| ᠲᠦᠷᠦᠭᠦᠬᠡᠨ ᠂ ︽ᠵᠡᠭᠦᠨᠭᠠᠷ ᠬᠤᠰᠢᠭᠤᠨ ᠤ ᠤᠯᠤᠰ ᠤᠨ ᠥᠮᠴᠢᠯᠡᠯᠲᠦ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ ︵ ᠲᠤᠷᠰᠢᠨ ᠬᠡᠷᠡᠭᠵᠢᠭᠦᠯᠬᠦ ︶ ︾ ︵ | ᠳᠣᠷᠣᠭᠰᠢ ︽ ᠬᠠᠮᠢᠶᠠᠷᠤᠯᠲᠠ ᠶᠢᠨ ᠠᠷᠭ᠎ᠠ ︾ ᠭᠡᠵᠦ ᠲᠣᠪᠴᠢᠯᠠᠨ᠎ᠠ ︶ ᠶᠢ ᠨᠡᠶᠢᠲᠡᠯᠡᠨ ᠬᠡᠷᠡᠭᠵᠢᠭᠦᠯᠪᠡ ᠃ ᠲᠤᠰ ᠠᠷᠭ᠎ᠠ ᠶᠢ ᠭᠡᠷᠡᠭᠵᠢᠬᠦᠯᠬᠦ ᠶᠢᠨ ᠵᠤᠷᠢᠯᠭ᠎ᠠ ᠪᠤᠯ | ᠵᠡᠭᠦᠨᠭᠠᠷ ᠬᠤᠰᠢᠭᠤᠨ ᠤ ᠤᠯᠤᠰ ᠤᠨ ᠥᠮᠴᠢᠯᠡᠯᠲᠦ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢ ᠴᠢᠩᠭᠠᠳᠬᠠᠵᠤ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠦᠷᠢᠮ ᠤᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠳᠠᠬᠢ ᠰᠥᠯᠪᠡᠭᠡᠯᠳᠦᠵᠤ | ᠪᠠᠶᠢᠭᠠᠳ ᠳᠠᠭᠠᠭᠠᠴᠢᠯᠠᠯᠲᠠ ᠬᠦᠯᠢᠶᠡᠬᠦ ᠵᠡᠷᠭᠡ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠰᠡᠷᠭᠡᠶᠢᠯᠡᠨ ᠵᠠᠰᠠᠵᠤ ᠂ ᠪᠥᠬᠦ ᠬᠡᠯᠬᠢᠶ᠎ᠡ ᠪᠠᠷ ᠬᠢᠨᠠᠯᠳᠠ ᠳᠠᠯᠪᠢᠨ ᠬᠠᠮᠢᠶᠠᠷᠬᠤ ᠂ | ᠪᠥᠬᠦ ᠶᠠᠪᠤᠴᠠ ᠪᠠᠷ ᠬᠢᠨᠠᠯᠳᠠ ᠳᠠᠯᠪᠢᠨ ᠬᠠᠮᠢᠶᠠᠷᠬᠤ ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠢᠨᠠᠯᠳᠠ ᠳᠠᠯᠪᠢᠨ ᠬᠠᠮᠢᠶᠠᠷᠬᠤ ᠪᠠᠷ ᠳᠡᠮᠵᠢᠨ ᠂ ᠬᠤᠯᠪᠤᠭᠠᠯᠠᠨ | ᠬᠥᠳᠡᠯᠦᠯᠴᠡᠵᠦ ᠬᠠᠮᠲᠤᠪᠠᠷ ᠵᠠᠰᠠᠬᠤ ᠶᠢ ᠴᠢᠩᠭᠠᠳᠬᠠᠨ ᠂ ᠪᠥᠬᠦ ᠴᠤᠪᠤᠷᠠᠯ ᠪᠥᠬᠦ ᠬᠡᠯᠬᠢᠶ᠎ᠡ ᠪᠠᠷ ᠬᠠᠮᠢᠶᠠᠷᠬᠤ ᠶᠢ ᠪᠣᠶ ᠪᠣᠯᠭᠠᠵᠤ ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠤᠬᠢ ᠰᠠᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠴᠦᠯᠡᠨ ᠪᠣᠶ ᠪᠣᠯᠭᠠᠬᠤ ᠶᠢᠨ ᠳᠦᠯᠦᠭᠡ ᠶᠤᠮ ᠃ ︽ ᠬᠠᠮᠢᠶᠠᠷᠤᠯᠲᠠ ᠶᠢᠨ | ᠠᠷᠭ᠎ᠠ ︾ ᠶᠢᠨ ᠠᠭᠤᠯᠭ᠎ᠠ ᠶᠢ ᠨᠠᠩ ᠰᠠᠶᠢᠲᠤᠷ ᠣᠶᠢᠯᠠᠭᠠᠵᠤ ᠂ ᠳᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨᠬᠦ ᠰᠠᠶᠢᠲᠤᠷ ᠬᠢᠬᠦ ᠳᠤ ᠲᠥᠬᠦᠮ ᠦᠵᠡᠭᠦᠯᠬᠦ ᠶᠢᠨ | ᠲᠤᠰᠠᠳᠠ ᠂ ᠡᠳᠦᠭᠡ ︽ ᠬᠠᠮᠢᠶᠠᠷᠤᠯᠲᠠ ᠶᠢᠨ ᠠᠷᠭ᠎ᠠ ︾ ᠶᠢᠨ ᠠᠭᠤᠯᠭ᠎ᠠ ᠶᠢᠨ ᠲᠤᠬᠠᠢ ᠰᠢᠷᠢᠰ ᠲᠠᠶᠢᠯᠤᠮᠵᠢ ᠬᠢᠶ᠎ᠠ ᠃ | | ᠨᠠᠶᠢᠷᠠᠭᠤᠯᠵᠤ ᠳᠤᠬᠳᠠᠭᠠᠬᠰᠠᠨ ᠤ ᠠᠬᠤᠢ ᠪᠠᠶᠢᠳᠠᠯ | ᠤᠯᠤᠰ ᠤᠨ ᠥᠮᠴᠢᠯᠡᠯᠲᠦ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ | ᠠᠵᠢᠯᠯᠠᠭ᠎ᠠ ᠶᠢ ᠳᠦᠷᠢᠮᠵᠢᠬᠦᠯᠵᠤ ᠂ ᠤᠯᠤᠰ ᠤᠨ ᠥᠮᠴᠢᠯᠡᠯᠲᠦ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠬᠡᠷᠡᠭᠵᠢᠭᠦᠯᠬᠦ ᠪᠥᠬᠦ ᠶᠠᠪᠤᠴᠠ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠶᠢᠨ ᠳᠤᠰᠠᠳᠠ ᠂ ︽ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦᠷᠢᠮ ︾ ᠂ ︽ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠬᠦᠷᠢᠶ᠎ᠡ ᠴᠠᠷᠠᠭ᠎ᠠ ᠶᠢᠨ ᠳᠦᠪ ᠭᠤᠥᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ | ᠵᠡᠭᠦᠨᠭᠠᠷ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠲᠣᠰ ᠠᠷᠭ᠎ᠠ ᠶᠢ ᠲᠣᠭᠲᠠᠭᠠᠪᠠ ᠃ | | ᠲᠣᠭᠲᠠᠭᠠᠭᠰᠠᠨ ᠤ ᠠᠴᠢ ᠬᠤᠯᠪᠣᠭᠳᠠᠯ | ᠳᠠᠭᠠᠭᠠᠴᠢᠯᠠᠯᠲᠠ ᠵᠠᠷᠯᠠᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠳᠠᠭᠠᠭᠠᠴᠢᠯᠠᠯᠲᠠ ᠵᠠᠷᠯᠠᠭᠴᠢ ᠶᠢᠨ ᠭᠤᠣᠯ ᠴᠣᠭᠴᠠ ᠶᠢᠨ | ᠠᠵᠢᠯᠯᠠᠭ᠎ᠠ ᠶᠢ ᠳᠦᠷᠢᠮᠵᠢᠬᠦᠯᠤᠨ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠡᠯ᠎ᠡ ᠭᠤᠭᠴᠤᠭ᠎ᠠ ᠶᠢᠨ ᠴᠤᠪᠤᠷᠠᠯ ᠪᠣᠯᠣᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠦᠷᠢᠶ᠎ᠡ ᠴᠠᠷᠠᠭ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠵᠦ ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠎ᠡ ᠃ ᠤᠯᠤᠰ | ᠣᠷᠣᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠬᠢᠵᠦ ᠪᠠᠶᠢᠭ᠎ᠠ ᠡᠯ᠎ᠡ | ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | | ᠭᠤᠣᠯ ᠠᠭᠤᠯᠭ᠎ᠠ ᠶᠢᠨ ᠲᠠᠶᠢᠯᠤᠮᠵᠢ | | ᠨᠢᠭᠡᠳᠦᠭᠡᠷ ᠪᠦᠯᠦᠭ ᠶᠡᠷᠦᠩᠬᠡᠢ ᠳᠦᠷᠢᠮ | ︽ ᠬᠠᠮᠢᠶᠠᠷᠤᠯᠲᠠ ᠶᠢᠨ ᠠᠷᠭ᠎ᠠ ︾ ᠶᠢ ᠨᠡᠶᠢᠲᠡᠯᠡᠭᠰᠡᠨ ᠨᠢ ᠂ ᠵᠡᠭᠦᠨᠭᠠᠷ ᠬᠤᠰᠢᠭᠤᠨ ᠤ ᠤᠯᠤᠰ ᠤᠨ ᠥᠮᠴᠢᠯᠡᠯᠳᠤ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢ ᠴᠢᠩᠭᠠᠳᠬᠠᠵᠤ ᠂ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠬᠦᠷᠢᠶ᠎ᠡ ᠴᠠᠷᠠᠭ᠎ᠠ ᠶᠢᠨ ᠰᠥᠯᠪᠡᠭᠡᠯᠳᠦᠵᠤ ᠪᠠᠶᠢᠭᠠᠳ ᠳᠠᠭᠠᠭᠠᠴᠢᠯᠠᠯᠲᠠ ᠬᠦᠯᠢᠶᠡᠬᠦ ᠵᠡᠷᠭᠡ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠰᠡᠷᠭᠡᠶᠢᠯᠡᠨ ᠵᠠᠰᠠᠵᠤ ᠂ ᠪᠥᠬᠦ | ᠬᠡᠯᠬᠢᠶ᠎ᠡ ᠪᠠᠷ ᠬᠢᠨᠠᠯᠳᠠ ᠳᠠᠯᠪᠢᠨ ᠬᠠᠮᠢᠶᠠᠷᠬᠤ ᠂ ᠪᠥᠬᠦ ᠶᠠᠪᠤᠴᠠ ᠪᠠᠷ ᠬᠢᠨᠠᠯᠳᠠ ᠳᠠᠯᠪᠢᠨ ᠬᠠᠮᠢᠶᠠᠷᠬᠤ ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠢᠨᠠᠯᠳᠠ ᠳᠠᠯᠪᠢᠨ | ᠬᠠᠮᠢᠶᠠᠷᠬᠤ ᠪᠠᠷ ᠳᠡᠮᠵᠢᠨ ᠂ ᠬᠤᠯᠪᠤᠭᠠᠯᠠᠨ ᠬᠥᠳᠡᠯᠦᠯᠴᠡᠵᠦ ᠬᠠᠮᠲᠤᠪᠠᠷ ᠵᠠᠰᠠᠬᠤ ᠶᠢ ᠴᠢᠩᠭᠠᠳᠬᠠᠨ ᠂ ᠪᠥᠬᠦ ᠴᠤᠪᠤᠷᠠᠯ ᠪᠥᠬᠦ ᠬᠡᠯᠬᠢᠶ᠎ᠡ ᠪᠠᠷ ᠬᠠᠮᠢᠶᠠᠷᠬᠤ ᠶᠢ ᠪᠣᠶ | ᠪᠣᠯᠭᠠᠵᠤ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠤᠬᠢ ᠰᠠᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠴᠦᠯᠡᠨ ᠪᠣᠶ ᠪᠣᠯᠭᠠᠬᠤ ᠶᠢᠨ | ᠳᠦᠯᠦᠭᠡ ᠶᠤᠮ ᠃ ᠲᠡᠭᠦᠨ ᠤ ᠬᠡᠷᠡᠭᠯᠡᠭᠳᠡᠬᠦ ᠬᠡᠪᠴᠢᠶ᠎ᠡ ᠪᠤᠯ ᠵᠡᠭᠦᠨᠭᠠᠷ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ | ᠵᠠᠷᠯᠠᠬᠤ ᠬᠡᠪᠴᠢᠶᠡᠨ ᠳᠠᠬᠢ ᠤᠯᠤᠰ ᠤᠨ ᠥᠮᠴᠢᠯᠡᠯᠳᠤ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠭᠡᠪᠴᠢᠶᠡᠨ ᠳᠤ ᠪᠠᠶᠢᠬᠤ ᠪᠣᠯᠣᠨ᠎ᠠ ᠃ ︽ ᠬᠠᠮᠢᠶᠠᠷᠤᠯᠲᠠ ᠶᠢᠨ ᠠᠷᠭ᠎ᠠ ︾ ᠳᠤ ᠡᠷᠬᠡᠪᠰᠢ ᠳᠠᠭᠠᠭᠠᠴᠢᠯᠠᠯᠲᠠ ᠵᠠᠷᠯᠠᠬᠤ | ᠬᠡᠷᠡᠭᠲᠡᠢ ᠭᠡᠵᠦ ᠱᠠᠭᠠᠷᠳᠠᠭᠰᠠᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠨᠢ ᠢᠯᠡ ᠳᠤᠳᠤ ᠂ ᠡᠷᠬᠡ ᠲᠡᠭᠰᠢ ᠂ ᠲᠥᠪ ᠭᠤᠥᠯᠴᠢ ᠪᠠ ᠦᠨᠡᠨᠴᠢ ᠢᠲᠡᠭᠡᠮᠵᠢᠲᠡᠢ | ᠪᠠᠶᠢᠬᠤ ᠵᠠᠷᠴᠢᠮ ᠢ ᠵᠢᠷᠤᠮᠯᠠᠵᠤ ᠂ ᠪᠦᠬᠦᠨ ᠢ ᠣᠷᠳᠣᠰ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠲᠤ ᠣᠷᠣᠭᠤᠯᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠶᠠᠪᠤᠭᠳᠠᠭᠤᠯᠵᠤ ᠂ ᠡᠯᠧᠺᠲᠷᠣᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠦᠷᠢᠮ ᠢ | ᠴᠢᠩᠭ᠎ᠠ ᠬᠡᠷᠡᠭᠵᠢᠭᠦᠯᠬᠦ ᠬᠡᠷᠡᠭᠲᠡᠢ ᠃ | ᠵᠡᠭᠦᠨᠭᠠᠷ ᠬᠤᠰᠢᠭᠤᠨ ᠤ ᠤᠯᠤᠰ ᠤᠨ ᠥᠮᠴᠢᠯᠡᠯᠲᠦ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ ︵ ᠲᠤᠷᠰᠢᠨ ᠬᠡᠷᠡᠭᠵᠢᠭᠦᠯᠬᠦ ︶ | |