| ᠤᠯᠤᠰ ᠤᠨ ᠴᠢᠬᠤᠯᠠᠲ᠋ᠠᠷᠢᠶᠠᠯᠠᠩ ᠤᠨᠪᠦ᠋ᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠲᠤᠬᠠᠢ | ᠪᠠᠶᠢᠯᠳᠤᠬᠤ ᠪᠣᠳᠣᠯᠭ᠎ᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠳᠤᠰᠠᠳᠠ ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠨᠢ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ ᠂ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠰᠣᠶᠣᠯ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠲᠠᠢ ᠬᠠᠮᠲᠤᠷᠠᠨ ᠨᠠᠷᠢᠨ ᠨᠢᠮᠪᠠᠢ ᠤᠬᠠᠭᠠᠯᠠᠨ ᠲᠥᠯᠥᠪᠯᠡᠵᠦ ᠠᠵᠢᠯᠯᠠᠭᠤᠯᠤᠭᠠᠳ ᠂ ᠣᠶᠢᠷ᠎ᠠ ᠶᠢᠨ ᠬᠤᠭᠤᠴᠠᠭᠠᠨ ᠳᠤ ︽ ︿ ᠳᠤᠯᠠᠭᠠᠨ | ᠬᠤᠲᠠ ᠶᠢᠨ ᠳᠠᠩᠰᠤᠭ ᠦᠨᠤᠷ ᠠᠮᠲᠠ ﹀ ᠳᠦᠷᠤᠯ ᠲᠡᠮᠳᠡᠭᠲᠦ ᠶᠢᠨ ᠵᠣᠴᠢᠳ ᠤᠨ ᠲᠢᠩᠬᠢᠮ ︾ ᠭᠡᠬᠦ ᠰᠢᠨ᠎ᠡ ᠶᠢ ᠡᠭᠦᠳᠬᠦ ᠬᠡᠯᠪᠡᠷᠢ ᠶᠢᠨ ᠰᠢᠨ᠎ᠡ ᠵᠠᠭᠤᠴᠢᠯᠠᠭᠤᠷ ᠤᠨ | ᠰᠣᠷᠪᠤᠯᠵᠢᠯᠠᠭ᠎ᠠ ᠶᠢᠨ ᠪᠤᠯᠤᠩ ᠢ ᠭᠠᠷᠭᠠᠭᠰᠠᠨ ᠪᠠᠶᠢᠨ᠎ᠠ ᠃ ᠲᠣᠰ ᠪᠤᠯᠤᠩ ᠨᠢ ︽ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠭᠦᠨᠵᠡᠭᠡᠢ | ᠠᠭᠤᠳᠠᠯᠤᠨ ᠂ ᠣᠷᠣᠨ ᠪᠦᠰᠡ ᠶᠢᠨ ᠲᠥᠷᠥᠯ ᠲᠡᠮᠳᠡᠭᠲᠦ ᠶᠢᠨ ᠬᠡᠷᠡᠯ ᠰᠠᠴᠤᠷᠠᠩᠭᠤᠢ ᠠᠮᠵᠢᠯᠲᠠ ᠶᠢ ᠣᠯᠵᠤ ᠂ ᠠᠵᠤ ᠦᠢᠯᠡᠰ ᠤᠨ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠬᠤ ︾ ᠪᠠᠷ ᠭᠤᠣᠯ ᠡᠭᠦᠷᠭᠡ ᠪᠠᠨ | ᠪᠣᠯᠭᠠᠵᠤ ᠂ ᠭᠦᠨᠵᠡᠭᠡᠢ ᠠᠭᠤᠳᠠᠯᠬᠤ ᠪᠠ ᠥᠷᠭᠡᠨ ᠢᠶᠠᠷ ᠤᠯᠠᠮᠵᠢᠯᠠᠬᠤ ᠪᠠᠷ ᠳᠠᠮᠵᠢᠭᠤᠯᠤᠨ ᠂ ᠦᠢᠯᠡᠳᠪᠦᠷᠢ ᠶᠢᠨ ᠲᠠᠰᠤᠭ ᠲᠤ ᠬᠦᠷᠴᠦ ᠂ ᠣᠷᠳᠣᠰ ᠤᠨ ᠲᠠᠷᠢᠶᠠᠯᠠᠩ | ᠮᠠᠯ ᠠᠵᠤ ᠠᠬᠤᠢ ᠶᠢᠨ ᠲᠥᠷᠥᠯ ᠲᠡᠮᠳᠡᠭᠲᠦ ᠶᠢᠨ ᠥᠪᠡᠷᠮᠢᠴᠡ ᠥᠯᠢᠭᠡᠷ ᠢ ᠲᠣᠭᠠᠴᠢᠨ ᠂ ᠲᠥᠷᠥᠯ ᠲᠡᠮᠳᠡᠭᠲᠦ ᠶᠢᠨ ᠴᠢᠩᠭ᠎ᠠ ᠲᠠᠭᠤᠨ ᠢ ᠳᠠᠮᠵᠢᠭᠤᠯᠵᠤ ᠂ ᠬᠡᠷᠡᠯ | ᠰᠠᠴᠤᠷᠠᠩᠭᠤᠢ ᠳᠦᠷᠢ ᠲᠥᠷᠬᠦ ᠶᠢ ᠢᠯᠡᠷᠡᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ ᠃ | ᠶᠢᠰᠦᠳᠦᠭᠡᠷ ᠬᠤᠭᠤᠴᠠᠭᠠᠨ ᠤ ᠫᠷᠣᠭ᠍ᠷᠠᠮ ᠢᠶᠠᠷ ᠂ ᠪᠢᠳᠡ ︽ ᠳᠤᠯᠠᠭᠠᠨ ᠬᠤᠲᠠ ᠶᠢᠨ ᠳᠠᠩᠰᠤᠭ ᠦᠨᠤᠷ ᠠᠮᠲᠠ ︾ ᠶᠢᠨ ᠡᠷᠬᠡ ᠣᠯᠭᠤᠭᠰᠠᠨ ᠦᠢᠯᠡᠳᠬᠦᠨ ᠤ | ᠠᠵᠤ ᠠᠬᠤᠶᠢᠯᠠᠯ ︱ ᠵᠡᠭᠦᠨᠭᠠᠷ ᠬᠤᠰᠢᠭᠤᠨ ᠤ ᠯᠢᠦᠢ ᠫᠢᠩ ᠯᠢᠨ ᠬᠦᠸᠧ ᠠᠵᠤ ᠦᠢᠯᠡᠰ ᠤᠨ ᠲᠤᠰᠬᠠᠢ ᠬᠤᠷᠰᠢᠶᠠᠵᠢᠯ ᠲᠠᠢ ᠳᠠᠨᠢᠯᠴᠠᠵᠠᠭᠠᠶᠠ ᠃ ᠡᠨᠡᠬᠦ ᠡᠯᠪᠡᠭ | ᠬᠤᠷᠢᠶᠠᠯᠲᠠ ᠶᠢᠨ ᠤᠯᠠᠷᠢᠯ ᠳᠤ ᠂ ︽ᠳᠤᠯᠠᠭᠠᠨ ᠬᠤᠳᠠ ᠶᠢᠨ ᠳᠠᠩᠰᠤᠭ ᠦᠨᠦᠷ ᠠᠮᠲᠠ︾ ᠳᠦᠷᠤᠯ ᠲᠡᠮᠳᠡᠭᠲᠦ ᠵᠣᠴᠢᠳ ᠤᠨ ᠲᠢᠩᠬᠢᠮ ᠤᠨ ᠬᠢᠨ ᠳᠠᠬᠢᠨᠲᠠ | ᠮᠣᠷᠳᠠᠵᠤ ᠂ ᠰᠠᠶᠢᠨ ᠰᠠᠶᠢᠬᠠᠨ ᠬᠡᠷᠡᠭ ᠪᠣᠳᠠᠰ ᠤᠨ ᠲᠤᠬᠠᠢ ᠬᠦᠰᠡᠯ ᠡᠷᠡᠮᠡᠯᠵᠡᠯ ᠪᠤᠯᠤᠨ ᠰᠦᠪᠡᠭᠴᠢᠯᠡᠯ ᠢ ᠡᠪᠦᠷᠯᠡᠨ᠂ ᠣᠷᠳᠣᠰ ᠬᠤᠳᠠ ᠶᠢᠨ ᠵᠡᠭᠦᠨᠭᠠᠷ ᠬᠤᠰᠢᠭᠤᠨ ᠤ | ᠬᠠᠷᠵᠠᠳᠠᠢ ᠰᠢᠶᠠᠩ ᠤᠨ ᠳ᠋ᠧ ᠱᠧᠩ ᠶᠢᠤ ᠯᠢᠶᠠᠩ ᠲᠣᠰᠬᠤᠨ ᠳᠤ ᠬᠦᠷᠴᠤ ᠢᠷᠡᠯ᠎ᠠ ᠃ ᠠᠳᠡ ᠬᠥᠬᠡᠮᠳᠦᠭ ᠨᠣᠭᠤᠭᠠᠨ ᠠᠭᠤᠯᠠ ᠤᠰᠤ | ᠪᠠᠶᠢᠬᠤ ᠪᠠᠷ ᠦᠯᠤ ᠪᠠᠷᠠᠨ ᠂ ᠨᠡᠩ ᠴᠤ ᠬᠦᠰᠡᠯ ᠡᠷᠡᠮᠡᠯᠵᠡᠯ ᠪᠣᠯᠣᠨ ᠠᠭᠤᠯᠠᠷᠬᠠᠭ ᠭᠠᠵᠠᠷ ᠤᠨ ᠠᠮᠲᠠᠲᠤ ᠰᠠᠶᠢᠬᠠᠨᠠᠯᠮᠤᠷᠠᠳ ᠤᠨ ᠬᠦᠷᠢᠶᠡᠯᠡᠩ ᠢ ᠪᠣᠶᠢᠵᠢᠭᠤᠯᠤᠨ | ᠭᠠᠷᠭᠠᠬᠰᠠᠨ ᠪᠠᠶᠢᠨ᠎ᠠ᠃ ᠬᠢᠯᠳᠤᠭᠡᠨᠡᠮᠠ ᠰᠠᠶᠢᠬᠠᠨ ᠂ ᠤᠪ ᠤᠯᠠᠭᠠᠨ ᠠᠯᠮᠤᠷᠠᠳ ᠪᠤᠯ ᠬᠠᠷᠵᠠᠳᠠᠢ ᠰᠢᠶᠠᠩ ᠨᠤᠲᠤᠭ ᠤᠨ ᠠᠷᠠᠳ | ᠲᠦᠮᠡᠨ ᠤ ᠬᠡᠬᠦᠳᠡᠭ ᠳᠦᠭᠦᠷᠡᠩ ᠬᠠᠯᠠᠭᠤᠨ ᠰᠡᠳᠬᠢᠯ ᠪᠠ ᠬᠠᠷᠠᠮ ᠦᠭᠡᠢ ᠵᠣᠷᠢᠭ ᠢᠶᠠᠷ ᠨᠠᠷᠢᠨ ᠨᠢᠮᠪᠠᠢ ᠪᠣᠶᠢᠵᠢᠭᠤᠯᠤᠨ ᠭᠠᠷᠭᠠᠬᠰᠠᠨ ᠦᠨᠡᠲᠦ ᠡᠷᠳᠡᠨᠢ ᠪᠣᠯᠣᠨ᠎ᠠ᠂ | ᠲᠡᠳᠡᠭᠡᠷ ᠨᠢ ᠨᠤᠸᠠᠨ ᠱᠦᠢ ᠶᠢᠨ ᠠᠷᠠᠳ ᠲᠦᠮᠡᠨ ᠤ 27 ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ᠂ 9800 ᠭᠠᠷᠤᠢ ᠡᠳᠦᠷ ᠰᠥᠨᠢ ᠶᠢᠨ ᠰᠠᠬᠢᠨ ᠬᠦᠯᠢᠶᠡᠯᠲᠡ | ᠵᠢᠴᠢ ᠨᠡᠶᠢᠳᠡ 235200 ᠴᠠᠭ ᠤᠨ ᠨᠠᠷᠢᠨ ᠨᠢᠮᠪᠠᠢ ᠬᠠᠮᠠᠭᠠᠯᠠᠯᠲᠠ ᠶᠢ ᠭᠡᠷᠡᠴᠢᠯᠡᠨ᠎ᠠ᠃ ᠡᠨᠡ ᠨᠢ ᠵᠢᠮᠢᠰ ᠤᠨ ᠬᠤᠷᠢᠶᠠᠯᠲᠠ ᠪᠣᠯᠬᠤ ᠪᠠᠷ ᠦᠯᠤ ᠪᠠᠷᠠᠨ ᠂ ᠨᠠᠩ ᠴᠤ | ᠬᠦᠴᠦ ᠬᠥᠯᠥᠰᠦ ᠪᠣᠯᠣᠨ ᠬᠦᠰᠡᠯ ᠵᠡᠭᠦᠳᠦ ᠰᠦᠯᠵᠢᠯᠳᠦᠭᠰᠡᠨ ᠠᠮᠲᠠᠲᠤ ᠰᠠᠶᠢᠬᠠᠨ ᠦᠷ᠎ᠡ ᠵᠢᠮᠢᠰ ᠪᠣᠯᠬᠤ ᠶᠤᠮ ᠃ | | ︽ᠳᠤᠯᠠᠭᠠᠨ ᠬᠤᠳᠠ ᠶᠢᠨ ᠳᠠᠩᠰᠤᠭ ᠦᠨᠤᠷ ᠠᠮᠲᠠ︾ ᠳᠦᠷᠤᠯ ᠲᠡᠮᠳᠡᠭᠲᠦ ᠵᠣᠴᠢᠳ ᠤᠨ ᠲᠢᠩᠬᠢᠮ ᠤᠨ ᠬᠢᠨ | ᠵᠡᠭᠦᠨᠭᠠᠷ ᠬᠤᠰᠢᠭᠤᠨ ᠤ ᠯᠢᠦᠢ ᠫᠢᠩ ᠯᠢᠨ ᠬᠦᠸᠧ ᠠᠵᠤ ᠦᠢᠯᠡᠰ ᠤᠨ ᠲᠤᠰᠬᠠᠢ ᠬᠤᠷᠰᠢᠶᠠᠵᠢᠯ ᠳᠤ ᠬᠦᠷᠴᠤ ᠢᠷᠡᠯ᠎ᠠ | | | | ᠬᠠᠷᠵᠠᠳᠠᠢ ᠰᠢᠶᠠᠩ ᠤᠨᠠᠭᠤᠯᠠᠷᠬᠠᠭ ᠭᠠᠵᠠᠷ ᠤᠨ ᠠᠯᠮᠤᠷᠠᠳ ᠪᠤᠯ | ᠡᠭᠡ ᠪᠠᠶᠢᠭᠠᠯᠢ ᠠᠴᠠ ᠰᠤᠶᠤᠷᠬᠠᠬᠰᠠᠨ ᠭᠡᠰᠢᠭ ᠶᠤᠮ | | ᠬᠠᠷᠵᠠᠳᠠᠢ ᠰᠢᠶᠠᠩ ᠤᠨᠠᠭᠤᠯᠠᠷᠬᠠᠭ ᠭᠠᠵᠠᠷ ᠤᠨ ᠠᠯᠮᠤᠷᠠᠳ ᠨᠢ ᠤᠮᠠᠷᠠᠲᠤ ᠥᠷᠭᠡᠷᠢᠭ ᠤᠨ 39°42′ ᠂ ᠲᠡᠯᠡᠶ ᠶᠢᠨ | ᠲᠦᠪᠰᠢᠨ ᠠᠴᠠ ᠪᠠᠷᠤᠭ 1400 ᠮᠧᠲᠷ ᠡᠷᠭᠦᠭᠳᠡᠭᠰᠡᠨ ᠳᠣᠪᠣᠷᠬᠠᠭ ᠭᠤᠸ ᠭᠠᠩᠭ᠎ᠠ ᠲᠠᠢ ᠬᠠᠶᠢᠷ ᠴᠢᠯᠠᠭᠤᠯᠢᠭ ᠤᠨ ᠣᠷᠣᠨ ᠳᠤ ᠤᠷᠭᠤᠵᠤ ᠂ ᠣᠯᠠᠨ ᠠᠴᠠ | ᠣᠨᠴᠠᠭᠠᠶ ᠪᠠᠶᠢᠭᠠᠯᠢ ᠶᠢᠨ ᠨᠥᠬᠦᠴᠡᠯ ᠨᠢ ᠲᠡᠳᠡᠨ ᠳᠤ ᠥᠪᠡᠷᠮᠢᠴᠡ ᠴᠢᠨᠠᠷ ᠢ ᠣᠯᠭᠤᠭᠰᠠᠨ ᠪᠠᠶᠢᠨ᠎ᠠ ᠃ ᠨᠤᠸᠠᠨ ᠱᠦᠢ ᠶᠢᠨ ᠪᠤᠯᠠᠭ ᠤᠨ ᠤᠰᠤ ᠪᠠᠷ ᠤᠮᠳᠠᠯᠠᠵᠤ ᠂ | 8 ︱ 9 ᠴᠠᠭ ᠤᠨ ᠨᠡᠷᠡᠨ ᠤ ᠳᠤᠰᠤᠯᠳᠠ ᠶᠢ ᠬᠦᠷᠳᠡᠵᠤ ᠂ 150 ᠭᠠᠷᠤᠢ ᠡᠳᠦᠷ ᠤᠨ ᠬᠢᠷᠠᠭᠤ ᠦᠭᠡᠢ ᠬᠤᠭᠤᠴᠠᠭ᠎ᠠ ᠶᠢ ᠥᠩᠭᠡᠷᠡᠭᠦᠯᠦᠭᠰᠡᠨ ᠤ ᠳᠡᠭᠡᠷ᠎ᠡ ᠡᠳᠦᠷ | ᠰᠥᠨᠢ ᠶᠢᠨ ᠳᠤᠯᠠᠭᠠᠨ ᠤ ᠵᠥᠷᠢᠶ᠎ᠡ ᠶᠡᠭᠡ ᠪᠣᠯᠬᠤᠷ ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ ᠤᠨ ᠠᠯᠮᠤᠷᠠᠳ ᠤᠨ ᠭᠠᠳᠠᠷ | ᠪᠠᠶᠢᠳᠠᠯ ᠨᠢ ᠬᠥᠮᠥᠨ ᠤ ᠰᠣᠨᠢᠷᠬᠠᠯ ᠢ ᠲᠠᠲᠠᠬᠤ ᠪᠠᠷ ᠦᠯᠤ ᠪᠠᠷᠠᠨ ᠂ ᠠᠮᠲᠠ ᠰᠢᠮᠲᠡ ᠨᠢ ᠨᠠᠩ ᠴᠤ ᠤᠰᠤᠷᠬᠠᠭ ᠠᠮᠲᠠᠲᠠᠢ ᠪᠠᠶᠢᠳᠠᠭ ᠃ ᠠᠯᠮᠤᠷᠠᠳ ᠪᠦᠷᠢ ᠳᠤ | ᠰᠧᠯᠧᠨ ᠂ ᠲᠡᠮᠦᠷ ᠂ ᠴᠠᠶᠢᠷ ᠵᠡᠷᠭᠡ ᠣᠯᠠᠨ ᠵᠦᠢᠯ ᠤᠨ ᠪᠢᠴᠢᠯ ᠡᠯᠧᠮᠧᠨ᠋ᠲ ᠵᠢᠴᠢ ᠸᠢᠲ᠋ᠠᠮᠢᠨ C ᠵᠡᠷᠭᠡ ᠣᠯᠠᠨ ᠵᠦᠢᠯ ᠤᠨ ᠸᠢᠲ᠋ᠠᠮᠢᠨ ᠡᠯᠪᠡᠭ ᠠᠭᠤᠯᠵᠤ ᠂ ᠰᠢᠮ᠎ᠡ | ᠲᠡᠵᠢᠭᠡᠯ ᠤᠨ ᠥᠷᠲᠡᠭ ᠨᠢ ᠲᠤᠶᠢᠯ ᠤᠨ ᠥᠨᠳᠥᠷ ᠪᠠᠶᠢᠳᠠᠭ ᠃ ᠲᠡᠳᠡᠭᠡᠷ ᠨᠢ ᠤᠯᠠᠨ ᠲᠦᠮᠡᠨ ᠤ ᠪᠠᠶᠠᠵᠢᠨ ᠴᠢᠨᠡᠭᠡᠯᠢᠭᠵᠢᠬᠦ ᠶᠢᠨ ︽ᠡᠷᠳᠡᠨᠢ︾ ᠪᠣᠯᠬᠤ ᠪᠠᠷ ᠦᠯᠤ | ᠪᠠᠷᠠᠨ ᠂ ᠨᠡᠩ ᠴᠤ ᠡᠬᠡ ᠪᠠᠶᠢᠭᠠᠯᠢ ᠠᠴᠠ ᠬᠠᠷᠵᠠᠳᠠᠢ ᠰᠢᠶᠠᠩ ᠤᠨ ᠠᠷᠠᠳ ᠲᠦᠮᠡᠨ ᠳᠤ ᠰᠤᠶᠤᠷᠬᠠᠬᠰᠠᠨ ᠭᠡᠰᠢᠭ ᠪᠣᠯᠬᠤ ᠶᠤᠮ᠃ | ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠠᠩᠬᠠᠳᠠᠭᠴᠢ ᠠᠯᠮᠤᠷᠠᠳ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠳᠦᠷᠤᠯ | ᠳᠡᠮᠳᠡᠭᠳᠤ ᠪᠣᠯᠤᠭᠰᠠᠨ ᠤ ᠬᠤᠪᠢ ᠳᠤ ᠂ ︽ ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ ︾ ᠨᠢ | ᠬᠠᠷᠵᠠᠳᠠᠢ ᠰᠢᠶᠠᠩ ᠤᠨᠠᠷᠠᠳ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠬᠤ ᠪᠠᠷ ᠪᠠᠷᠠᠬᠤ ᠦᠭᠡᠢ ᠂ ᠨᠠᠩ ᠴᠤ ᠥᠪᠥᠷ | ᠮᠣᠩᠭᠤᠯ ᠤᠨ ᠵᠢᠮᠢᠰ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠳᠦᠷᠤᠯ ᠳᠡᠮᠳᠡᠭᠳᠤ ᠶᠢᠨ ᠨᠢᠭᠡᠨ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ | ᠪᠣᠯᠤᠭᠰᠠᠨ ᠪᠠᠶᠢᠨ᠎ᠠ ᠃ | | | | ᠲᠣᠯᠣᠭᠠᠶᠢᠯᠠᠭᠴᠢ ᠳᠤᠰᠬᠠᠢ ᠬᠤᠷᠰᠢᠶᠠᠵᠢᠯ ᠤᠨ ᠬᠥᠭᠵᠢᠨ ᠮᠠᠨᠳᠤᠬᠤ ᠵᠠᠮ | | ᠣᠷᠳᠣᠰ ᠬᠤᠳᠠ ᠶᠢᠨ ᠵᠡᠭᠦᠨᠭᠠᠷ ᠬᠤᠰᠢᠭᠤᠨ ᠤ ᠬᠠᠷᠵᠠᠳᠠᠢ ᠰᠢᠶᠠᠩ ᠤᠨ ᠳ᠋ᠧ ᠱᠧᠩ ᠶᠢᠤ ᠯᠢᠶᠠᠩ ᠲᠣᠰᠬᠤᠨ ᠪᠤᠯ ᠂ | ᠠᠭᠤᠯᠠᠷᠬᠠᠭ ᠭᠠᠵᠠᠷ ᠤᠨ ᠠᠯᠮᠤᠷᠠᠳ ᠳᠠᠷᠢᠵᠤ ᠨᠣᠭᠤᠭᠠᠨ ᠥᠩᠭᠡ ᠪᠠᠷ ᠬᠤᠴᠢᠬᠳᠠᠬᠰᠠᠨ ᠭᠠᠵᠠᠷ ᠤᠷᠤᠨ ᠪᠤᠯᠤᠨ᠎ᠠ᠃ ᠠᠳᠡᠬᠢ ᠪᠣᠯ ᠵᠡᠭᠦᠨᠭᠠᠷ ᠬᠤᠰᠢᠭᠤᠨ ᠤ ᠯᠢᠦᠢ | ᠫᠢᠩ ᠯᠢᠨ ᠬᠦᠸᠧ ᠠᠵᠤ ᠦᠢᠯᠡᠰ ᠤᠨ ᠲᠤᠰᠬᠠᠢ ᠬᠤᠷᠰᠢᠶᠠᠵᠢᠯ ᠤᠨ ᠪᠠᠶᠢᠷᠢᠯᠠᠵᠤ ᠪᠠᠶᠢᠭ᠎ᠠ ᠭᠠᠵᠠᠷ ᠪᠣᠯᠣᠨ᠎ᠠ ᠃ 2019 ᠣᠨ ᠳᠤ ᠪᠠᠶᠢᠭᠤᠯᠤᠭᠳᠠᠭᠰᠠᠨ ᠠᠴᠠ | ᠨᠠᠭᠠᠰᠢ ᠂ ᠬᠤᠷᠰᠢᠶᠠᠵᠢᠯ ᠨᠢ ᠠᠭᠤᠯᠠᠷᠬᠠᠭ ᠣᠷᠣᠨ ᠤ ᠠᠯᠮᠤᠷᠠᠳ ᠭᠡᠬᠦ ᠡᠨᠡᠬᠦ ᠣᠨᠴᠠᠯᠢᠭᠲᠤ ᠠᠵᠤ ᠦᠢᠯᠡᠰ ᠢ ᠴᠢᠩᠭ᠎ᠠ ᠡᠵᠡᠮᠳᠡᠨ ᠂ ᠨᠠᠮ ᠤᠨ ᠡᠭᠦᠷ ᠠᠴᠠ | ᠳᠠᠭᠠᠭᠤᠯᠤᠨ ᠡᠷᠬᠢᠯᠡᠵᠦ ᠂ ᠨᠡᠶᠢᠭᠡᠮᠯᠢᠭ ᠠᠴᠠ ᠬᠠᠮᠲᠤᠪᠠᠷ ᠬᠠᠮᠢᠶᠠᠷᠬᠤ ᠵᠠᠭᠪᠤᠷ ᠢᠶᠠᠷ ᠠᠯᠮᠤᠷᠠᠳ ᠲᠠᠷᠢᠬᠤ ᠪᠠ ᠪᠣᠷᠣᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ | ᠦᠳᠲᠡᠷ ᠲᠦᠷᠭᠡᠨ ᠢᠶᠠᠷ ᠲᠤᠬᠠᠢ ᠶᠢᠨ ᠭᠠᠵᠠᠷ ᠤᠨ ᠳᠠᠭᠠᠭᠤᠯᠤᠭᠴᠢ ᠬᠤᠷᠰᠢᠶᠠᠵᠢᠯ ᠪᠤᠯᠭᠠᠨ ᠪᠣᠶᠢᠵᠢᠭᠤᠯᠵᠠᠢ᠃ ᠣᠳᠣᠬᠠᠨ ᠳᠤ ᠂ ᠬᠤᠷᠰᠢᠶᠠᠵᠢᠯ ᠨᠢ 2300 | ᠭᠠᠷᠤᠢ ᠮᠦ ᠠᠯᠮᠤᠷᠠᠳ ᠲᠠᠷᠢᠵᠦ ᠂ ᠨᠢᠩ ᠹᠧᠩ᠂ ᠬᠠᠨ ᠹᠦ᠋ ᠵᠡᠷᠭᠡ 20 ᠭᠠᠷᠤᠢ ᠵᠦᠢᠯ ᠢ ᠬᠠᠮᠤᠷᠴᠤ ᠂ 1000 ᠰᠢᠬᠠᠮ ᠮᠦ ᠵᠢᠮᠢᠰ ᠤᠨ ᠮᠣᠳᠣ ᠨᠢ ᠨᠢᠭᠡᠨᠲᠡ ᠵᠢᠮᠢᠰ | ᠰᠠᠭᠤᠵᠤ ᠂ ᠬᠤᠶᠢᠰᠢᠳᠠ ᠶᠢᠨ ᠵᠢᠯ ᠤᠨ ᠭᠠᠷᠤᠯᠲᠠ ᠨᠢ ᠵᠢᠱᠢᠯᠲᠡ ᠪᠠᠷ 1000 ᠭᠠᠷᠤᠢ ᠲᠦᠮᠡᠨ ᠵᠢᠩ ᠳᠤ ᠬᠦᠷᠴᠦ ᠂ ᠦᠢᠯᠡᠳᠬᠦᠨ ᠤ ᠦᠷᠳᠡᠭ ᠨᠢ 1 | ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠮᠵᠢ ᠲᠠᠢ ᠪᠠᠶᠢᠨ᠎ᠠ᠃ 2023 ᠣᠨ ᠳᠤ ᠂ ᠬᠤᠷᠰᠢᠶᠠᠵᠢᠯ ᠨᠢ 26.7 ᠲᠦᠮᠡᠨ ᠵᠢᠩ ᠠᠯᠮᠤᠷᠠᠳ ᠪᠣᠷᠣᠯᠠᠭᠤᠯᠵᠤ ᠂ | ᠡᠵᠡᠩᠨᠡᠯᠲᠡ ᠶᠢᠨ ᠴᠢᠨᠠᠷᠲᠠᠢ ᠣᠷᠣᠯᠭ᠎ᠠ 223 ᠲᠦᠮᠡᠨ ᠲᠥᠭᠦᠷᠢᠭ ᠲᠤ ᠬᠦᠷᠴᠦ ᠂ ᠴᠡᠪᠡᠷ ᠣᠷᠣᠯᠭ᠎ᠠ 27 ᠲᠦᠮᠡᠨ ᠲᠥᠭᠦᠷᠢᠭ ᠲᠤ ᠬᠦᠷᠴᠦ ᠂ ᠲᠤᠬᠠᠢ ᠶᠢᠨ | ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ | | | | | | ᠳᠦᠷᠤᠯ ᠳᠡᠮᠳᠡᠭᠳᠦ ᠨᠢ ᠠᠯᠳᠠᠷᠰᠢᠨ ᠭᠠᠨᠵᠤᠭ᠎ᠠ ᠳᠦᠬᠦᠷᠡᠩ ᠪᠤᠯᠤᠬᠰᠠᠨ ᠵᠠᠮ | | ᠬᠤᠷᠰᠢᠶᠠᠵᠢᠯ ᠨᠢ ᠲᠦᠷᠦᠯ ᠳᠡᠮᠳᠡᠭᠳᠦ ᠶᠢᠨ ᠬᠦᠴᠦᠨ ᠢ ᠭᠦᠨᠵᠡᠭᠡᠢ ᠣᠶᠢᠯᠠᠭᠠᠵᠤ ᠂ ︽ ᠬᠠᠷᠵᠠᠳᠠᠢ ᠰᠢᠶᠠᠩ ᠤᠨ | ᠠᠭᠤᠯᠠᠷᠬᠠᠭ ᠭᠠᠵᠠᠷ︾ ᠤᠨ ᠲᠠᠸᠠᠷ ᠤᠨ ᠲᠡᠮᠳᠡᠭ ᠪᠣᠯᠣᠨ ᠬᠤᠶᠠᠷ ᠬᠠᠮᠲᠤ ᠶᠢᠨ ᠲᠠᠸᠠᠷ ᠤᠨ ᠲᠡᠮᠳᠡᠭ ᠤᠨ LOGO ᠶᠢ ᠳᠠᠩᠰᠠᠯᠠᠭᠤᠯᠬᠤ ᠪᠠᠷ ᠳᠠᠮᠵᠢᠭᠤᠯᠵᠤ ᠂ | ᠣᠷᠭᠠᠨᠢᠭ ᠪᠦᠲᠦᠭᠡᠭᠳᠡᠬᠦᠨ ᠪᠣᠯᠣᠨ ᠪᠣᠬᠢᠷᠲᠤᠯ ᠦᠭᠡᠢ ᠢᠳᠡᠭᠡᠨ ᠢ ᠭᠡᠷᠡᠴᠢᠯᠡᠵᠦ ᠂ ︽ ᠬᠠᠷᠵᠠᠳᠠᠢ ᠰᠢᠶᠠᠩ ᠤᠨ ᠠᠭᠤᠯᠠᠷᠬᠠᠭ | ᠭᠠᠵᠠᠷ︾ ᠤᠨ ᠠᠯᠮᠤᠷᠠᠳ ᠢ ᠪᠦᠬᠦ ᠤᠯᠤᠰ ᠲᠤ ᠠᠮᠵᠢᠯᠲᠠ ᠲᠠᠢ ᠠᠯᠳᠠᠷᠰᠢᠭᠤᠯᠵᠠᠢ ᠃ ᠣᠶᠢᠷ᠎ᠠ ᠶᠢᠨ ᠵᠢᠯ ᠳᠤ ᠂ ︽ ᠬᠠᠷᠵᠠᠳᠠᠢ | ᠰᠢᠶᠠᠩ ᠤᠨᠠᠭᠤᠯᠠᠷᠬᠠᠭ ᠭᠠᠵᠠᠷ ︾ ᠤᠨ ᠠᠯᠮᠤᠷᠠᠳ ᠤᠳᠠᠭ᠎ᠠ ᠳᠠᠷᠠᠭᠠᠯᠠᠨ ᠣᠨᠴᠠ ᠢᠷᠠᠭᠤ ᠠᠯᠳᠠᠷ ᠢ ᠭᠥᠷᠳᠡᠵᠦ ᠂ ᠪᠥᠬᠦ ᠤᠯᠤᠰ ᠤᠨ ᠨᠠᠷᠠᠲᠤ | ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠭᠰᠠᠨ ᠢᠶᠠᠷ ᠪᠠᠷᠠᠬᠤ ᠦᠭᠡᠢ ᠪᠠᠰᠠ ︽ 2022 ᠳᠤᠮᠳᠠᠳᠤ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠣᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠤ ᠲᠥᠷᠥᠯ | ᠲᠡᠮᠳᠡᠭᠲᠦ ︾ ᠶᠢᠨ ᠪᠥᠬᠦ ᠤᠯᠤᠰ ᠤᠨ 50 ᠬᠦᠴᠦᠷᠬᠡᠭ ᠤᠨ 13 ᠳ᠋ᠤᠭᠠᠷ ᠲᠤ ᠵᠢᠭᠰᠠᠭᠠᠭᠳᠠᠵᠤ ᠂ 2022 ᠣᠨ ᠤ ᠳᠤᠮᠳᠠᠳᠤ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠵᠠᠭᠤᠨ ᠬᠦᠴᠦᠷᠬᠡᠭ ᠤᠨ ᠪᠡᠯᠭᠡ ᠲᠡᠮᠳᠡᠭ ᠤᠨ ᠴᠢᠨᠠᠷᠲᠠᠢ ᠲᠥᠷᠥᠯ ᠲᠡᠮᠳᠡᠭᠲᠦ ᠵᠡᠷᠭᠡ ᠶᠢ ᠪᠠᠭᠲᠠᠭᠠᠭᠰᠠᠨ ᠣᠯᠠᠨ ᠵᠦᠢᠯ ᠤᠨ ᠲᠣᠮᠣ ᠱᠠᠩᠨᠠᠯ ᠢ | ᠭᠥᠷᠳᠡᠭᠰᠡᠨ ᠪᠠᠶᠢᠨ᠎ᠠ ᠃ ᠡᠨᠡ ᠵᠢᠯ ᠤᠨ 6 ᠰᠠᠷ᠎ᠠ ᠳᠤ ᠂ ︽ ᠬᠠᠷᠵᠠᠳᠠᠢ ᠰᠢᠶᠠᠩ ᠤᠨᠠᠭᠤᠯᠠᠷᠬᠠᠭ ᠭᠠᠵᠠᠷ ᠤᠨ ᠠᠯᠮᠤᠷᠠᠳ ︾ | ᠨᠢ ︽ ᠳᠤᠯᠠᠭᠠᠨ ᠬᠤᠲᠠ ᠶᠢᠨ ᠳᠠᠩᠰᠤᠭ ᠦᠨᠦᠷ ᠠᠮᠲᠠ ︾ ᠶᠢᠨ ᠡᠷᠬᠡ ᠣᠯᠭᠤᠭᠰᠠᠨ ᠦᠢᠯᠡᠳᠬᠦᠨ ᠪᠤᠯᠤᠬᠰᠠᠨ ᠤ ᠬᠠᠮᠲᠤ ᠪᠠᠰᠠ ︽ ᠦᠪᠤᠷ ᠮᠣᠩᠭᠤᠯ ︾ ᠤᠨ | ᠭᠡᠷᠡᠴᠢᠯᠡᠯ ᠤᠨ ᠲᠤᠰᠬᠠᠢ ᠮᠡᠷᠭᠡᠵᠢᠯᠲᠡᠨ ᠤ ᠪᠦᠯᠬᠦᠮ ᠤᠨ ᠬᠢᠨᠠᠨ ᠰᠢᠯᠭᠠᠷᠠᠭᠤᠯᠤᠯᠲᠠ ᠶᠢ ᠤᠷᠤᠭᠰᠢᠲᠠᠢ ᠥᠩᠭᠡᠷᠡᠭᠦᠯᠪᠡ ᠃ ᠡᠨᠡ ᠨᠢ ᠺᠣᠮᠫᠠᠨᠢ ᠶᠢᠨ ᠴᠢᠨᠠᠷ | ᠴᠢᠨᠰᠠᠭ᠎ᠠ ᠶᠢ ᠮᠡᠳᠡᠷᠡᠵᠦ ᠪᠠᠶᠢᠬᠤ ᠪᠠᠷ ᠦᠯᠤ ᠪᠠᠷᠠᠨ ᠂ ᠨᠠᠩ ᠴᠤ ᠲᠦᠷᠦᠯ ᠳᠡᠮᠳᠡᠭᠳᠦ ᠶᠢᠨ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠪᠣᠯᠬᠤ ᠶᠤᠮ ᠃ ᠡᠲᠡᠭᠡᠷ | ᠢᠷᠠᠭᠤ ᠠᠯᠳᠠᠷ ᠢ ᠭᠥᠷᠳᠡᠭᠰᠡᠨ ᠨᠢ ︽ ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ ︾ ᠤᠨ ᠠᠯᠮᠤᠷᠠᠳ ᠤᠨ ᠲᠦᠷᠦᠯ | ᠳᠡᠮᠳᠡᠭᠳᠦ ᠶᠢᠨ ᠠᠯᠳᠠᠷᠰᠢᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠂ ᠪᠠᠰᠠ ᠵᠡᠭᠦᠨᠭᠠᠷ ᠬᠤᠰᠢᠭᠤ ᠴᠢᠨᠠᠭᠰᠢᠯᠠᠪᠠᠯ ᠥᠪᠥᠷ ᠮᠣᠩᠭᠤᠯ ᠤᠨ ᠲᠠᠷᠢᠶᠠᠯᠠᠩ ᠤᠨ | ᠪᠦᠲᠦᠭᠡᠭᠳᠡᠬᠦᠨ ᠤ ᠲᠦᠷᠦᠯ ᠳᠡᠮᠳᠡᠭᠳᠦ ᠶᠢᠨ ᠪᠦᠲᠦᠭᠡᠨ ᠪᠠᠶᠢᠭᠤᠯᠤᠯᠲᠠ ᠳᠤ ᠥᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ ᠃ | | | | | | | ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠤᠨ ᠤᠯᠭᠤᠵᠤ | ᠬᠠᠷᠵᠠᠳᠠᠢ ᠰᠢᠶᠠᠩ ᠤᠨᠠᠭᠤᠯᠠᠷᠬᠠᠭ ᠭᠠᠵᠠᠷ ᠤᠨᠠᠯᠮᠤᠷᠠᠳ ᠤᠨ ᠰᠠᠶᠢᠨ ᠴᠢᠨᠠᠷ ᠢ ᠬᠠᠮᠲᠤ ᠪᠠᠷ ᠴᠤᠬᠴᠠᠯᠠᠪᠠ | | ᠠᠯᠮᠤᠷᠠᠳ ᠤᠨ ᠠᠵᠤ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠶᠢᠨ ᠳᠤᠰᠠᠳᠠ᠂ ᠬᠤᠷᠰᠢᠶᠠᠵᠢᠯ ᠤᠨ ᠬᠢᠨ ᠰᠠᠭᠤᠷᠢ ᠲᠥᠬᠦᠭᠡᠷᠦᠮᠵᠢ ᠶᠢᠨ | ᠲᠠᠯ᠎ᠠ ᠪᠠᠷ ᠶᠡᠭᠡ ᠬᠦᠴᠦ ᠣᠷᠣᠭᠤᠯᠤᠭᠰᠠᠨ ᠪᠠᠶᠢᠨ᠎ᠠ᠃ ᠳᠤᠰᠬᠤᠨ ᠤ ᠱᠠᠲᠤᠨ ᠤ ᠵᠠᠰᠠᠮᠠᠯ ᠵᠠᠮ ᠢ 30 ᠺᠢᠯᠣᠮᠧᠲᠷ ᠰᠢᠨ᠎ᠡ ᠪᠠᠷ ᠵᠠᠰᠠᠵᠤ ᠥᠭᠡᠷᠡᠴᠢᠯᠡᠨ ᠵᠠᠰᠠᠵᠤ ᠂ | ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ ᠂ 22 ᠰᠠᠭᠤᠷᠢ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ | ᠪᠠᠶᠢᠭᠤᠯᠵᠤ ᠥᠷᠭᠡᠳᠬᠡᠨ ᠪᠠᠶᠢᠭᠤᠯᠤᠭᠰᠠᠨ ᠪᠥᠭᠡᠳ ᠮᠥᠨᠳᠥᠷ ᠢ ᠰᠡᠷᠭᠡᠶᠢᠯᠡᠬᠦ ᠲᠣᠣᠷ ᠂ ᠳᠤᠰᠤᠯᠭᠠᠨ ᠤᠰᠤᠯᠠᠬᠤ ᠰᠢᠰᠲ᠋ᠧᠮ ᠵᠡᠷᠭᠡ ᠣᠳᠣᠬᠢᠴᠢᠯᠠᠭᠰᠠᠨ | ᠲᠠᠷᠢᠶᠠᠯᠠᠩ ᠤᠨ ᠲᠥᠬᠦᠭᠡᠷᠦᠮᠵᠢ ᠶᠢ ᠪᠠᠶᠢᠭᠤᠯᠪᠠ᠃ ᠠᠯᠢ ᠤᠯᠠᠨ ᠠᠷᠭ᠎ᠠ ᠬᠡᠮᠵᠢᠶ᠎ᠡ ᠨᠢ ᠬᠤᠷᠰᠢᠶᠠᠵᠢᠯ ᠤᠨ ᠦᠢᠯᠡᠳᠪᠦᠷᠢᠯᠡᠯ ᠤᠨ ᠨᠥᠬᠦᠴᠡᠯ ᠢ ᠲᠤᠶᠢᠯ ᠤᠨ ᠶᠡᠭᠡ ᠪᠠᠷ | ᠰᠠᠶᠢᠵᠢᠷᠠᠭᠤᠯᠪᠠ᠃ ᠡᠭᠦᠨ ᠠᠴᠠ ᠭᠠᠳᠠᠨ᠎ᠠ ᠂ ᠬᠤᠷᠰᠢᠶᠠᠵᠢᠯ ᠠᠴᠠ ᠪᠠᠰᠠ ᠠᠯᠮᠤᠷᠠᠳ ᠢ ᠢᠯᠭᠠᠨ ᠰᠣᠩᠭᠤᠬᠤ ᠪᠦᠷᠢᠨ ᠠᠦ᠋ᠲ᠋ᠣ᠋ ᠣᠶᠤᠨᠴᠢ ᠲᠥᠬᠦᠭᠡᠷᠦᠮᠵᠢ ᠪᠠ | ᠰᠢᠨ᠎ᠡ ᠰᠣᠷᠭᠤᠭ ᠢᠶᠠᠷ ᠬᠠᠳᠠᠭᠠᠯᠠᠬᠤ ᠬᠥᠮᠥᠷᠭᠡ ᠂ ᠰᠢᠨ᠎ᠡ ᠰᠣᠷᠭᠤᠭ ᠢᠶᠠᠷ ᠬᠠᠳᠠᠭᠠᠯᠠᠬᠤ ᠬᠦᠢᠲᠡᠨ ᠬᠥᠮᠥᠷᠭᠡ ᠬᠤᠳᠠᠯᠳᠤᠨ ᠠᠪᠴᠤ ᠂ ᠠᠯᠮᠤᠷᠠᠳ ᠢ ᠬᠠᠳᠠᠭᠠᠯᠠᠬᠤ | ᠪᠠ ᠲᠠᠰ ᠬᠤᠪᠢᠶᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ ᠃ ᠡᠳᠡᠭᠡᠷ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠨᠢ ᠬᠤᠷᠰᠢᠶᠠᠵᠢᠯ ᠤᠨ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠦᠯᠤ ᠪᠠᠷᠠᠨ ᠪᠠᠰᠠ︽ ᠨᠤᠸᠠᠨ ᠱᠦᠢ ᠶᠢᠨ ᠠᠭᠤᠯᠠᠷᠬᠠᠭ ᠭᠠᠵᠠᠷ︾ ᠤᠨ ᠠᠯᠮᠤᠷᠠᠳ ᠤᠨ | ᠴᠢᠨᠠᠷ ᠲᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | ︽ ᠳᠤᠯᠠᠭᠠᠨ ᠬᠤᠲᠠ ᠶᠢᠨ ᠳᠠᠩᠰᠤᠭ ᠦᠨᠦᠷ ᠠᠮᠲᠠ ︾ ᠳᠦᠷᠤᠯ | ᠲᠡᠮᠳᠡᠭᠲᠦ ᠶᠢᠨ ᠬᠦᠰᠡᠯ ᠢ ᠬᠠᠮᠲᠤ ᠪᠠᠷ ᠳᠡᠷᠭᠡᠯᠰᠢᠬᠦᠯᠪᠡ | | ᠵᠡᠭᠦᠨᠭᠠᠷ ᠬᠤᠰᠢᠭᠤᠨ ᠤ ᠯᠢᠦᠢ ᠫᠢᠩᠯᠢᠨᠬᠦ᠋ᠸᠧ ᠠᠵᠤ ᠦᠢᠯᠡᠰ ᠤᠨ ᠲᠤᠰᠬᠠᠢ ᠬᠤᠷᠰᠢᠶᠠᠵᠢᠯ ᠳᠤ ᠬᠦᠷᠴᠤ ᠂ ᠪᠢᠳᠡ ︽ ᠨᠤᠸᠠᠨ ᠱᠦᠢ ᠶᠢᠨ ᠠᠭᠤᠯᠠᠷᠬᠠᠭ | ᠭᠠᠵᠠᠷ ︾ ᠤᠨ ᠠᠯᠮᠤᠷᠠᠳ ᠤᠨ ᠳᠦᠷᠤᠯ ᠳᠡᠮᠳᠡᠭᠳᠦ ᠶᠢᠨ ᠬᠥᠭᠵᠢᠯᠲᠡ ᠪᠠ ᠬᠡᠷᠡᠯ ᠰᠠᠴᠤᠷᠠᠩᠭᠤᠢ ᠠᠮᠵᠢᠯᠲᠠ ᠶᠢ ᠭᠡᠷᠡᠴᠢᠯᠡᠭᠰᠡᠨ ᠢᠶᠠᠷ ᠪᠠᠷᠠᠬᠤ ᠦᠭᠡᠢ ᠂ ᠨᠠᠩ ᠴᠤ | ᠬᠠᠷᠵᠠᠳᠠᠢ ᠰᠢᠶᠠᠩ ᠤᠨ ᠠᠷᠠᠳ ᠲᠦᠮᠡᠨ ᠤ ᠡᠨᠡ ᠬᠦ ᠨᠤᠲᠤᠭ ᠳᠡᠪᠢᠰᠬᠡᠷ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ | ᠪᠠᠷᠢᠮᠲᠠᠯᠠᠯ ᠲᠠᠢ ᠪᠠᠶᠢᠬᠤ ᠶᠢ ᠣᠯᠵᠤ ᠮᠠᠲᠠᠵᠠᠢ ᠃ ︽ ᠳᠤᠯᠠᠭᠠᠨ ᠬᠤᠲᠠ ᠶᠢᠨ ᠳᠠᠩᠰᠤᠭ ᠦᠨᠦᠷ ᠠᠮᠲᠠ ︾ ᠣᠷᠣᠨ ᠪᠦᠰᠡ ᠶᠢᠨ ᠳᠦᠷᠤᠯ ᠳᠡᠮᠳᠡᠭᠳᠦ ᠶᠢᠨ | ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ ᠂ ︽ ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ ︾ ᠤᠨ | ᠠᠯᠮᠤᠷᠠᠳ ᠨᠢ ᠬᠠᠷᠵᠠᠳᠠᠢ ᠰᠢᠶᠠᠩ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠬᠤ ᠪᠠᠷ ᠪᠠᠷᠠᠬᠤ ᠦᠭᠡᠢ ᠂ | ᠨᠠᠩ ᠴᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠳᠦᠷᠤᠯ ᠳᠡᠮᠳᠡᠭᠳᠦ ᠶᠢᠨ ᠪᠦᠲᠦᠭᠡᠨ ᠪᠠᠶᠢᠭᠤᠯᠤᠯᠲᠠ ᠶᠢᠨ | ᠨᠢᠭᠡᠨ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ ᠃ ᠡᠨᠡᠬᠦ ᠬᠤᠷᠢᠶᠠᠯᠲᠠ ᠶᠢᠨ ᠤᠯᠠᠷᠢᠯ ᠳᠤ ᠂ ᠪᠢᠳᠡ ᠭᠠᠷ ᠬᠤᠯᠪᠣᠨ ᠬᠠᠮᠲᠤᠪᠠᠷ | ᠤᠷᠤᠭᠰᠢᠯᠠᠵᠤ ᠂ ︽ᠳᠤᠯᠠᠭᠠᠨ ᠬᠤᠳᠠ ᠶᠢᠨ ᠳᠠᠩᠰᠤᠭ ᠦᠨᠦᠷ ᠠᠮᠲᠠ︾ ᠳᠦᠷᠤᠯ ᠳᠡᠮᠳᠡᠭᠳᠦ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠵᠦ ᠂ ᠡᠨᠡᠬᠦ ᠡᠬᠡ | ᠪᠠᠶᠢᠭᠠᠯᠢ ᠠᠴᠠ ᠰᠤᠶᠤᠷᠬᠠᠬᠰᠠᠨ ᠭᠡᠰᠢᠭ ᠢᠶᠠᠷ ᠨᠡᠩ ᠤᠯᠠᠨ ᠬᠥᠮᠥᠨ ᠤ ᠰᠡᠳᠬᠢᠯ ᠢ ᠳᠤᠯᠠᠭᠠᠴᠠᠭᠤᠯᠤᠶ᠎ᠠ᠃ | |