠪᠣᠯᠤᠭᠰᠠᠨ ᠲᠡᠭᠡᠭᠡᠪᠦᠷᠢ ᠶᠢᠨ ᠵᠠᠷᠤᠳᠠᠯ ᠢ ᠡᠯ᠎ᠡ ᠰᠤᠮᠤ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠠᠴᠠ ᠨᠢᠭᠡᠳᠦᠯᠲᠡᠢ ᠣᠷᠣᠯᠠᠨ ᠥᠭᠴᠦ ᠂ ᠬᠤᠰᠢᠭᠤᠨ ᠤ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠨᠥᠬᠦᠪᠦᠷᠢ | ᠥᠭᠭᠦᠨ᠎ᠡ ᠃ | 4.ᠲᠡᠭᠡᠭᠡᠪᠦᠷᠢᠯᠡᠬᠦ ᠂ ᠬᠤᠪᠢᠶᠠᠷᠢᠯᠠᠬᠤ ᠬᠤᠷᠣᠭᠳᠠᠯ ᠢ 6% ᠪᠠᠷ ᠪᠤᠳᠤᠵᠤ ᠂ ᠲᠡᠭᠡᠭᠡᠪᠦᠷᠢᠯᠡᠬᠦ ᠂ ᠬᠤᠪᠢᠶᠠᠷᠢᠯᠠᠬᠤ ᠬᠤᠷᠣᠭᠳᠠᠯ ᠢ ᠨᠡᠭᠦᠷᠡᠰᠦᠨ ᠠᠭᠤᠷᠬᠠᠢ ᠠᠴᠠ | ᠡᠭᠦᠷᠭᠡᠯᠡᠵᠦ ᠂ ᠨᠡᠭᠦᠷᠡᠰᠦ ᠬᠠᠩᠭᠠᠬᠤ ᠶᠡᠷᠦᠩᠬᠡᠢ ᠬᠡᠮᠵᠢᠶ᠎ᠡ ᠶᠢᠨ ᠳᠣᠲᠣᠷ᠎ᠠ ᠪᠠᠭᠳᠠᠭᠠᠨ᠎ᠠ᠃ | ︵ᠭᠤᠷᠪᠠ︶ ᠰᠢᠶᠠᠩ ᠪᠠᠯᠭᠠᠰᠤ ᠶᠢᠨ ᠲᠥᠪᠯᠡᠷᠡᠭᠦᠯᠦᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠃ ᠱᠠᠬᠳᠠᠷ ᠪᠠᠯᠭᠠᠰᠤ ᠶᠢᠨ ᠲᠣᠭᠤᠷᠢᠭ ᠤᠨ | ᠳᠤᠯᠠᠭᠠᠯᠭ᠎ᠠ ᠶᠢ ᠡᠭᠦᠷᠭᠡᠯᠡᠵᠦ ᠪᠠᠶᠢᠭᠠᠵᠦ᠋ᠨ ᠢ ᠢᠯᠴᠢ ᠶᠢᠨ ᠴᠠᠬᠢᠯᠭᠠᠨ ᠤ ᠺᠣᠮᠫᠠᠨᠢ ᠵᠢᠴᠢ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ ᠤᠨ ᠲᠥᠪᠯᠡᠷᠡᠭᠦᠯᠦᠨ ᠢᠯᠴᠢ ᠬᠠᠩᠭᠠᠬᠤ ᠥᠷᠲᠡᠭᠡ ᠳᠤ ᠪᠠᠷᠤᠭ 90 ᠲᠦᠮᠡᠨ ᠲᠣᠨ ᠡᠩ ᠤᠨ ᠦᠨ᠎ᠡ ᠶᠢᠨ ᠨᠡᠭᠦᠷᠡᠰᠦ ᠬᠠᠩᠭᠠᠵᠤ ᠂ ᠦᠨ᠎ᠡ ᠨᠢ 180 | ᠲᠥᠭᠦᠷᠢᠭ/ ᠲᠣᠨ ᠪᠠᠶᠢᠵᠤ ᠂ ᠡᠯ᠎ᠡ ᠨᠡᠭᠦᠷᠡᠰᠦᠨ ᠠᠭᠤᠷᠬᠠᠢ ᠠᠴᠠ ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠬᠤᠪᠢᠶᠠᠷᠢᠯᠠᠭᠰᠠᠨ ᠡᠭᠦᠷᠭᠡ ᠶᠣᠰᠣᠭᠠᠷ ᠂ | ᠬᠤᠰᠢᠭᠤᠨ ᠤ ᠤᠯᠤᠰ ᠤᠨ ᠡᠳ᠋ ᠬᠥᠷᠥᠩᠭᠡ ᠶᠢᠨ ᠰᠢᠲᠠᠮᠠᠬᠠᠢ ᠬᠡᠢ ᠶᠢᠨ ᠢᠯᠴᠢ ᠶᠢᠨ ᠬᠦᠴᠦᠨ ᠤ ᠺᠣᠮᠫᠠᠨᠢ ᠠᠴᠠ ᠬᠤᠳᠠᠯᠳᠤᠨ ᠠᠪᠬᠤ ᠪᠠ ᠲᠡᠭᠡᠭᠡᠪᠦᠷᠢᠯᠡᠬᠦ ᠶᠢ | ᠬᠠᠷᠢᠭᠤᠴᠠᠨ᠎ᠠ ᠃ | ︵ ᠳᠥᠷᠪᠡ ︶ ᠨᠡᠭᠦᠷᠡᠰᠦ ᠬᠠᠩᠭᠠᠬᠤ ᠱᠠᠭᠠᠷᠳᠠᠯᠭ᠎ᠠ᠃ ᠵᠠᠷᠴᠢᠮ ᠳᠡᠭᠡᠷ᠎ᠡ ᠪᠠᠨ ᠵᠡᠭᠦᠨ ᠬᠡᠰᠡᠭ ᠤᠨ ᠭᠠᠵᠠᠷ ᠣᠷᠣᠨ ᠤ ᠨᠡᠭᠦᠷᠡᠰᠦᠨ ᠠᠭᠤᠷᠬᠠᠢ ᠶᠢᠨ ︽ ᠰᠡᠳᠬᠢᠯ ᠢ | ᠳᠤᠯᠠᠭᠠᠴᠠᠭᠤᠯᠬᠤ ᠨᠡᠭᠦᠷᠡᠰᠦ ︾ ᠶᠢᠨ ᠬᠠᠩᠭᠠᠯᠭ᠎ᠠ ᠶᠢᠨ ᠢᠯᠴᠢ ᠶᠢᠨ ᠬᠡᠮᠵᠢᠶ᠎ᠡ ᠶᠢ 4000 ᠺᠠᠯᠤᠷᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠪᠠᠷᠠᠭᠤᠨ | ᠬᠡᠰᠡᠭ ᠤᠨ ᠭᠠᠵᠠᠷ ᠣᠷᠣᠨ ᠤ ᠬᠠᠩᠭᠠᠯᠭ᠎ᠠ ᠶᠢ 4200 ᠺᠠᠯᠤᠷᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ ︔ ᠬᠤᠳᠳᠤᠭ ᠨᠡᠭᠦᠷᠡᠰᠦᠨ ᠠᠭᠤᠷᠬᠠᠢ ᠶᠢᠨ | ᠨᠡᠭᠦᠷᠡᠰᠦᠨ ᠬᠡᠰᠡᠭ ᠤᠨ ᠳ᠋ᠢᠶᠠᠮᠧᠲᠷ ᠢ 10 ᠰᠠᠨᠲ᠋ᠢᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠵᠠᠳᠠᠭᠠᠢ ᠨᠡᠭᠦᠷᠡᠰᠦᠨ ᠠᠭᠤᠷᠬᠠᠢ ᠶᠢᠨ ᠨᠡᠭᠦᠷᠡᠰᠦᠨ | ᠬᠡᠰᠡᠭ ᠤᠨ ᠳ᠋ᠢᠶᠠᠮᠧᠲᠷ ᠢ 20 ᠰᠠᠨᠲ᠋ᠢᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ ︔ ᠴᠢᠯᠠᠭᠤ ᠶᠢᠨ ᠠᠭᠤᠯᠤᠭᠳᠠᠴᠠ ᠶᠢ 4% ᠠᠴᠠ ᠳᠣᠣᠷ᠎ᠠ ᠪᠠᠶᠢᠯᠭᠠᠨ᠎ᠠ ᠃ | ᠢᠯᠴᠢ ᠶᠢᠨ ᠬᠡᠮᠵᠢᠶ᠎ᠡ ᠨᠢ ᠪᠠᠷᠢᠮᠵᠢᠶ᠎ᠠ ᠳᠤ ᠬᠦᠷᠬᠦ ᠦᠭᠡᠢ ᠨᠡᠭᠦᠷᠡᠰᠦᠨ ᠠᠭᠤᠷᠬᠠᠢ ᠳᠤ ᠂ ᠪᠣᠳᠠᠲᠠᠢ ᠲᠥᠰᠥᠭᠡᠯᠡᠨ ᠪᠤᠳᠤᠭᠰᠠᠨ ᠪᠠᠶᠢᠳᠠᠯ ᠢᠶᠠᠨ ᠦᠨᠳᠦᠰᠦᠯᠡᠨ᠂ | ᠭᠤᠣᠯᠴᠢ ᠪᠥᠭᠡᠳ ᠵᠦᠢ ᠵᠣᠬᠢᠰᠲᠠᠢ ᠪᠠᠶᠢᠬᠤ ᠵᠠᠷᠴᠢᠮ ᠢᠶᠠᠷ ᠬᠤᠪᠢᠶᠠᠷᠢᠯᠠᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠪᠠᠷ ᠳᠠᠮᠵᠢᠭᠤᠯᠤᠨ ᠵᠣᠬᠢᠰᠲᠠᠢ ᠲᠣᠬᠢᠷᠠᠭᠤᠯᠤᠨ᠎ᠠ᠃ | ᠨᠡᠭᠦᠷᠡᠰᠦᠨ ᠠᠭᠤᠷᠬᠠᠢ ᠶᠢᠨ ᠬᠠᠩᠭᠠᠭᠰᠠᠨ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠣᠯᠭᠤᠬᠤ ᠪᠠᠷᠢᠮᠵᠢᠶ᠎ᠠ ᠪᠠ ᠦᠨ᠎ᠡ ᠬᠠᠩᠰᠢ ᠶᠢᠨ ᠶᠣᠰᠣᠭᠠᠷ ᠨᠡᠮᠡᠭᠳᠡᠯ | ᠦᠷᠳᠡᠭ ᠤᠨ ᠭᠠᠶᠢᠯᠢ ᠶᠢᠨ ᠲᠤᠰᠬᠠᠢ ᠪᠠᠷᠢᠮᠲᠠ ᠶᠢ ᠪᠣᠳᠠᠲᠠᠢ ᠭᠠᠷᠭᠠᠨ᠎ᠠ᠃ | ︵ᠲᠠᠪᠤ︶ ᠨᠡᠭᠦᠷᠡᠰᠦᠨ ᠤ ᠴᠢᠨᠠᠷ ᠢ ᠪᠠᠲᠤᠯᠠᠬᠤ ᠃ ᠪᠥᠬᠦ ᠬᠤᠰᠢᠭᠤᠨ ᠤ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠬᠠᠩᠭᠠᠯᠭ᠎ᠠ ᠶᠢ ︽ ᠪᠠᠷᠢᠮᠵᠢᠶ᠎ᠠ | ᠨᠢᠭᠡᠳᠦᠯᠲᠡᠢ ᠂ ᠴᠢᠨᠠᠷ ᠰᠠᠶᠢᠲᠠᠢ ᠨᠢᠭᠡᠳᠦᠯᠲᠡᠢ ᠬᠠᠩᠭᠠᠬᠤ ︾ ᠵᠠᠷᠴᠢᠮ ᠶᠣᠰᠣᠭᠠᠷ ᠂ ᠬᠤᠰᠢᠭᠤᠨ ᠤ ᠡᠨᠧᠷᠭᠢ ᠶᠢᠨ ᠲᠣᠪᠴᠢᠶ᠎ᠠ ᠠᠴᠠ ᠶᠡᠷᠦᠩᠬᠡᠢ ᠬᠡᠷᠡᠭᠴᠡᠭᠡᠨ ᠤ | ᠬᠡᠮᠵᠢᠶ᠎ᠡ ᠶᠢ ᠦᠨᠳᠦᠰᠦᠯᠡᠨ ᠂ ᠪᠥᠬᠦ ᠬᠤᠰᠢᠭᠤᠨ ᠤ ᠦᠢᠯᠡᠳᠪᠦᠷᠢᠯᠡᠭᠰᠡᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠬᠦ ᠴᠢᠳᠠᠪᠤᠷᠢ ᠶᠢᠨ ᠶᠡᠭᠡ ᠪᠠᠭ᠎ᠠ ᠶᠢ | ᠦᠨᠳᠦᠰᠦᠯᠡᠨ ᠬᠠᠷᠢᠴᠠᠯ ᠶᠣᠰᠣᠭᠠᠷ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠬᠠᠩᠭᠠᠬᠤ ᠡᠭᠦᠷᠭᠡ ᠶᠢ ᠬᠤᠪᠢᠶᠠᠷᠢᠯᠠᠵᠤ ᠂ ᠬᠤᠰᠢᠭᠤᠨ ᠤ ᠭᠦᠸᠧ ᠰᠢᠩ | ᠡᠨᠧᠷᠭᠢ ᠶᠢᠨ ᠪᠦᠯᠦᠭᠯᠡᠯ ᠤᠨ ᠺᠣᠮᠫᠠᠨᠢ ᠠᠴᠠ ᠡᠯ᠎ᠡ ᠬᠠᠩᠭᠠᠯᠭ᠎ᠠ ᠶᠢᠨ ᠨᠡᠭᠦᠷᠡᠰᠦᠨ ᠠᠭᠤᠷᠬᠠᠢ ᠯᠤᠭ᠎ᠠ ᠨᠢᠭᠡᠳᠦᠯᠲᠡᠢ ᠲᠥᠯᠥᠪᠵᠢᠬᠦᠯᠤᠨ ᠬᠤᠳᠠᠯᠳᠤᠨ ᠠᠪᠴᠤ | ᠪᠣᠷᠣᠯᠠᠭᠤᠯᠤᠨ᠎ᠠ ᠃ ᠪᠥᠬᠦ ᠬᠤᠰᠢᠭᠤᠨ ᠤ ᠵᠡᠭᠦᠨ ᠪᠠᠷᠠᠭᠤᠨ ᠬᠡᠰᠡᠭ ᠤᠨ ᠡᠯ᠎ᠡ ᠨᠡᠭᠦᠷᠡᠰᠦᠨ ᠠᠭᠤᠷᠬᠠᠢ ᠶᠢᠨ ᠨᠡᠭᠦᠷᠡᠰᠦᠨ ᠤ ᠢᠯᠴᠢ ᠶᠢᠨ ᠬᠡᠮᠵᠢᠶ᠎ᠡ ᠨᠢ ᠵᠥᠷᠢᠶ᠎ᠡ ᠲᠠᠢ | ᠤᠴᠢᠷ ᠠᠴᠠ ᠰᠡᠳᠬᠢᠯ ᠢ ᠳᠤᠯᠠᠭᠠᠴᠠᠭᠤᠯᠬᠤ ᠨᠡᠭᠦᠷᠡᠰᠦᠨ ᠤ ᠴᠢᠨᠠᠷ ᠪᠠ ᠢᠯᠴᠢ ᠶᠢᠨ ᠬᠡᠮᠵᠢᠭᠳᠡᠯ ᠨᠢ ᠨᠢᠭᠡᠳᠦᠯᠲᠡᠢ ᠪᠠᠶᠢᠬᠤ ᠶᠢ ᠪᠠᠲᠤᠯᠠᠬᠤ ᠶᠢᠨ ᠲᠥᠯᠥᠭᠡ ᠂ | ᠬᠤᠰᠢᠭᠤᠨ ᠤ ᠭᠦᠸᠧ ᠰᠢᠩ ᠡᠨᠧᠷᠭᠢ ᠶᠢᠨ ᠪᠦᠯᠦᠭᠯᠡᠯ ᠤᠨ ᠺᠣᠮᠫᠠᠨᠢ ᠠᠴᠠ ᠨᠢᠭᠡᠳᠦᠯᠲᠡᠢ ᠬᠤᠳᠠᠯᠳᠤᠨ ᠠᠪᠤᠭᠰᠠᠨ ᠵᠡᠭᠦᠨ ᠬᠡᠰᠡᠭ ᠤᠨ ᠪᠠᠷᠢᠮᠵᠢᠶ᠎ᠠ ᠪᠠᠷ ᠨᠡᠯᠢᠶᠡᠳ | ᠳᠣᠣᠷ᠎ᠠ ᠨᠡᠭᠦᠷᠡᠰᠦ ᠶᠢ ᠪᠣᠷᠣᠯᠠᠭᠤᠯᠤᠭᠰᠠᠨ ᠤ ᠳᠠᠷᠠᠭ᠎ᠠ ᠂ ᠪᠠᠷᠠᠭᠤᠨ ᠬᠡᠰᠡᠭ ᠤᠨ ᠭᠠᠵᠠᠷ ᠣᠷᠣᠨ ᠤ ᠨᠠᠷᠢᠯᠢᠭ ᠰᠣᠩᠭᠤᠭᠰᠠᠨ ᠨᠡᠭᠦᠷᠡᠰᠦᠨ ᠠᠭᠤᠷᠬᠠᠢ ᠳᠤ ᠳᠠᠭᠢᠵᠤ | ᠰᠢᠨ᠎ᠡ ᠪᠠᠷ ᠬᠤᠳᠠᠯᠳᠤᠨ ᠠᠪᠴᠤ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠥᠪᠡᠰᠦᠪᠡᠨ ᠨᠡᠭᠦᠷᠡᠰᠦᠨ | ᠠᠭᠤᠷᠬᠠᠢ ᠠᠴᠠ ᠲᠡᠭᠡᠭᠡᠪᠦᠷᠢᠯᠡᠵᠦ ᠂ ᠰᠡᠳᠬᠢᠯ ᠢ ᠳᠤᠯᠠᠭᠠᠴᠠᠭᠤᠯᠬᠤ ᠨᠡᠭᠦᠷᠡᠰᠦᠨ ᠤ ᠬᠠᠩᠭᠠᠯᠭ᠎ᠠ ᠶᠢᠨ ᠡᠭᠦᠷᠭᠡ ᠶᠢ ᠪᠡᠶᠡᠯᠡᠭᠦᠯᠦᠨ᠎ᠡ ᠃ | ᠳᠥᠷᠪᠡ ᠂ ᠠᠵᠢᠯ ᠤᠨ ᠶᠠᠪᠤᠴᠠ | ︵ ᠨᠢᠭᠡ ︶ ᠤᠬᠠᠭᠤᠯᠭ᠎ᠠ ᠶᠢ ᠴᠢᠩᠭᠠᠳᠬᠠᠨ᠎ᠠ ᠃ ᠵᠢᠯ ᠪᠦᠷᠢ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ | ᠥᠷᠨᠢᠭᠦᠯᠬᠦ ᠠᠴᠠ ᠡᠮᠦᠨ᠎ᠡ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠲᠣᠰᠬᠤᠨ ᠨᠡᠶᠢᠭᠡᠮ ᠲᠣᠭᠤᠷᠢᠭ ᠤᠨ ᠬᠢᠨ ︽ | ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠂ ᠠᠷᠭ᠎ᠠ ᠬᠡᠮᠵᠢᠶ᠎ᠡ ᠶᠢ ᠪᠣᠳᠠᠲᠠᠢ ᠪᠠᠷ ᠤᠬᠠᠭᠤᠯᠵᠤ ᠂ ᠥᠷᠭᠡᠨ ᠣᠯᠠᠨ | ᠲᠦᠮᠡᠨ ᠳᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠤᠨ ᠂ ᠲᠥᠷᠥ ᠶᠢᠨ ᠪᠣᠳᠣᠯᠭ᠎ᠠ ᠶᠢ ᠡᠵᠡᠮᠰᠢᠭᠦᠯᠵᠦ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠂ ᠵᠣᠯ | ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ ᠂ ᠠᠷᠠᠳ ᠣᠯᠠᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠤᠨᠠ ᠃ | ︵ᠬᠤᠶᠠᠷ︶ ᠪᠠᠶᠢᠳᠠᠯ ᠢ ᠣᠶᠢᠯᠠᠭᠠᠵᠤ ᠪᠠᠶᠢᠴᠠᠭᠠᠨ᠎ᠠ ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠲᠣᠰᠬᠤᠨ ︵ ᠨᠡᠶᠢᠭᠡᠮ | ᠲᠣᠭᠤᠷᠢᠭ ︶ ᠢᠶᠠᠷ ᠨᠢᠭᠡᠴᠢ ᠪᠣᠯᠭᠠᠨ ᠂ ᠪᠣᠳᠠᠲᠠᠢ ᠰᠠᠭᠤᠷᠢᠰᠢᠵᠤ ᠪᠠᠶᠢᠭ᠎ᠠ ᠭᠠᠵᠠᠷ ᠤᠨ ᠵᠠᠷᠴᠢᠮ ᠶᠣᠰᠣᠭᠠᠷ ᠨᠠᠷᠢᠨ ᠲᠣᠳᠣᠷᠬᠠᠢ ᠣᠶᠢᠯᠠᠭᠠᠨ ᠵᠢᠭᠰᠠᠭᠠᠵᠤ | ᠪᠦᠷᠢᠳᠬᠡᠨ᠎ᠡ ᠂ ᠲᠤᠬᠠᠶᠢᠯᠠᠪᠠᠯ ᠪᠤᠰᠤᠳ ᠲᠣᠰᠬᠤᠨ ︵ ᠨᠡᠶᠢᠭᠡᠮ ᠲᠣᠭᠤᠷᠢᠭ ︶ ᠨᠢ ᠲᠣᠰ ᠲᠣᠰᠬᠤᠨ ︵ ᠨᠡᠶᠢᠭᠡᠮ ᠲᠣᠭᠤᠷᠢᠭ ︶ ᠳᠤ ᠰᠠᠭᠤᠷᠢᠰᠢᠵᠤ ᠪᠠᠶᠢᠪᠠᠯ ᠂ ᠲᠣᠰ | ᠲᠣᠰᠬᠤᠨ ︵ ᠨᠡᠶᠢᠭᠡᠮ ᠲᠣᠭᠤᠷᠢᠭ ︶ ᠳᠤ ᠨᠢᠭᠡᠳᠦᠯᠲᠡᠢ ᠣᠷᠣᠭᠤᠯᠵᠤ ᠂ ᠪᠦᠷᠢᠳᠬᠡᠭᠰᠡᠨ ᠦᠷ᠎ᠡ ᠳ᠋ᠦᠩ ᠢ ᠰᠠᠭᠤᠷᠢᠰᠢᠵᠤ ᠪᠠᠶᠢᠭ᠎ᠠ ᠲᠥᠪᠯᠡᠷᠡᠭᠰᠡᠨ ᠭᠠᠵᠠᠷ ᠲᠤ 3 | ᠡᠳᠦᠷ ᠵᠠᠷᠯᠠᠨ ᠨᠡᠶᠢᠲᠡᠯᠡᠵᠦ ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠨ᠎ᠠ ᠃ ᠢᠯᠡ ᠨᠡᠶᠢᠲᠡᠯᠡᠭᠡᠳ ᠣᠨᠳᠣᠣ ᠰᠠᠨᠠᠯ ᠦᠭᠡᠢ ᠪᠣᠯ ᠂ ᠲᠣᠰᠬᠤᠨ ︵ ᠨᠡᠶᠢᠭᠡᠮ | ᠲᠣᠭᠤᠷᠢᠭ ︶ ᠤ ᠳᠠᠷᠤᠭ᠎ᠠ ︵ ᠳᠤᠤᠷᠵᠢᠭᠤᠯᠤᠬᠴᠢ ᠶᠢᠨ ᠠᠵᠢᠯᠲᠠᠨ ︶ ᠪᠠᠷ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ ᠲᠣᠰᠬᠤᠨ ︵ ᠰᠠᠭᠤᠭᠠᠯᠢ ᠠᠷᠠᠳ ︶ ᠤ | ᠵᠥᠪᠯᠡᠯ ᠳᠤ ᠮᠡᠳᠡᠭᠦᠯᠵᠦ ᠂ ᠲᠣᠰᠬᠤᠨ ︵ ᠰᠠᠭᠤᠭᠠᠯᠢ ᠠᠷᠠᠳ ︶ ᠤ ᠵᠥᠪᠯᠡᠯ ᠠᠴᠠ ᠳᠡᠭᠡᠭᠰᠢ ᠮᠡᠳᠡᠭᠦᠯᠦᠭᠰᠡᠨ ᠪᠠᠶᠢᠴᠠᠭᠠᠨ ᠵᠢᠭᠰᠠᠭᠠᠭᠰᠠᠨ ᠦᠷ᠎ᠡ ᠳ᠋ᠦᠩ ᠢ | ᠬᠤᠷᠢᠶᠠᠩᠭᠤᠶᠢᠯᠠᠬᠤ ᠶᠢᠨ ᠬᠠᠮᠲᠤ ᠬᠢᠨᠠᠨ ᠪᠠᠶᠢᠴᠠᠭᠠᠵᠤ ᠪᠣᠭᠤᠮᠲᠠ ᠰᠠᠬᠢᠭᠰᠠᠨ ᠤ ᠳᠠᠷᠠᠭ᠎ᠠ ᠂ ᠲᠣᠰᠬᠤᠨ ︵ ᠨᠡᠶᠢᠭᠡᠮ ᠲᠣᠭᠤᠷᠢᠭ ︶ ᠤ ᠱᠠᠲᠤᠨ ᠤ ᠵᠢᠭᠰᠠᠭᠠᠯ ᠤᠨ | ᠭᠠᠵᠠᠷ ᠤᠨ ᠢᠯᠡ ᠨᠡᠶᠢᠲᠡᠯᠡᠬᠦ ᠪᠤᠯᠤᠩ ᠳᠤ 3 ᠡᠳᠦᠷ ᠢᠯᠡ ᠨᠡᠶᠢᠲᠡᠯᠡᠵᠦ ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ ᠃ ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠣ | ᠰᠠᠨᠠᠯ ᠦᠭᠡᠢ ᠪᠣᠯ ᠂ ᠲᠣᠰᠬᠤᠨ ᠤ ᠨᠠᠮ ᠤᠨ ᠡᠭᠦᠷ ᠤᠨ ᠱᠦᠵᠢ ︵ ᠨᠡᠶᠢᠭᠡᠮ ᠲᠣᠭᠤᠷᠢᠭ ᠤᠨ ᠱᠦᠵᠢ ︶ ᠪᠠᠷ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠭᠦᠯᠯᠤᠨᠠ ᠃ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠶᠢᠨ ᠠᠵᠢᠯ ᠢ ᠳᠠᠭᠤᠰᠬᠠᠨ᠎ᠠ ᠃ | ︵ ᠭᠤᠷᠪᠠ ︶ ᠪᠦᠷᠢᠳᠬᠡᠵᠦ ᠬᠤᠷᠢᠶᠠᠩᠭᠤᠶᠢᠯᠠᠨ᠎ᠠ ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠡᠯ᠎ᠡ ᠲᠣᠰᠬᠤᠨ ︵ | ᠨᠡᠶᠢᠭᠡᠮ ᠲᠣᠭᠤᠷᠢᠭ ︶ ᠤ ᠳᠡᠭᠡᠭᠰᠢ ᠮᠡᠳᠡᠭᠦᠯᠦᠭᠰᠡᠨ ᠪᠠᠶᠢᠳᠠᠯ ᠢ ᠣᠶᠢᠯᠠᠭᠠᠵᠤ ᠪᠠᠶᠢᠴᠠᠭᠠᠬᠰᠠᠨ ᠦᠷ᠎ᠡ ᠳ᠋ᠦᠩ ᠢ ᠬᠤᠷᠢᠶᠠᠩᠭᠤᠶᠢᠯᠠᠨ ᠬᠢᠨᠠᠨ ᠬᠠᠷᠭᠤᠭᠤᠯᠵᠤ ᠂ ᠪᠤᠰᠤᠳ | ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠣᠰ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ | ᠰᠠᠭᠤᠷᠢᠰᠢᠵᠤ ᠪᠠᠶᠢᠭ᠎ᠠ ᠲᠠᠷᠢᠶᠠᠴᠢᠨ ᠡᠷᠦᠬᠡ ᠶᠢ ᠬᠠᠷᠢᠯᠴᠠᠨ ᠪᠢᠴᠢᠭ ᠢᠶᠠᠷ ᠨᠤᠲᠠᠯᠠᠬᠤ ᠶᠢᠨ ᠬᠠᠮᠲᠤ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠨᠡᠶᠢᠲᠡᠯᠡᠬᠦ ᠰᠠᠮᠪᠠᠷ᠎ᠠ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠳᠡᠭᠡᠷ᠎ᠡ 7 ᠡᠳᠦᠷ ᠵᠠᠷᠯᠠᠨ ᠨᠡᠶᠢᠲᠡᠯᠡᠵᠦ ᠂ ᠨᠡᠶᠢᠭᠡᠮ ᠤᠨ ᠬᠢᠨᠠᠯᠲᠠ ᠶᠢ | ᠥᠷᠭᠡᠨ ᠢᠶᠠᠷ ᠬᠦᠯᠢᠶᠡᠵᠦ ᠂ ᠣᠨᠳᠣᠣ ᠰᠠᠨᠠᠯ ᠦᠭᠡᠢ ᠪᠣᠯ ᠭᠤᠣᠯ ᠤᠳᠤᠷᠢᠳᠤᠯᠭ᠎ᠠ ᠪᠠᠷ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ ᠬᠤᠰᠢᠭᠤᠨ ᠤ | ᠡᠨᠧᠷᠭᠢ ᠶᠢᠨ ᠲᠣᠪᠴᠢᠶ᠎ᠠ ᠳᠤ ᠮᠡᠳᠡᠭᠦᠯᠦᠨ᠎ᠡ ᠃ 7 ᠰᠠᠷ᠎ᠠ ᠶᠢᠨ 10 ᠤ ᠡᠳᠦᠷ ᠠᠴᠠ ᠡᠮᠦᠨ᠎ᠡ ᠲᠤᠭ᠎ᠠ ᠪᠦᠷᠢᠳᠬᠡᠯ ᠢ ᠳᠡᠭᠡᠭᠰᠢ ᠮᠡᠳᠡᠭᠦᠯᠬᠦ ᠠᠵᠢᠯ ᠢ ᠳᠠᠭᠤᠰᠬᠠᠨ᠎ᠠ ᠃ | | ︵ᠳᠥᠷᠪᠡ︶ ᠵᠠᠷᠤᠳᠠᠯ ᠢ ᠤᠷᠢᠳᠴᠢᠯᠠᠨ ᠬᠤᠷᠢᠶᠠᠨ᠎ᠠ ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠪᠠᠶᠢᠳᠠᠯ ᠢ | ᠤᠶᠢᠯᠠᠭᠠᠵᠤ ᠪᠠᠶᠢᠴᠠᠭᠠᠬᠰᠠᠨ ᠢ ᠬᠤᠷᠢᠶᠠᠩᠭᠤᠶᠢᠯᠠᠭᠰᠠᠨ ᠦᠷ᠎ᠡ ᠳ᠋ᠦᠩ ᠢ ᠦᠨᠳᠦᠰᠦᠯᠡᠨ ᠂ ᠪᠠᠶᠢᠩᠭᠤ ᠰᠠᠭᠤᠭ᠎ᠠ ᠲᠠᠷᠢᠶᠠᠴᠢᠳ ᠠᠴᠠ ᠡᠷᠦᠬᠡ ᠪᠦᠷᠢ ᠳᠤ 200 | ᠲᠥᠭᠦᠷᠢᠭ ︵ 2 ᠲᠣᠨ ×100 ᠲᠥᠭᠦᠷᠢᠭ/ ᠲᠣᠨ ︶ ᠢᠶᠠᠷ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠬᠤᠳᠠᠯᠳᠤᠨ ᠠᠪᠬᠤ ᠵᠠᠷᠤᠳᠠᠯ ᠢ ᠤᠷᠢᠳᠴᠢᠯᠠᠨ | ᠬᠤᠷᠢᠶᠠᠬᠤ ᠶᠢᠨ ᠬᠠᠮᠲᠤ ᠂ ᠬᠤᠰᠢᠭᠤᠨ ᠤ ᠭᠦᠸᠧ ᠰᠢᠩ ᠡᠨᠧᠷᠭᠢ ᠶᠢᠨ ᠪᠦᠯᠦᠭᠯᠡᠯ ᠤᠨ ᠺᠣᠮᠫᠠᠨᠢ ᠳᠤ ᠲᠤᠰᠢᠶᠠᠵᠤ ᠨᠢᠭᠡᠳᠦᠯᠲᠡᠢ ᠬᠤᠳᠠᠯᠳᠤᠨ ᠠᠪᠤᠨ᠎ᠠ ᠃ | ᠤᠷᠢᠳᠴᠢᠯᠠᠨ ᠬᠤᠷᠢᠶᠠᠬᠤ ᠵᠠᠷᠤᠳᠠᠯ ᠢ ᠪᠠᠶᠢᠳᠠᠯ ᠢ ᠤᠶᠢᠯᠠᠭᠠᠵᠤ ᠪᠠᠶᠢᠴᠠᠭᠠᠬᠤ ᠶᠠᠪᠤᠴᠠ ᠳᠤ ᠬᠠᠮᠲᠤ ᠳᠤᠨᠢ ᠶᠠᠪᠤᠭᠳᠠᠭᠤᠯᠵᠤ ᠪᠣᠯᠣᠨ᠎ᠠ᠃ 7 ᠰᠠᠷ᠎ᠠ ᠶᠢᠨ 20 ᠤ | ᠡᠳᠦᠷ ᠠᠴᠠ ᠡᠮᠦᠨ᠎ᠡ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢ ᠬᠤᠳᠠᠯᠳᠤᠨ ᠠᠪᠬᠤ ᠵᠠᠷᠤᠳᠠᠯ ᠢ ᠤᠷᠢᠳᠴᠢᠯᠠᠨ ᠬᠤᠷᠢᠶᠠᠬᠤ ᠠᠵᠢᠯ ᠢ ᠳᠠᠭᠤᠰᠬᠠᠨ᠎ᠠ ᠃ | ︵ ᠲᠠᠪᠤ ︶ ᠨᠡᠭᠦᠷᠡᠰᠦᠨ ᠤ ᠢᠷᠡᠯᠲᠡ ᠶᠢ ᠨᠠᠶᠢᠳᠠᠪᠤᠷᠢᠵᠢᠭᠤᠯᠤᠨ᠎ᠠ ᠃ ᠬᠤᠰᠢᠭᠤᠨ ᠤ ᠡᠨᠧᠷᠭᠢ ᠶᠢᠨ ᠲᠣᠪᠴᠢᠶ᠎ᠠ ᠨᠢ ᠡᠯ᠎ᠡ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠳᠡᠭᠡᠭᠰᠢ ᠮᠡᠳᠡᠭᠦᠯᠦᠭᠰᠡᠨ ᠪᠠᠶᠢᠴᠠᠭᠠᠵᠤ ᠭᠠᠷᠭᠠᠭᠰᠠᠨ ᠦᠷ᠎ᠡ ᠳ᠋ᠦᠩ ᠢ ᠬᠤᠷᠢᠶᠠᠩᠭᠤᠶᠢᠯᠠᠬᠤ ᠶᠢᠨ ᠬᠠᠮᠲᠤ ᠂ | ᠬᠤᠷᠢᠶᠠᠩᠭᠤᠶᠢᠯᠠᠭᠰᠠᠨ ᠦᠷ᠎ᠡ ᠳ᠋ᠦᠩ ᠢᠶᠠᠷ ᠨᠢ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢᠨ ᠬᠠᠩᠭᠠᠯᠭ᠎ᠠ ᠶᠢᠨ ᠡᠭᠦᠷᠭᠡ ᠶᠢ ᠡᠯ᠎ᠡ ᠨᠡᠭᠦᠷᠡᠰᠦᠨ ᠠᠭᠤᠷᠬᠠᠢ ᠳᠤ | ᠬᠤᠪᠢᠶᠠᠷᠢᠯᠠᠨ᠎ᠠ ︔ ᠨᠡᠭᠦᠷᠡᠰᠦᠨ ᠤ ᠢᠷᠡᠯᠳᠡ ᠶᠢ ᠬᠤᠪᠢᠶᠠᠷᠢᠯᠠᠬᠤ ᠠᠴᠠ ᠡᠮᠦᠨ᠎ᠡ ᠂ ᠪᠦᠭᠦ ᠬᠤᠰᠢᠭᠤᠨ ᠤ ᠨᠡᠭᠦᠷᠡᠰᠦᠨ ᠠᠭᠤᠷᠬᠠᠢ ᠶᠢᠨ ᠨᠡᠭᠦᠷᠡᠰᠦᠨ ᠤ ᠴᠢᠨᠠᠷ ᠤᠨ | ᠪᠠᠶᠢᠳᠠᠯ ᠳᠤ ᠪᠦᠭᠦ ᠲᠠᠯ᠎ᠠ ᠶᠢᠨ ᠪᠠᠶᠢᠴᠠᠭᠠᠯᠲᠠ ᠬᠢᠵᠦ ᠂ ᠱᠠᠭᠠᠷᠳᠠᠯᠭ᠎ᠠ ᠳᠤ ᠨᠡᠶᠢᠴᠡᠬᠦ ᠦᠭᠡᠢ ᠨᠡᠭᠦᠷᠡᠰᠦᠨ ᠠᠭᠤᠷᠬᠠᠢ ᠳᠤ ᠰᠡᠳᠬᠢᠯ ᠢ ᠳᠤᠯᠠᠭᠠᠴᠠᠭᠤᠯᠬᠤ | ᠨᠡᠭᠦᠷᠡᠰᠦ ᠶᠢᠨ ᠡᠭᠦᠷᠭᠡ ᠶᠢ ᠬᠤᠪᠢᠶᠠᠷᠢᠯᠠᠵᠤ ᠥᠭᠬᠦ ᠦᠭᠡᠢ ᠂ ᠱᠠᠭᠠᠷᠳᠠᠯᠭ᠎ᠠ ᠳᠤ ᠨᠡᠶᠢᠴᠡᠪᠡᠯ ᠲᠥᠯᠥᠪᠯᠡᠭᠡ ᠶᠣᠰᠣᠭᠠᠷ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢᠨ | ᠡᠭᠦᠷᠭᠡ ᠶᠢ ᠬᠤᠪᠢᠶᠠᠷᠢᠯᠠᠬᠤ ᠶᠢᠨ ᠬᠠᠮᠲᠤ ᠲᠣᠳᠣᠷᠬᠠᠢ ᠺᠠᠷᠲ ᠵᠣᠬᠢᠶᠠᠵᠤ ᠂ ᠨᠡᠭᠦᠷᠡᠰᠦᠨ ᠤ ᠢᠷᠡᠯᠳᠡ ᠶᠢᠨ ᠭᠠᠵᠠᠷ ᠂ ᠨᠡᠭᠦᠷᠡᠰᠦᠨ ᠤ ᠴᠢᠨᠠᠷ ᠂ ᠬᠤᠪᠢᠶᠠᠷᠢᠯᠠᠬᠤ | ᠡᠭᠦᠷᠭᠡ ᠵᠡᠷᠭᠡ ᠠᠭᠤᠯᠭ᠎ᠠ ᠶᠢ ᠵᠠᠷᠯᠠᠨ ᠨᠡᠶᠢᠲᠡᠯᠡᠨ᠎ᠡ ︔ ᠬᠤᠰᠢᠭᠤᠨ ᠤ ᠡᠨᠧᠷᠭᠢ ᠶᠢᠨ ᠲᠣᠪᠴᠢᠶ᠎ᠠ ᠨᠢ ᠬᠡᠰᠡᠭ ᠲᠣᠭᠤᠷᠢᠭ ᠪᠤᠯᠭᠠᠨ ᠳᠤ ᠲᠣᠰ ᠲᠣᠰ 2 | ᠬᠥᠮᠥᠨ ᠠᠴᠠ ᠳᠤᠲᠠᠭᠤ ᠦᠭᠡᠢ ᠬᠥᠮᠥᠨ ᠲᠣᠬᠢᠷᠠᠭᠤᠯᠵᠤ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠵᠢᠴᠢ ᠡᠯ᠎ᠡ | ᠨᠡᠭᠦᠷᠡᠰᠦᠨ ᠠᠭᠤᠷᠬᠠᠢ ᠯᠤᠭ᠎ᠠ ᠡᠳᠦᠷ ᠲᠤᠲᠤᠮ ᠤᠨ ᠨᠡᠪᠲᠡᠷᠡᠯᠴᠡᠵᠦ ᠵᠣᠯᠭᠠᠭᠤᠯᠬᠤ ᠠᠵᠢᠯ ᠢ ᠲᠦᠷᠦᠭᠦᠯᠡᠨ ᠬᠠᠷᠢᠭᠤᠴᠠᠨ᠎ᠠ ᠃ ᠡᠯ᠎ᠡ ᠰᠤᠮᠤ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠲᠣᠰᠬᠤᠨ ᠬᠤᠷᠰᠢᠶ᠎ᠠ ᠶᠢᠨ ᠳᠠᠷᠤᠭ᠎ᠠ ︵ ᠨᠡᠶᠢᠭᠡᠮ ᠲᠣᠭᠤᠷᠢᠭ ᠤᠨ ᠱᠦᠵᠢ ︶ ᠂ ᠲᠣᠰᠬᠤᠨ ᠤ ︵ | ᠰᠠᠭᠤᠭᠠᠯᠢ ︶ ᠠᠷᠠᠳ ᠤᠨ ᠲᠥᠯᠥᠭᠡᠯᠡᠭᠴᠢ ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠲᠣᠮᠢᠯᠠᠨ ᠰᠠᠭᠤᠯᠭᠠᠭᠰᠠᠨ ᠰᠠᠬᠢᠯᠭ᠎ᠠ | ᠪᠠᠲᠤ ᠪᠠᠶᠢᠴᠠᠭᠠᠬᠤ ᠳᠤᠭᠤᠶᠢᠯᠠᠩ ᠂ ᠬᠤᠰᠢᠭᠤᠨ ᠤ ᠭᠦᠸᠧ ᠰᠢᠩ ᠡᠨᠧᠷᠭᠢ ᠶᠢᠨ ᠪᠦᠯᠦᠭᠯᠡᠯ ᠤᠨ ᠺᠣᠮᠫᠠᠨᠢ ᠶᠢᠨ ᠠᠵᠢᠯᠲᠠᠨ ᠪᠠ ᠨᠡᠭᠦᠷᠡᠰᠦᠨ ᠠᠭᠤᠷᠬᠠᠢ ᠶᠢᠨ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠲᠤᠨᠢ ᠥᠯᠢᠭᠡᠷ ᠶᠠᠩᠵᠤ ᠠᠪᠴᠤ ᠲᠤᠰᠬᠠᠢ ᠪᠠᠶᠢᠭᠤᠯᠤᠮᠵᠢ ᠳᠤ ᠬᠦᠷᠭᠡᠵᠦ ᠨᠡᠭᠦᠷᠡᠰᠦᠨ ᠤ | ᠴᠢᠨᠠᠷ ᠢ ᠰᠢᠨᠵᠢᠯᠡᠨ ᠰᠢᠯᠭᠠᠵᠤ ᠂ ᠰᠢᠨᠵᠢᠯᠡᠨ ᠰᠢᠯᠭᠠᠭᠰᠠᠨ ᠦᠷ᠎ᠡ ᠳ᠋ᠦᠩ ᠨᠢ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠵᠣᠬᠢᠶᠠᠨ ᠪᠠᠶᠢᠭᠤᠯᠤᠨ ᠬᠤᠳᠠᠯᠳᠤᠨ ᠠᠪᠴᠤ | ᠲᠡᠭᠡᠭᠡᠪᠦᠷᠢᠯᠡᠵᠦ ᠪᠣᠯᠣᠨ᠎ᠠ ᠃ ᠨᠡᠭᠦᠷᠡᠰᠦᠨ ᠤ ᠢᠷᠡᠯᠲᠡ ᠶᠢ ᠨᠠᠶᠢᠳᠠᠪᠤᠷᠢᠵᠢᠭᠤᠯᠬᠤ ᠪᠠ ᠢᠯᠡ ᠨᠡᠶᠢᠲᠡᠯᠡᠬᠦ ᠠᠵᠢᠯ ᠢ 7 ᠰᠠᠷ᠎ᠠ ᠶᠢᠨ 31 ᠤ ᠡᠳᠦᠷ ᠠᠴᠠ ᠡᠮᠦᠨ᠎ᠡ | ᠪᠡᠶᠡᠯᠡᠭᠦᠯᠦᠨ᠎ᠡ ᠃ | ︵ᠵᠢᠷᠭᠤᠭ᠎ᠠ︶ ᠵᠥᠭᠡᠭᠡᠪᠦᠷᠢ ᠶᠢᠨ ᠠᠵᠢᠯ ᠢ ᠵᠣᠬᠢᠶᠠᠨ ᠪᠠᠶᠢᠭᠤᠯᠤᠨ᠎ᠠ ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ | ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠬᠤᠪᠢᠶᠠᠷᠢᠯᠠᠭᠰᠠᠨ ᠨᠡᠭᠦᠷᠡᠰᠦᠨ ᠤ ᠢᠷᠡᠯᠲᠡ ᠶᠢᠨ ᠡᠭᠦᠷᠭᠡ ᠪᠠᠷ ᠬᠤᠰᠢᠭᠤᠨ ᠤ ᠭᠦᠸᠧ ᠰᠢᠩ ᠡᠨᠧᠷᠭᠢ ᠶᠢᠨ | ᠪᠦᠯᠦᠭᠯᠡᠯ ᠤᠨ ᠺᠣᠮᠫᠠᠨᠢ ᠲᠠᠢ ᠢᠳᠡᠪᠬᠢᠲᠡᠢ ᠵᠣᠯᠭᠠᠭᠤᠯᠬᠤ ᠶᠢᠨ ᠬᠠᠮᠲᠤ ᠵᠥᠭᠡᠭᠡᠪᠦᠷᠢ ᠶᠢᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ ᠂ ᠵᠥᠭᠡᠭᠡᠪᠦᠷᠢ ᠶᠢᠨ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢ ᠵᠦᠭᠡᠭᠡᠪᠤᠷᠢᠯᠡᠵᠤ ᠬᠠᠷᠢᠶ᠎ᠠ ᠲᠣᠰᠬᠤᠨ ᠬᠤᠷᠰᠢᠶ᠎ᠠ ︵ ᠨᠡᠶᠢᠭᠡᠮ ᠲᠣᠭᠤᠷᠢᠭ ︶ | ᠶᠢᠨ ᠲᠠᠷᠢᠶᠠᠴᠢᠨ ᠡᠷᠦᠬᠡ ᠳᠤ ᠬᠤᠪᠢᠶᠠᠷᠢᠯᠠᠨ᠎ᠠ ᠃ ᠵᠦᠭᠡᠭᠡᠪᠤᠷᠢᠯᠡᠬᠦ ᠠᠴᠠ ᠡᠮᠦᠨ᠎ᠡ ᠂ ᠨᠡᠭᠦᠷᠡᠰᠦᠨ ᠠᠭᠤᠷᠬᠠᠢ ᠪᠣᠯᠣᠨ ᠬᠤᠰᠢᠭᠤᠨ ᠤ ᠭᠦᠸᠧ ᠰᠢᠩ ᠡᠨᠧᠷᠭᠢ ᠶᠢᠨ | ᠪᠦᠯᠦᠭᠯᠡᠯ ᠤᠨ ᠺᠣᠮᠫᠠᠨᠢ ᠨᠢ ᠬᠠᠷᠠᠭᠠᠯᠵᠠᠭᠰᠠᠨ ᠲᠣᠰᠬᠤᠨ ︵ ᠰᠠᠭᠤᠭᠠᠯᠢ ᠠᠷᠠᠳ ︶ ᠤ ᠵᠥᠪᠯᠡᠯ ᠳᠤ ᠨᠡᠭᠦᠷᠡᠰᠦᠨ ᠤ ᠴᠢᠨᠠᠷ ᠢ ᠰᠢᠨᠵᠢᠯᠡᠨ ᠰᠢᠯᠭᠠᠭᠰᠠᠨ ᠬᠠᠭᠤᠳᠠᠰᠤ ᠶᠢ | ᠬᠠᠩᠭᠠᠬᠤ ᠶᠢᠨ ᠬᠠᠮᠲᠤ ᠲᠣᠰᠬᠤᠨ ᠬᠤᠷᠰᠢᠶ᠎ᠠ ᠶᠢᠨ ᠳᠠᠷᠤᠭ᠎ᠠ ︵ ᠨᠡᠶᠢᠭᠡᠮ ᠲᠣᠭᠤᠷᠢᠭ ᠤᠨ ᠱᠦᠵᠢ ︶ ᠵᠢᠴᠢ ᠲᠣᠰᠬᠤᠨ ︵ ᠰᠠᠭᠤᠭᠠᠯᠢ ᠠᠷᠠᠳ ︶ ᠤ | ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠦᠵᠡᠵᠦ ᠨᠤᠲᠠᠯᠠᠨ᠎ᠠ ᠃ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢ | ᠠᠭᠤᠷᠬᠠᠢ ᠠᠴᠠ ᠵᠥᠭᠡᠭᠡᠪᠦᠷᠢᠯᠡᠨ ᠭᠠᠷᠭᠠᠬᠤ ᠠᠴᠠ ᠡᠮᠦᠨ᠎ᠡ ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠲᠣᠮᠢᠯᠠᠨ | ᠰᠠᠭᠤᠯᠭᠠᠭᠰᠠᠨ ᠨᠡᠭᠦᠷᠡᠰᠦᠨ ᠠᠭᠤᠷᠬᠠᠢ ᠶᠢᠨ ᠬᠠᠷᠢᠭᠤᠴᠠᠯᠭᠠᠲᠠᠨ ᠪᠠᠨᠡᠬᠦᠷᠡᠰᠤ ᠵᠦᠭᠡᠭᠡᠪᠤᠷᠢᠯᠡᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠢ ᠬᠤᠰᠢᠭᠤᠨ ᠤ | ᠡᠨᠧᠷᠭᠢ ᠶᠢᠨ ᠲᠣᠪᠴᠢᠶ᠎ᠠ ᠶᠢᠨ ᠨᠢᠭᠡᠳᠦᠯᠲᠡᠢ ᠳᠠᠷᠤᠮᠠᠯᠯᠠᠭᠰᠠᠨ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢ ᠨᠤᠲᠠᠯᠠᠬᠤ ᠬᠠᠭᠤᠳᠠᠰᠤ ︾ ᠪᠠ ︽ ᠰᠡᠳᠬᠢᠯ ᠢ | ᠳᠤᠯᠠᠭᠠᠴᠠᠭᠤᠯᠬᠤ ᠨᠡᠭᠦᠷᠡᠰᠦ ᠶᠢ ᠵᠥᠭᠡᠭᠡᠪᠦᠷᠢᠯᠡᠬᠦ ᠬᠠᠭᠤᠳᠠᠰᠤ ︾ ᠳᠤ ᠭᠠᠷ ᠤᠨ ᠥᠰᠥᠭ ᠵᠢᠷᠤᠵᠤ ᠂ ︽ ᠨᠢᠭᠡ ᠨᠢᠭᠡ ᠳᠡᠷᠭᠡ ᠪᠠᠷ ᠬᠠᠷᠭᠤᠭᠤᠯᠵᠤ ᠨᠤᠲᠠᠯᠠᠬᠤ ︾ ᠶᠢ | ᠪᠡᠶᠡᠯᠡᠭᠦᠯᠵᠦ ᠂ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠠᠭᠤᠷᠬᠠᠢ ᠠᠴᠠ ᠭᠠᠷᠭᠠᠬᠤ ᠶᠢ ᠨᠤᠲᠠᠯᠠᠨ᠎ᠠ ᠃ ᠵᠥᠭᠡᠭᠡᠪᠦᠷᠢ ᠶᠢᠨ ᠲᠡᠷᠭᠡ ᠳᠤ GPS ᠪᠠᠶᠢᠷᠢ ᠲᠣᠭᠲᠠᠭᠠᠬᠤ | ᠰᠢᠰᠲ᠋ᠧᠮ ᠢ ᠨᠢᠭᠡᠳᠦᠯᠲᠡᠢ ᠪᠠᠶᠢᠷᠢᠯᠠᠭᠤᠯᠵᠤ ᠂ ᠲᠡᠷᠭᠡ ᠶᠢᠨ ᠲᠣᠭᠲᠠᠭᠰᠠᠨ ᠵᠠᠮ ᠱᠤᠭᠤᠮ ᠢᠶᠠᠷ ᠶᠠᠪᠤᠬᠤ ᠶᠢ ᠦᠨᠡᠨᠬᠦ ᠪᠠᠲᠤᠯᠠᠵᠤ ᠂ ᠲᠣᠭᠲᠠᠭᠠᠯ ᠠᠴᠠ ᠵᠥᠷᠢᠴᠡᠨ | ᠰᠠᠷᠢᠭᠠᠯᠠᠬᠤ ᠶᠢ ᠰᠡᠷᠭᠡᠶᠢᠯᠡᠨ᠎ᠠ ᠃ ᠬᠤᠰᠢᠭᠤᠨ ᠤ ᠡᠨᠧᠷᠭᠢ ᠶᠢᠨ ᠲᠣᠪᠴᠢᠶ᠎ᠠ ᠠᠴᠠ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢ ᠵᠥᠭᠡᠭᠡᠪᠦᠷᠢᠯᠡᠬᠦ | ᠵᠥᠭᠡᠭᠡᠪᠦᠷᠢ ᠶᠢᠨ ᠬᠠᠭᠤᠳᠠᠰᠤ ︾ ᠶᠢ ᠨᠢᠭᠡᠳᠦᠯᠲᠡᠢ ᠳᠠᠷᠤᠮᠠᠯᠯᠠᠨ ᠵᠣᠬᠢᠶᠠᠵᠤ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ | ᠬᠢᠨ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢᠨ ᠬᠡᠷᠡᠭᠴᠡᠭᠡ ᠶᠢᠨ ᠶᠡᠷᠦᠩᠬᠡᠢ ᠬᠡᠮᠵᠢᠶ᠎ᠡ ᠶᠢ ᠦᠨᠳᠦᠰᠦᠯᠡᠨ ᠭᠤᠶᠤᠴᠢᠯᠠᠨ ᠠᠪᠴᠤ ᠂ ᠨᠡᠭᠦᠷᠡᠰᠦ ᠵᠥᠭᠡᠭᠡᠪᠦᠷᠢᠯᠡᠬᠦ | ᠲᠡᠷᠭᠡᠨ ᠤ ᠵᠢᠯᠣᠭᠤᠴᠢ ᠬᠠᠭᠤᠳᠠᠰᠤ ᠶᠢ ᠠᠪᠴᠤ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠲᠤᠰᠢᠶᠠᠵᠤ ᠨᠢᠭᠡᠳᠦᠯᠲᠡᠢ | ᠴᠤᠭᠯᠠᠭᠤᠯᠤᠨ ᠬᠤᠷᠢᠶᠠᠩᠭᠤᠶᠢᠯᠠᠭᠤᠯᠤᠨ᠎ᠠ ᠃ 9 ᠰᠠᠷ᠎ᠠ ᠶᠢᠨ 20 ᠤ ᠡᠳᠦᠷ ᠠᠴᠠ ᠡᠮᠦᠨ᠎ᠡ ᠵᠦᠭᠡᠭᠡᠪᠤᠷᠢ ᠶᠢᠨ ᠠᠵᠢᠯ ᠢ ᠳᠠᠭᠤᠰᠬᠠᠨ᠎ᠠ ᠃ | ︵ᠲᠤᠯᠤᠭ᠎ᠠ︶ ᠡᠷᠤᠭᠡ ᠳᠤ ᠬᠤᠪᠢᠶᠠᠷᠢᠯᠠᠵᠤ ᠥᠭᠭᠦᠨ᠎ᠡ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ | ᠲᠠᠷᠢᠶᠠᠴᠢᠳ ᠲᠤ ︽ ᠰᠡᠳᠬᠢᠯ ᠳᠤᠯᠠᠭᠠᠴᠠᠭᠤᠯᠬᠤ ᠨᠡᠭᠦᠷᠡᠰᠦ ︾ ᠬᠤᠪᠢᠶᠠᠷᠢᠯᠠᠬᠤ ᠳᠠᠭᠠᠨ ᠂ ︽ ᠵᠢᠩᠯᠡᠭᠦᠷ ᠢᠶᠠᠷ ᠵᠢᠩᠯᠡᠵᠤ ᠂ ᠭᠠᠷ ᠤᠨ ᠥᠰᠥᠭ ᠵᠢᠷᠤᠵᠤ ᠨᠤᠲᠠᠯᠠᠬᠤ ︾ | ᠵᠠᠷᠴᠢᠮ ᠢ ᠪᠠᠷᠢᠮᠲᠠᠯᠠᠵᠤ ᠂ ᠲᠤᠭ᠎ᠠ ᠨᠤᠷᠮ᠎ᠠ ᠠᠴᠠ ᠬᠡᠲᠦᠷᠡᠭᠦᠯᠦᠨ ᠳᠠᠷᠬᠠᠭᠠᠬᠤ ᠂ ᠵᠢᠩ ᠯᠠᠩ ᠳᠤᠲᠠᠭᠤᠯᠬᠤ ᠶᠢ ᠴᠢᠩᠭ᠎ᠠ ᠴᠠᠭᠠᠵᠠᠯᠠᠨ᠎ᠠ ᠃ ︽ ᠰᠡᠳᠬᠢᠯ ᠢ | ᠳᠤᠯᠠᠭᠠᠴᠠᠭᠤᠯᠬᠤ ᠨᠡᠭᠦᠷᠡᠰᠦ ︾ ᠶᠢ ᠲᠠᠷᠬᠠᠭᠠᠬᠤ ᠦᠶᠡᠰ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠬᠥᠮᠥᠨ | ᠲᠣᠮᠢᠯᠠᠨ ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠵᠤ ᠂ ᠲᠠᠷᠬᠠᠭᠠᠬᠤ ᠦᠶᠡᠰ ᠲᠠᠷᠢᠶᠠᠴᠢᠨ ᠤ ᠳᠤᠬᠠᠢ ᠶᠢᠨ ᠬᠥᠮᠥᠨ ᠂ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠬᠠᠷᠢᠭᠤᠴᠠᠯᠭᠠᠲᠠᠨ ᠪᠠ ᠬᠤᠷᠰᠢᠶ᠎ᠠ ᠶᠢᠨ ᠳᠠᠷᠤᠭ᠎ᠠ ︵ | ᠳᠤᠤᠷᠵᠢᠭᠤᠯᠤᠬᠴᠢ ᠶᠢᠨ ᠠᠵᠢᠯᠲᠠᠨ ︶ ᠬᠠᠮᠲᠤ ᠪᠠᠷ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢ ᠲᠠᠷᠬᠠᠭᠠᠬᠤ ᠶᠢ ᠨᠤᠲᠠᠯᠠᠬᠤ ᠬᠠᠭᠤᠳᠠᠰᠤᠨ ᠳᠤ ᠭᠠᠷ ᠤᠨ | ᠥᠰᠥᠭ ᠵᠢᠷᠤᠵᠤ ᠂ ᠨᠡᠭᠦᠷᠡᠰᠦᠨ ᠤ ᠶᠠᠰᠤ ᠴᠢᠨᠠᠷ ᠂ ᠲᠤᠭ᠎ᠠ ᠬᠡᠮᠵᠢᠶ᠎ᠡ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠵᠤ ᠂ ᠭᠠᠭᠴᠠ ᠬᠡᠯᠪᠡᠷᠢ ᠶᠢᠨ ᠬᠤᠶᠠᠷ | ᠬᠤᠯᠪᠣᠭᠠᠰᠤ ᠶᠢ ᠨᠤᠲᠠᠯᠠᠨ ᠲᠣᠭᠲᠠᠭᠠᠵᠤ ᠂ ᠲᠠᠷᠢᠶᠠᠴᠢᠨ ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠲᠣᠰ ᠲᠣᠰ | ᠦᠯᠡᠳᠡᠭᠡᠨ ᠬᠠᠳᠠᠭᠠᠯᠠᠨ᠎ᠠ ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ | ᠲᠤᠰᠬᠠᠢ ᠬᠥᠮᠥᠨ ᠲᠣᠬᠢᠷᠠᠭᠤᠯᠤᠨ ᠱᠠᠯᠠᠪᠳᠠᠭᠤᠯᠤᠨ ᠪᠠᠶᠢᠴᠠᠭᠠᠯᠭᠠᠨ᠎ᠠ ᠃ 9 ᠰᠠᠷ᠎ᠠ ᠶᠢᠨ 30 ᠤ ᠡᠳᠦᠷ ᠡᠷᠦᠬᠡ ᠳᠤ ᠬᠤᠪᠢᠶᠠᠷᠢᠯᠠᠬᠤ ᠠᠵᠢᠯ ᠢ ᠳᠠᠭᠤᠰᠬᠠᠨ᠎ᠠ ᠃ | ︵ ᠨᠠᠢᠮᠠ ︶ ᠪᠥᠬᠦ ᠶᠠᠪᠤᠴᠠ ᠳᠤ ᠬᠢᠨᠠᠯᠲᠠ ᠲᠠᠯᠪᠢᠨ᠎ᠠ ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤᠨ ᠤ | ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠲᠣᠰᠬᠤᠨ ᠤ ᠠᠷᠠᠳ ᠤᠨ ᠡᠪᠦᠯ ᠤᠨ | ᠤᠯᠠᠷᠢᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠳᠤᠮᠳᠠ ᠣᠷᠣᠰᠢᠵᠤ ᠮᠡᠳᠡᠬᠦ ᠠᠰᠠᠭᠤᠳᠠᠯ ᠢ ᠴᠢᠩᠭ᠎ᠠ ᠠᠳᠬᠤᠨ ᠂ ᠲᠤᠰᠬᠠᠢ | ᠱᠠᠯᠠᠪᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ ᠂ ᠨᠢᠭᠡᠳᠦᠭᠡᠷ ᠹᠷᠣᠨᠲ ᠲᠤ ᠪᠠᠭᠤᠵᠤ ᠬᠢᠨᠠᠯᠲᠠ ᠪᠠᠶᠢᠴᠠᠭᠠᠯᠲᠠ ᠥᠷᠨᠢᠭᠦᠯᠦᠨ ᠂ ᠡᠯ᠎ᠡ ᠱᠠᠲᠤᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠲᠥᠷᠥ ᠶᠢᠨ ᠪᠣᠳᠣᠯᠭ᠎ᠠ ᠶᠢ ᠲᠡᠷᠡ | ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠃ ᠨᠢᠭᠡ ᠳᠤ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ | ᠲᠣᠰᠬᠤᠨ ᠨᠡᠶᠢᠭᠡᠮ ᠲᠣᠭᠤᠷᠢᠭ ᠢ ᠱᠠᠯᠠᠪᠳᠠᠭᠤᠯᠵᠤ ᠪᠠᠶᠢᠭᠠᠳ ᠵᠢᠷᠬᠢᠶ᠎ᠠ ᠶᠢᠨ ᠠᠯᠪᠠᠨ ᠤ ᠲᠠᠯ᠎ᠠ ᠶᠢᠨ ᠤᠯᠠᠨ ᠨᠡᠶᠢᠲᠡ ᠶᠢᠨ ᠳᠠᠪᠴᠠᠩ ᠂ ︽ ᠭᠤᠷᠪᠠᠨ ᠠᠵᠢᠯ ︾ | ᠢ ᠢᠯᠡ ᠪᠣᠯᠭᠠᠬᠤ ᠲᠠᠪᠴᠠᠩ ᠂ ᠤᠬᠠᠭᠤᠯᠭ᠎ᠠ ᠶᠢᠨ ᠮᠠᠲ᠋ᠧᠷᠢᠶᠠᠯ ᠨᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠢᠯᠡ | ᠪᠣᠯᠭᠠᠵᠤ ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠠᠷᠠᠳ ᠣᠯᠠᠨ ᠢ ᠵᠤᠷᠢᠬᠵᠢᠭᠤᠯᠵᠤ ᠪᠠᠶᠢᠭᠠᠳ ᠢᠯᠡᠴᠢᠯᠡᠨ ᠮᠡᠳᠡᠭᠦᠯᠬᠦ | ᠶᠠᠪᠤᠴᠠ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠬᠠᠩᠭᠠᠨ᠎ᠠ ᠃ ᠬᠤᠶᠠᠷ ᠲᠤ ᠡᠯ᠎ᠡ ᠰᠤᠮᠤ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠲᠣᠰᠬᠤᠨ ᠨᠡᠶᠢᠭᠡᠮ ᠲᠣᠭᠤᠷᠢᠭ ᠲᠤ ᠬᠢᠨᠠᠯᠲᠠ ᠲᠠᠯᠪᠢᠵᠤ ︽ ᠡᠷᠬᠡ ᠲᠡᠭᠰᠢ ᠂ ᠲᠥᠪ ᠭᠤᠥᠯᠴᠢ ᠂ ᠢᠯᠡ | ᠪᠠᠶᠢᠯᠭᠠᠬᠤ ︾ ᠵᠠᠷᠴᠢᠮ ᠢ ᠪᠠᠷᠢᠮᠲᠠᠯᠠᠨ ᠂ ᠲᠠᠷᠬᠠᠭᠠᠬᠤ ᠡᠲᠡᠭᠡᠳ ᠤᠨ ᠮᠡᠳᠡᠭᠡ ᠵᠠᠩᠭᠢ ᠶᠢᠨ ᠦᠨᠡᠨ ᠪᠣᠳᠠᠲᠠᠢ ᠂ ᠵᠥᠪ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ ᠂ | ᠴᠠᠭ ᠲᠤᠬᠠᠢ ᠳᠤᠨᠢ ᠳᠠᠷᠬᠠᠭᠠᠬᠤ ᠶᠢ ᠦᠨᠡᠨᠬᠦ ᠪᠠᠲᠤᠯᠠᠵᠤ ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠂ ᠬᠤᠳᠠᠯ ᠢᠶᠠᠷ ᠮᠡᠳᠡᠭᠦᠯᠬᠦ ᠣᠷᠬᠢᠭᠳᠠᠭᠤᠯᠤᠨ ᠮᠡᠳᠡᠭᠦᠯᠬᠦ | ᠪᠠ ᠲᠥᠷᠥᠯ ᠰᠠᠳᠤᠨ ᠨᠠᠶᠢᠵᠠ ᠨᠥᠬᠦᠳ ᠢᠶᠠᠨ ᠬᠠᠷᠠᠭᠠᠯᠵᠠᠬᠤ ᠵᠡᠷᠭᠡ ᠦᠵᠡᠭᠳᠡᠯ ᠡᠭᠦᠰᠬᠦ ᠶᠢ ᠡᠷᠡᠰ ᠬᠤᠷᠢᠭᠯᠠᠨ᠎ᠠ ᠃ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ ᠬᠤᠶᠠᠷ ᠠᠯᠪᠠᠨ ᠭᠡᠷ ︾ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠢᠶᠠᠷ ᠲᠦᠷᠦᠭᠦᠯᠡᠭᠦᠯᠦᠨ ᠂ | ᠬᠤᠰᠢᠭᠤᠨ ᠤ ᠡᠨᠧᠷᠭᠢ ᠶᠢᠨ ᠲᠣᠪᠴᠢᠶ᠎ᠠ ᠂ ᠠᠷᠠᠳ ᠤᠨ ᠶᠠᠪᠤᠳᠠᠯ ᠤᠨ ᠲᠣᠪᠴᠢᠶ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ ︽ ᠰᠡᠳᠬᠢᠯ ᠢ | ᠳᠤᠯᠠᠭᠠᠴᠠᠭᠤᠯᠬᠤ ᠨᠡᠭᠦᠷᠡᠰᠦ ︾ ᠲᠠᠷᠬᠠᠭᠠᠬᠤ ᠪᠥᠬᠦ ᠶᠠᠪᠤᠴᠠ ᠂ ᠪᠥᠬᠦ ᠬᠡᠯᠬᠢᠶ᠎ᠡ ᠂ ᠪᠥᠬᠦ ᠲᠠᠯ᠎ᠠ ᠪᠠᠷ ᠱᠠᠯᠠᠪᠳᠠᠭᠤᠯᠤᠨ ᠪᠠᠶᠢᠴᠠᠭᠠᠨ᠎ᠠ ᠃ | ᠲᠠᠪᠤ ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠠᠵᠢᠯ ᠤᠨ ᠬᠡᠷᠡᠭᠴᠡᠭᠡ ᠪᠠᠨ ᠦᠨᠳᠦᠰᠦᠯᠡᠨ ᠂ ᠵᠡᠭᠦᠨᠭᠠᠷ ᠬᠤᠰᠢᠭᠤᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ | ᠪᠠᠲᠤᠯᠠᠬᠤ ᠠᠵᠢᠯ ᠤᠨ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ ᠂ ᠪᠦᠷᠢᠯᠳᠦᠭᠦᠨ ᠨᠢ ᠳᠣᠣᠷᠠᠬᠢ ᠮᠡᠲᠦ ᠄ | ᠳᠤᠭᠤᠶᠢᠯᠠᠩ ᠤᠨ ᠳᠠᠷᠤᠭ᠎ᠠ ᠄ ᠦ᠋ ᠰᠢᠦᠢ ᠳ᠋ᠦᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ | ᠳᠠᠷᠤᠭ᠎ᠠ | ᠳᠤᠭᠤᠶᠢᠯᠠᠩ ᠤᠨᠲ᠋ᠡᠳ᠋ ᠳᠠᠷᠤᠭ᠎ᠠ ᠄ ᠯᠢᠦ ᠵᠧᠦ ᠬᠤᠰᠢᠭᠤᠨ ᠤ ᠡᠨᠧᠷᠭᠢ ᠶᠢᠨ ᠲᠣᠪᠴᠢᠶᠠᠨ ᠤ ᠳᠠᠷᠤᠭ᠎ᠠ | ᠳ᠋ᠦ᠋ ᠰᠢᠤᠸᠠᠢ ᠹᠧᠩ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ | ᠳᠡᠳ᠋ ᠡᠷᠬᠢᠯᠡᠭᠴᠢ ᠂ ᠴᠠᠭᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ | ᠪᠦᠷᠢᠯᠳᠦᠭᠦᠨ ᠄ ᠸᠠᠩ ᠸᠧᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠯᠢᠦᠢ ᠴᠢᠶᠠᠩ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠱᠠᠩ ᠪᠦᠸᠧ ᠪᠤᠷᠤᠳᠤᠬᠤᠢ ᠰᠤᠮᠤ ᠶᠢᠨ ᠨᠠᠮ ᠤᠨ ᠬᠤᠷᠢᠶᠠᠨ ᠤ ᠱᠦᠵᠢ | ᠯᠦ ᠼᠠᠢ ᠾᠧᠦ ᠱᠢ ᠡᠯ ᠯᠢᠶᠠᠨ ᠴᠧᠩ ᠰᠢᠶᠠᠩ ᠤᠨ ᠨᠠᠮ ᠤᠨ ᠬᠤᠷᠢᠶᠠᠨ ᠤ ᠱᠦᠵᠢ | ᠬᠠᠨ ᠴᠢᠶᠠᠨ ᠨᠤᠸᠠᠨ ᠱᠦᠢ ᠰᠢᠶᠠᠩ ᠤᠨ ᠨᠠᠮ ᠤᠨ ᠬᠤᠷᠢᠶᠠᠨ ᠤ ᠱᠦᠵᠢ | ᠰᠢᠤᠸᠠᠢ ᠰᠢᠨ ᠪᠥᠸᠧ ᠱᠠᠬᠳᠠᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠵᠤ᠋ ᠼᠦᠨ ᠯᠢᠶᠠᠩ ᠳ᠋ᠠ ᠯᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠬᠤᠤ ᠴᠢᠶᠠᠩ ᠨᠠᠷᠠᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠯᠢᠦ ᠶᠠ ᠯᠦᠩ ᠯᠦᠩ ᠺᠧᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠶᠠᠩ ᠭᠠᠢ ᠴᠢ ᠸᠧᠢ ᠵᠢᠶᠠ ᠮᠣᠣ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠹᠦ᠋ ᠭᠦᠸᠧ ᠴᠢᠶᠠᠩ ᠵᠡᠭᠦᠨᠭᠠᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠴᠧᠨ ᠰᠠᠨ ᠵᠢᠶᠦ᠋ᠨ ᠰᠢᠤᠸᠠᠢ ᠵᠢᠶᠠ ᠸᠠᠨ ᠪᠠᠯᠭᠠᠰᠤᠨ ᠤ ᠳᠠᠷᠤᠭ᠎ᠠ | ᠶᠠᠨ ᠴᠢ ᠬᠤᠤ ᠶᠢᠩ ᠽᠧ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ | ᠴᠢᠨ ᠬᠦᠢ ᠪᠢᠨ ᠰᠢᠩ ᠯᠦᠩ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨᠨᠠᠮ ᠤᠨ ᠠᠵᠢᠯᠯᠠᠬᠤ ᠬᠤᠷᠢᠶᠠᠨ ᠤ ᠱᠦᠵᠢ | ᠵᠢᠶᠠ ᠶᠢᠩ ᠵᠢᠶᠦ᠋ᠨ ᠯᠠᠨ ᠲᠢᠶᠠᠨ ᠵᠡᠭᠡᠯᠢ ᠭᠤᠳᠤᠮᠵᠢ ᠵᠢᠨᠭᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ | ᠦ᠋ ᠸᠧᠨ ᠯᠢᠶᠠᠩ ᠨᠥᠬᠦᠷᠯᠡᠯ ᠵᠡᠭᠡᠯᠢ ᠭᠤᠳᠤᠮᠵᠢ ᠵᠢᠨᠭᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ | ᠹᠦ᠋ ᠰᠢᠶᠦ᠋ᠩ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠸᠠᠩ ᠯᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠭᠤᠤ ᠸᠠᠢ ᠷᠦᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠬᠤᠤ ᠫᠧᠢ ᠬᠤᠸᠠ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ | ᠶᠠᠩ ᠱᠧᠩ ᠸᠧᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠸᠧᠢ ᠯᠢᠨ ᠵᠥᠩ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠸᠠᠩ ᠭᠧᠨ ᠾᠧᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠯᠢᠦ ᠰᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠴᠢᠶᠠᠨ ᠰᠢᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ | ᠶᠦᠨ ᠢᠦᠢ ᠬᠤᠰᠢᠭᠤᠨ ᠤ ᠭᠠᠶᠢᠯᠢ ᠶᠢᠨ ᠶᠠᠪᠤᠳᠠᠯ ᠤᠨᠲ᠋ᠣᠪᠴᠢᠶᠠᠨ ᠤ ᠳᠠᠷᠤᠭ᠎ᠠ | ᠳ᠋ᠦ᠋ ᠯᠢᠨ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠪᠦᠲᠦᠭᠡᠨ ᠪᠠᠶᠢᠭᠤᠯᠤᠯᠲᠠ ᠬᠠᠮᠢᠶᠠᠷᠤᠯᠳᠠ ᠵᠢᠨᠲ᠋ᠣᠪᠴᠢᠶᠠᠨ ᠤ ᠳᠠᠷᠤᠭ᠎ᠠ | ᠯᠢᠦ ᠰᠢᠶᠠᠩ ᠳ᠋ᠦᠩ ᠬᠤᠰᠢᠭᠤᠨ ᠤ ᠭᠦᠸᠧ ᠰᠢᠩ ᠡᠨᠧᠷᠭᠢ ᠶᠢᠨ ᠪᠦᠯᠦᠭᠯᠡᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠠᠵᠢᠯᠯᠠᠬᠤ ᠳᠤᠭᠤᠶᠢᠯᠠᠩ ᠤᠨ ᠳᠣᠣᠷ᠎ᠠ ᠶᠡᠷᠦᠩᠬᠡᠶᠢᠯᠡᠨ ᠵᠣᠬᠢᠴᠠᠭᠤᠯᠬᠤ ᠠᠯᠪᠠᠨ ᠭᠡᠷ ᠪᠠ ᠬᠢᠨᠠᠯᠲᠠ ᠲᠠᠯᠪᠢᠵᠤ ᠪᠠᠶᠢᠴᠠᠭᠠᠬᠤ ᠠᠯᠪᠠᠨ ᠭᠡᠷ ᠭᠠᠷᠭᠠᠨ᠎ᠠ ᠃ | ᠶᠡᠷᠦᠩᠬᠡᠶᠢᠯᠡᠨ ᠵᠣᠬᠢᠴᠠᠭᠤᠯᠬᠤ ᠠᠯᠪᠠᠨ ᠭᠡᠷ ᠢ ᠬᠤᠰᠢᠭᠤᠨ ᠤ ᠡᠨᠧᠷᠭᠢ ᠶᠢᠨ ᠲᠣᠪᠴᠢᠶ᠎ᠠ ᠳᠤ ᠲᠣᠬᠢᠷᠠᠭᠤᠯᠵᠤ ᠂ ᠡᠷᠬᠢᠯᠡᠭᠴᠢ ᠶᠢ ᠯᠢᠦ ᠵᠧᠦ ᠨᠥᠬᠦᠷ ᠬᠠᠪᠰᠤᠷᠭᠠᠨ | ᠬᠠᠷᠢᠭᠤᠴᠠᠵᠤ ᠂ ᠭᠤᠣᠯᠳᠠᠭᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠵᠣᠬᠢᠴᠠᠭᠤᠯᠤᠨ ᠪᠠᠲᠤᠯᠠᠵᠤ ᠲᠣᠬᠢᠷᠠᠭᠤᠯᠬᠤ | ᠠᠵᠢᠯ ᠢ ᠰᠠᠶᠢᠲᠤᠷ ᠬᠢᠵᠦ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠂ | ᠡᠯ᠎ᠡ ᠨᠡᠭᠦᠷᠡᠰᠦᠨ ᠤ ᠠᠵᠤ ᠠᠬᠤᠶᠢᠯᠠᠯ ᠢ ᠵᠣᠬᠢᠴᠠᠭᠤᠯᠤᠨ ᠳᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠂ | ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠢ ᠨᠢᠭᠡᠳᠦᠯᠲᠡᠢ ᠲᠥᠯᠥᠪᠵᠢᠬᠦᠯᠤᠨ ᠠᠬᠢᠭᠤᠯᠤᠨ᠎ᠠ ᠃ ᠬᠢᠨᠠᠯᠳᠠ ᠳᠠᠯᠪᠢᠵᠤ | ᠪᠠᠶᠢᠴᠠᠭᠠᠬᠤ ᠠᠯᠪᠠᠨ ᠭᠡᠷ ᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠲᠣᠬᠢᠷᠠᠭᠤᠯᠵᠤ ᠂ ᠡᠷᠬᠢᠯᠡᠭᠴᠢ ᠶᠢ ᠳ᠋ᠦ᠋ | ᠰᠢᠤᠸᠠᠢ ᠹᠧᠩ ᠨᠥᠬᠦᠷ ᠬᠠᠪᠰᠤᠷᠭᠠᠨ ᠬᠠᠷᠢᠭᠤᠴᠠᠵᠤ ᠂ ᠭᠤᠣᠯᠳᠠᠭᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠳᠤ | ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠨᠡᠭᠦᠷᠡᠰᠦᠨ ᠤ ᠠᠵᠤ ᠠᠬᠤᠶᠢᠯᠠᠯ ᠤᠨ ᠳᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ | ᠠᠵᠢᠯ ᠢ ᠰᠠᠶᠢᠲᠤᠷ ᠬᠢᠬᠦ ᠳᠤ ᠪᠣᠳᠠᠲᠠᠢ ᠬᠢᠨᠠᠯᠲᠠ ᠲᠠᠯᠪᠢᠵᠤ ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ | ᠲᠥᠯᠥᠪᠵᠢᠬᠦᠯᠤᠨ ᠠᠬᠢᠭᠤᠯᠤᠨ᠎ᠠ ᠃ | ᠠᠵᠢᠯ ᠤᠨ ᠳᠤᠰᠢᠶᠠᠯ ᠬᠠᠷᠢᠭᠤᠴᠠᠯᠭ᠎ᠠ ᠄ | ︵ ᠨᠢᠭᠡ ︶ ᠬᠤᠰᠢᠭᠤᠨ ᠤ ᠡᠨᠧᠷᠭᠢ ᠶᠢᠨ ᠲᠣᠪᠴᠢᠶ᠎ᠠ ᠲᠦᠷᠦᠭᠦᠯᠡᠵᠦ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ | ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠂ ᠭᠦᠸᠧ ᠰᠢᠩ ᠡᠨᠧᠷᠭᠢ ᠶᠢᠨ ᠪᠦᠯᠦᠭᠯᠡᠯ ᠤᠨ ᠺᠣᠮᠫᠠᠨᠢ ᠬᠠᠮᠵᠢᠯᠴᠠᠨ ᠂ ᠨᠡᠭᠦᠷᠡᠰᠦᠨ ᠤ ᠠᠵᠤ | ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ ᠂ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ | ᠨᠢᠭᠡᠳᠦᠯᠲᠡᠢ ᠲᠥᠯᠥᠪᠵᠢᠬᠦᠯᠤᠨ ᠠᠬᠢᠭᠤᠯᠵᠤ ᠂ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ | ᠨᠠᠶᠢᠳᠠᠪᠤᠷᠢᠵᠢᠭᠤᠯᠵᠤ ᠂ 9 ᠰᠠᠷ᠎ᠠ ᠶᠢᠨ 30 ᠤ ᠡᠳᠦᠷ ᠠᠴᠠ ᠡᠮᠦᠨ᠎ᠡ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠤᠷᠤᠨᠵᠢᠭᠤᠯᠬᠤ ᠶᠢ | ᠪᠠᠲᠤᠯᠠᠨ᠎ᠠ ᠃ | ︵ ᠬᠤᠶᠠᠷ ︶ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠲᠤᠰᠬᠠᠢ ᠬᠥᠮᠥᠨ ᠢᠶᠠᠷ ︽ ᠰᠡᠳᠬᠢᠯ ᠢ | ᠳᠤᠯᠠᠭᠠᠴᠠᠭᠤᠯᠬᠤ ᠨᠡᠭᠦᠷᠡᠰᠦ ︾ ᠶᠢᠨ ᠪᠠᠲᠤᠯᠠᠭ᠎ᠠ ᠶᠢᠨ ᠡᠲᠡᠭᠡᠳ ᠢ ᠪᠦᠷᠢᠳᠬᠡᠬᠦ ᠂ ᠡᠷᠦᠬᠡ ᠶᠢᠨ ᠲᠤᠭ᠎ᠠ ᠶᠢ ᠨᠤᠲᠠᠯᠠᠬᠤ ᠪᠠ ᠬᠤᠷᠢᠶᠠᠩᠭᠤᠶᠢᠯᠠᠨ ᠳᠡᠭᠡᠭᠰᠢ | ᠮᠡᠳᠡᠭᠦᠯᠬᠦ ᠶᠢ ᠬᠠᠷᠢᠭᠤᠴᠠᠭᠤᠯᠵᠤ ᠂ ᠵᠥᠭᠡᠭᠡᠪᠦᠷᠢᠯᠡᠬᠦ ᠂ ᠬᠠᠳᠠᠭᠠᠯᠠᠬᠤ ᠂ ᠬᠤᠪᠢᠶᠠᠷᠢᠯᠠᠬᠤ ᠵᠡᠷᠭᠡ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ ᠵᠣᠬᠢᠶᠠᠨ | ᠪᠠᠶᠢᠭᠤᠯᠬᠤ ᠶᠢᠨ ᠬᠠᠮᠲᠤ ᠂ ᠲᠤᠬᠠᠢ ᠶᠢᠨ ᠲᠠᠯᠠᠪᠤᠷ ᠲᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢᠨ ᠪᠣᠭᠤᠮᠲᠠ ᠶᠢ ᠴᠢᠩᠭ᠎ᠠ ᠠᠳᠬᠤᠨ᠎ᠠ ︔ ᠬᠤᠰᠢᠭᠤᠨ ᠤ | ᠡᠨᠧᠷᠭᠢ ᠶᠢᠨ ᠲᠣᠪᠴᠢᠶ᠎ᠠ ᠳᠤ ᠨᠢᠭᠡ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠪᠠ ᠨᠢᠭᠡ ᠠᠵᠢᠯᠲᠠᠨ ᠢ ᠲᠣᠳᠣᠷᠬᠠᠢ ᠲᠣᠭᠲᠠᠭᠠᠵᠤ ᠂ ︽ ᠰᠡᠳᠬᠢᠯ ᠢ | ᠳᠤᠯᠠᠭᠠᠴᠠᠭᠤᠯᠬᠤ ᠨᠡᠭᠦᠷᠡᠰᠦ ︾ ᠶᠢᠨ ᠪᠠᠲᠤᠯᠠᠭ᠎ᠠ ᠶᠢᠨ ᠠᠵᠢᠯ ᠢ ᠵᠣᠯᠭᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠤᠨ᠎ᠠ ᠃ | ︵ ᠭᠤᠷᠪᠠ ︶ ᠨᠡᠭᠦᠷᠡᠰᠦᠨ ᠤ ᠠᠵᠤ ᠠᠬᠤᠶᠢᠯᠠᠯ ᠤᠳ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠤᠰᠬᠠᠢ ᠬᠥᠮᠥᠨ ᠰᠣᠩᠭᠤᠨ ᠲᠣᠮᠢᠯᠠᠵᠤ ᠡᠪᠦᠯ ᠤᠨ | ᠤᠯᠠᠷᠢᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦᠨ ᠤ ᠶᠠᠰᠤ ᠴᠢᠨᠠᠷ ᠬᠢᠭᠡᠳ ᠲᠤᠭ᠎ᠠ ᠬᠡᠮᠵᠢᠶ᠎ᠡ ᠳᠤ ᠬᠢᠨᠠᠯᠲᠠ ᠲᠠᠯᠪᠢᠬᠤ ᠶᠢ ᠬᠠᠷᠢᠭᠤᠴᠠᠭᠤᠯᠤᠨ᠎ᠠ᠃ ︽ᠰᠡᠳᠬᠢᠯ ᠢ | ᠳᠤᠯᠠᠭᠠᠴᠠᠭᠤᠯᠬᠤ ᠨᠡᠭᠦᠷᠡᠰᠦ︾ ᠶᠢᠨ ᠬᠠᠩᠭᠠᠯᠭ᠎ᠠ ᠶᠢᠨ ᠶᠠᠰᠤ ᠴᠢᠨᠠᠷ ᠪᠣᠯᠣᠨ ᠪᠠᠷᠢᠮᠵᠢᠶ᠎ᠠ ᠶᠢ ᠪᠠᠲᠤᠯᠠᠵᠤ ᠂ ᠬᠤᠳᠠᠯ ᠬᠠᠭᠤᠷᠮᠠᠭ ᠶᠠᠭᠤᠮ᠎ᠠ ᠬᠤᠯᠢᠬᠤ ᠂ ᠮᠠᠭᠤ ᠪᠠᠷ | ᠰᠠᠶᠢᠨ ᠢ ᠣᠷᠣᠯᠠᠭᠤᠯᠬᠤ ᠶᠢ ᠴᠢᠩᠭ᠎ᠠ ᠴᠠᠭᠠᠵᠠᠯᠠᠵᠤ ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠵᠦᠭᠡᠭᠡᠪᠤᠷᠢ ᠶᠢᠨ ᠲᠡᠷᠭᠡ ᠶᠢᠨ ᠮᠥᠷᠯᠡᠬᠦ ᠂ ᠠᠴᠢᠶᠠᠯᠠᠨ | ᠵᠦᠭᠡᠭᠡᠪᠤᠷᠢᠯᠡᠬᠦ ᠠᠵᠢᠯ ᠢ ᠡᠩ ᠲᠡᠷᠢᠭᠦᠨ ᠳᠤ ᠰᠠᠶᠢᠲᠤᠷ ᠪᠠᠲᠤᠯᠠᠨ᠎ᠠ᠃ ᠪᠣᠷᠤᠯᠠᠭᠤᠯᠬᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ ᠂ ᠠᠷᠠᠳ ᠤᠨ | ᠠᠮᠢᠳᠤᠷᠠᠯ ᠳᠤ ᠬᠡᠷᠡᠭᠯᠡᠬᠦ ᠨᠡᠭᠦᠷᠡᠰᠦ ᠶᠢ ᠭᠦᠢᠴᠡᠳ ᠬᠠᠩᠭᠠᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠂ ᠬᠠᠩᠭᠠᠬᠤ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠠᠭᠤᠷᠬᠠᠢ ᠠᠴᠠ ᠭᠠᠷᠭᠠᠬᠤ ᠭᠤᠭᠴᠤᠭ᠎ᠠ ᠶᠢᠨ︽ᠲᠤᠰᠢᠶᠠᠬᠤ ᠪᠠ ᠬᠦᠯᠢᠶᠡᠨ ᠠᠪᠬᠤ ᠨᠤᠲᠠᠯᠠᠯᠲᠠ ᠶᠢᠨ ᠪᠢᠴᠢᠭ︾ | ᠲᠣᠭᠲᠠᠬᠤ ᠂ ᠴᠢᠬᠤᠯᠠ ᠪᠦᠬᠦᠢ ᠭᠡᠷᠡᠯ ᠵᠢᠷᠤᠭ ᠪᠣᠯᠣᠨ ᠸᠢᠳᠢᠤ᠋ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠵᠤ ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢᠨ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠨ ᠂ ᠲᠠᠷᠢᠶᠠᠴᠢᠳ ᠤᠨ ᠳᠤᠯᠠᠭᠠᠯᠭ᠎ᠠ ᠳᠤ | ᠬᠡᠷᠡᠭᠯᠡᠬᠦ ᠨᠡᠭᠦᠷᠡᠰᠦᠨ ᠤ ᠶᠠᠰᠤ ᠴᠢᠨᠠᠷ ᠢ ᠪᠠᠲᠤᠯᠠᠵᠤ ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠪᠠᠶᠢᠳᠠᠯ ᠡᠭᠦᠰᠬᠦ ᠶᠢ ᠡᠷᠡᠰ ᠬᠤᠷᠢᠭᠯᠠᠨ᠎ᠠ᠃ | ︵ᠳᠥᠷᠪᠡ︶ ᠬᠤᠰᠢᠭᠤᠨ ᠤ ᠭᠦᠸᠧ ᠰᠢᠩ ᠡᠨᠧᠷᠭᠢ ᠶᠢᠨ ᠪᠦᠯᠦᠭᠯᠡᠯ ᠤᠨ ᠺᠣᠮᠫᠠᠨᠢ ᠨᠢ ᠡᠯ᠎ᠡ ᠬᠠᠩᠭᠠᠯᠭ᠎ᠠ ᠶᠢᠨ ᠨᠡᠭᠦᠷᠡᠰᠦᠨ ᠠᠭᠤᠷᠬᠠᠢ ᠶᠢᠨ ︽ ᠰᠡᠳᠬᠢᠯ ᠢ | ᠳᠤᠯᠠᠭᠠᠴᠠᠭᠤᠯᠬᠤ ᠨᠡᠭᠦᠷᠡᠰᠦ ︾ ᠶᠢ ᠨᠢᠭᠡᠳᠦᠯᠲᠡᠢ ᠲᠥᠯᠥᠪᠵᠢᠬᠦᠯᠤᠨ ᠬᠤᠳᠠᠯᠳᠤᠨ ᠠᠪᠴᠤ ᠪᠣᠷᠣᠯᠠᠭᠤᠯᠬᠤ ᠶᠢ ᠬᠠᠷᠢᠭᠤᠴᠠᠵᠤ ᠂ ᠪᠣᠳᠠᠲᠠᠢ ᠪᠠᠶᠢᠳᠠᠯ ᠢᠶᠠᠨ | ᠦᠨᠳᠦᠰᠦᠯᠡᠨ ᠨᠢᠭᠡᠳᠦᠯᠲᠡᠢ ᠬᠤᠳᠠᠯᠳᠤᠨ ᠠᠪᠤᠭᠰᠠᠨ ᠵᠡᠭᠦᠨ ᠬᠡᠰᠡᠭ ᠤᠨ ᠪᠠᠷᠢᠮᠵᠢᠶ᠎ᠠ ᠪᠠᠷ ᠨᠡᠯᠢᠶᠡᠳ ᠳᠣᠣᠷ᠎ᠠ ᠨᠡᠭᠦᠷᠡᠰᠦ ᠶᠢ ᠪᠣᠷᠣᠯᠠᠭᠤᠯᠵᠤ ᠂ ᠪᠠᠷᠠᠭᠤᠨ ᠬᠡᠰᠡᠭ ᠤᠨ | ᠭᠠᠵᠠᠷ ᠣᠷᠣᠨ ᠤ ᠨᠠᠷᠢᠯᠢᠭ ᠰᠣᠩᠭᠤᠭᠰᠠᠨ ᠨᠡᠭᠦᠷᠡᠰᠦᠨ ᠠᠭᠤᠷᠬᠠᠢ ᠠᠴᠠ ᠳᠠᠭᠢᠵᠤ ᠰᠢᠨ᠎ᠡ ᠪᠠᠷ ᠬᠤᠳᠠᠯᠳᠤᠨ ᠠᠪᠴᠤ ᠂ ︽ ᠰᠡᠳᠬᠢᠯ ᠢ ᠳᠤᠯᠠᠭᠠᠴᠠᠭᠤᠯᠬᠤ ︾ | ᠨᠡᠭᠦᠷᠡᠰᠦᠨ ᠤ ᠴᠢᠨᠠᠷ ᠨᠢᠭᠡᠳᠦᠯᠲᠡᠢ ᠂ ᠢᠯᠴᠢ ᠶᠢᠨ ᠬᠡᠮᠵᠢᠭᠳᠡᠯ ᠨᠢ ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ ᠃ | ︵ᠲᠠᠪᠤ︶ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ︽ ᠬᠤᠶᠠᠷ ᠠᠯᠪᠠᠨ ᠭᠡᠷ ︾ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ︽ ᠰᠡᠳᠬᠢᠯ ᠶᠢ | ᠳᠤᠯᠠᠭᠠᠴᠠᠭᠤᠯᠬᠤ ᠨᠡᠭᠦᠷᠡᠰᠦ ︾ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠤᠨ ᠪᠠᠶᠢᠴᠠᠭᠠᠬᠤ ᠶᠢ ᠮᠦᠷᠳᠡᠨ ᠳᠠᠭᠠᠵᠤ ᠂ ᠭᠠᠷᠠᠭ | ᠪᠦᠷᠢ ᠠᠳᠠᠭ ᠲᠠᠭᠠᠨ ᠨᠢᠭᠡ ᠤᠳᠠᠭ᠎ᠠ ᠱᠠᠯᠠᠪᠳᠠᠭᠤᠯᠤᠨ ᠪᠠᠶᠢᠴᠠᠭᠠᠨ᠎ᠠ ᠃ | ︵ᠵᠢᠷᠭᠤᠭ᠎ᠠ︶ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠲᠠᠷᠢᠶᠠᠴᠢᠳ ᠤᠨ ᠡᠪᠦᠯ ᠤᠨ ᠤᠯᠠᠷᠢᠯ ᠤᠨ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ ᠂ ᠡᠯ᠎ᠡ ᠲᠠᠯ᠎ᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠲᠥᠷᠥ ᠶᠢᠨ ᠪᠣᠳᠣᠯᠭ᠎ᠠ ᠶᠢ ᠲᠡᠷᠡ | ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ ᠃ | ᠵᠢᠷᠭᠤᠭ᠎ᠠ ᠂ ᠠᠵᠢᠯ ᠤᠨ ᠱᠠᠭᠠᠷᠳᠠᠯᠭ᠎ᠠ | ︵ ᠨᠢᠭᠡ ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠠᠮᠢᠶ᠎ᠠ | ᠪᠦᠬᠦᠢ ᠰᠠᠯᠠᠭ᠎ᠠ ᠮᠥᠴᠢᠷ ᠂ ᠡᠯ᠎ᠡ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠨᠢ ᠤᠯᠤᠰ ᠲᠥᠷᠥ ᠶᠢᠨ ᠵᠣᠭᠰᠣᠴᠠ ᠪᠠᠨ ᠪᠠᠳᠤᠳᠬᠠᠨ ᠂ ᠰᠠᠨᠠᠭᠠᠴᠢᠯᠠᠭ᠎ᠠ | ᠠᠴᠠ ᠪᠠᠨ ᠡᠭᠦᠷᠭᠡᠯᠡᠨ ᠠᠵᠢᠯᠯᠠᠵᠤ ᠂ ︽ ᠰᠠᠶᠢᠨ ᠶᠠᠪᠤᠳᠠᠯ ᠢ ᠰᠠᠶᠢᠲᠤᠷ ᠬᠢᠵᠦ ᠂ ᠪᠣᠳᠠᠲᠠᠢ ᠶᠠᠪᠤᠳᠠᠯ ᠢ ᠪᠣᠳᠠᠲᠠᠢ ᠪᠠᠷ ᠬᠢᠨ᠎ᠠ ︾ ᠃ ᠡᠯ᠎ᠡ ᠨᠡᠭᠦᠷᠡᠰᠦᠨ ᠠᠭᠤᠷᠬᠠᠢ ᠶᠢᠨ | ᠠᠵᠤ ᠠᠬᠤᠶᠢᠯᠠᠯ ᠨᠢ ᠡᠷᠬᠡᠪᠰᠢ ᠨᠡᠭᠦᠷᠡᠰᠦᠨ ᠤ ᠢᠷᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠲᠠᠢ ᠢᠳᠡᠪᠬᠢᠲᠡᠢ ᠪᠠᠷ ᠵᠣᠯᠭᠠᠭᠤᠯᠵᠤ ᠂ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠂ ᠵᠥᠷᠢᠴᠡᠯ ᠢ ᠲᠣᠬᠢᠲᠠᠢ | ᠰᠢᠢᠳᠪᠦᠷᠢᠯᠡᠵᠦ ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠬᠠᠩᠭᠠᠯᠭ᠎ᠠ ᠶᠢ ᠠᠷᠠᠳ ᠣᠯᠠᠨ ᠤ ᠰᠡᠳᠬᠢᠯ ᠢ ᠳᠤᠯᠠᠭᠠᠴᠠᠭᠤᠯᠬᠤ ᠶᠠᠪᠤᠳᠠᠯ ᠪᠣᠯᠭᠠᠨ᠎ᠠ ᠃ | ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠷᠬᠡᠪᠰᠢ ᠡᠨᠡ ᠬᠦ ᠠᠵᠢᠯ ᠢ ᠨᠠᠷᠢᠨ | ᠪᠥᠭᠡᠳ ᠪᠣᠳᠠᠲᠠᠢ ᠬᠢᠵᠦ ᠂ ᠰᠠᠭᠤᠷᠢ ᠲᠤᠭ᠎ᠠ ᠶᠢ ᠪᠦᠷᠢᠳᠬᠡᠬᠦ ᠶᠠᠪᠤᠴᠠ ᠳᠤ ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ ᠂ ᠲᠤᠭ᠎ᠠ ᠪᠠᠷᠢᠮᠲᠠ ᠶᠢ | ᠬᠠᠷᠢᠴᠠᠭᠤᠯᠬᠤ ᠂ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠦᠨᠡᠨᠬᠦ ᠰᠠᠶᠢᠲᠤᠷ ᠬᠢᠵᠦ ᠂ ᠪᠦᠷᠢᠳᠭᠡᠯ ᠢ ᠣᠷᠬᠢᠭᠳᠠᠭᠤᠯᠬᠤ ᠦᠭᠡᠢ ᠂ | ᠳᠠᠪᠬᠤᠷᠳᠠᠭᠤᠯᠤᠨ ᠪᠦᠷᠢᠳᠬᠡᠬᠦ ᠦᠭᠡᠢ ᠪᠠᠶᠢᠬᠤ ᠶᠢ ᠪᠡᠶᠡᠯᠡᠭᠦᠯᠵᠦ ᠂ ᠰᠠᠶᠢᠨ ᠶᠠᠪᠤᠳᠠᠯ ᠢ ᠰᠠᠶᠢᠲᠤᠷ ᠬᠢᠵᠦ ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠶᠢ | ᠦᠨᠡᠨᠬᠦ ᠪᠠᠲᠤᠯᠠᠨ᠎ᠠ ᠃ | ︵ ᠬᠤᠶᠠᠷ ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ ᠃ ᠪᠥᠬᠦ ᠬᠤᠰᠢᠭᠤᠨ ᠤ ᠺᠠᠳ᠋ᠷ ᠣᠯᠠᠨ ᠲᠦᠮᠡᠨ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ | ᠶᠢᠨ ᠡᠯ᠎ᠡ ᠵᠦᠢᠯ ᠤᠨ ᠠᠵᠢᠯ ᠳᠤ ᠪᠥᠬᠦ ᠬᠦᠴᠦᠨ ᠢᠶᠠᠷ ᠢᠶᠠᠨ ᠬᠠᠮᠵᠢᠯᠴᠠᠵᠤ ᠂ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ ᠡᠨᠡ | ᠠᠵᠢᠯᠯᠠᠭ᠎ᠠ ᠳᠤ ᠤᠷᠤᠯᠴᠠᠵᠤ ᠨᠡᠬᠦᠷᠡᠰᠤ ᠬᠤᠪᠢᠳᠠᠨ ᠣᠯᠬᠤ ᠶᠢ ᠡᠷᠡᠰ ᠬᠤᠷᠢᠭᠯᠠᠨ᠎ᠠ ︔ ᠡᠭᠦᠨ ᠤ ᠬᠠᠮᠲᠤ ᠂ ᠶᠠᠮᠠᠷᠪᠠ ᠬᠡᠯᠪᠡᠷᠢ ᠪᠠᠷ ︽ ᠰᠡᠳᠬᠢᠯ ᠢ ᠳᠤᠯᠠᠭᠠᠴᠠᠭᠤᠯᠬᠤ | ᠨᠡᠭᠦᠷᠡᠰᠦ ︾ ᠶᠢ ᠮᠡᠬᠡᠯᠡᠨ ᠠᠪᠤᠭᠰᠠᠨ ᠪᠤᠶᠤ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢ ᠠᠰᠢᠭᠯᠠᠨ ᠠᠰᠢᠭ ᠣᠯᠣᠭᠰᠠᠳ ᠢ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠵᠢᠴᠢ ᠲᠣᠰᠬᠤᠨ ᠬᠤᠷᠰᠢᠶ᠎ᠠ ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠪᠤᠶᠤ ᠲᠠᠷᠢᠶᠠᠴᠢᠨ ᠡᠷᠦᠬᠡ ᠶᠢᠨ | ᠠᠯᠢ ᠶᠢ ᠨᠢ ᠴᠦ ᠭᠡᠰᠡᠨ ᠴᠥᠮ ᠡᠷᠡᠰ ᠴᠢᠩᠭ᠎ᠠ ᠵᠠᠯᠬᠠᠭᠠᠨ ᠰᠢᠢᠳᠬᠡᠨ᠎ᠡ ᠃ | ︵ ᠭᠤᠷᠪᠠ ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠠᠮᠢᠶ᠎ᠠ | ᠪᠦᠬᠦᠢ ᠰᠠᠯᠠᠭ᠎ᠠ ᠮᠥᠴᠢᠷ ᠨᠢ ᠠᠮᠤᠷ ᠲᠦᠪᠰᠢᠨ ᠢᠶᠠᠷ ᠬᠥᠭᠵᠢᠭᠦᠯᠬᠦ ᠤᠶᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠵᠤ ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ | ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠰᠠᠶᠢᠲᠤᠷ ᠪᠠᠲᠤᠯᠠᠨ᠎ᠠ ᠃ ᠨᠡᠭᠦᠷᠡᠰᠦᠨ ᠤ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠪᠣᠷᠣᠭᠠᠨ ᠴᠠᠰᠤ ᠮᠥᠰᠥᠲᠦᠯ ᠵᠡᠷᠭᠡ ᠬᠦᠨᠳᠦ ᠶᠡᠭᠡ ᠪᠠᠶᠢᠭᠠᠯᠢ ᠶᠢᠨ | ᠭᠠᠮᠰᠢᠭ ᠪᠠ ᠭᠡᠨᠡᠳᠲᠡ ᠶᠢᠨ ᠴᠢᠨᠠᠷᠲᠠᠢ ᠬᠡᠷᠡᠭ ᠲᠤ ᠴᠢᠭᠯᠡᠭᠦᠯᠦᠨ ᠂ ᠪᠡᠯᠡᠳᠬᠡᠯ ᠲᠥᠰᠥᠯ ᠢ ᠴᠠᠭ ᠲᠤᠬᠠᠢ ᠳᠤᠨᠢ ᠡᠬᠢᠯᠡᠭᠦᠯᠵᠦ ᠂ ᠡᠷᠲᠡ ᠠᠴᠠ ᠰᠡᠷᠡᠮᠵᠢᠯᠡᠭᠦᠯᠵᠦ ᠂ | ᠡᠷᠲᠡ ᠠᠴᠠ ᠪᠠᠶᠢᠷᠢᠯᠠᠭᠤᠯᠵᠤ ᠂ ᠡᠷᠲᠡ ᠠᠴᠠ ᠠᠷᠭᠠᠴᠠᠭᠠᠬᠤ ᠶᠢ ᠪᠡᠶᠡᠯᠡᠭᠦᠯᠵᠦ ᠂ ᠨᠡᠭᠦᠷᠡᠰᠦᠨ ᠤ ᠬᠠᠩᠭᠠᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠴᠠᠭ ᠲᠤᠬᠠᠢ | ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ ᠃ | ︵ ᠳᠥᠷᠪᠡ ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠂ | ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ︽ ᠬᠤᠶᠠᠷ ᠠᠯᠪᠠᠨ ᠭᠡᠷ ︾ ᠤᠨ ᠱᠠᠯᠠᠪᠳᠠᠨ ᠪᠠᠶᠢᠴᠠᠭᠠᠬᠤ ᠲᠠᠰᠤᠭ ᠨᠢ ︽ ᠬᠢᠨᠠᠯᠲᠠ ᠲᠠᠯᠪᠢᠭᠴᠢ ︾ | ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ ᠂ ᠲᠤᠬᠠᠢ ᠶᠢᠨ ᠭᠠᠵᠠᠷ ᠲᠤᠨᠢ ᠭᠦᠨᠵᠡᠭᠡᠢ ᠬᠢᠨᠠᠯᠲᠠ ᠪᠠᠶᠢᠴᠠᠭᠠᠯᠲᠠ ᠬᠢᠵᠦ ᠂ ᠲᠤᠬᠠᠢ ᠶᠢᠨ ᠲᠠᠯᠠᠪᠤᠷ ᠲᠤᠨᠢ | ᠠᠵᠢᠯ ᠤᠨ ᠠᠬᠢᠴᠠ ᠶᠢ ᠣᠶᠢᠯᠠᠭᠠᠨ ᠂ ᠬᠦᠷᠦᠯᠴᠡᠬᠦ ᠦᠭᠡᠢ ᠲᠠᠯ᠎ᠠ ᠶᠢ ᠨᠢᠭᠤᠷᠲᠠᠨ ᠵᠢᠭᠠᠵᠤ ᠂ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ ᠂ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠤᠨ ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠃ | ᠲᠣᠰ ᠲᠥᠰᠥᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ ᠂ ︽ ᠵᠡᠭᠦᠨᠭᠠᠷ ᠬᠤᠰᠢᠭᠤᠨ ᠤ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ | ᠬᠡᠷᠡᠭᠯᠡᠬᠦ ᠨᠡᠬᠦᠷᠡᠰᠤ ᠶᠢ ᠪᠠᠳᠤᠯᠠᠬᠤ ᠠᠵᠢᠯ ᠤᠨ ᠲᠥᠰᠥᠯ ︾ ᠢ ᠳᠠᠷᠤᠮᠠᠯᠯᠠᠨ ᠲᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠮᠡᠳᠡᠭᠳᠡᠯ ︾ ︵ ᠵᠡᠭᠦᠨᠭᠠᠷ ᠵᠠᠰᠠᠭ ᠠᠯᠪᠠᠨ ᠲᠠᠷᠬᠠᠭᠠᠭᠰᠠᠨ ﹇ 2024 ﹈ 9 ᠲᠣᠭᠠᠲᠤ ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ ᠃ | | | | |