| ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠲᠠᠬᠢ ᠲᠡᠵᠢᠭᠡᠯ ᠪᠤᠷᠳᠤᠭᠠᠨ ᠤ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ︽ ᠵᠠᠷᠯᠠᠯ ᠨᠡᠶᠢᠲᠡᠯᠡᠵᠦ | ᠬᠤᠰᠢᠭᠤᠷᠠᠨ ᠠᠵᠢᠯᠯᠠᠬᠤ ︾ ᠲᠥᠷᠥᠯ ᠵᠦᠢᠯ ᠨᠢ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ ᠃ 2023 ᠣᠨ ᠤ 3 ᠳ᠋ᠤᠭᠠᠷ ᠰᠠᠷ᠎ᠠ ᠳᠤ ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ︽ ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ ︾ ᠠᠷᠭ᠎ᠠ | ᠮᠠᠶ᠋ᠢᠭ ᠢᠶᠠᠷ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠲᠠᠬᠢ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠪᠡ ᠃ ᠡᠭᠦᠨ ᠳᠤ ᠂ ᠥᠪᠥᠷ ᠮᠣᠩᠭᠤᠯ ᠤᠨ ᠢ | ᠡᠾᠧ ᠯᠢᠤᠢ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠲᠦᠷᠦᠭᠦᠯᠡᠨ ᠵᠠᠷᠯᠠᠯ ᠨᠡᠶᠢᠲᠡᠯᠡᠵᠦ ᠬᠡᠷᠡᠭᠵᠢᠭᠦᠯᠦᠭᠰᠡᠨ ︽ ᠥᠪᠥᠷ ᠮᠣᠩᠭᠤᠯ ᠤᠨ | ᠬᠠᠲᠤᠨ ᠭᠤᠤᠯ ᠤᠨ ᠰᠠᠪᠠ ᠭᠠᠵᠠᠷ ᠲᠠᠬᠢ ᠲᠡᠵᠢᠭᠡᠯ ᠪᠣᠷᠳᠣᠭᠠᠨ ᠤ ᠪᠦᠰᠡ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠵᠠᠩᠭᠢᠯᠠᠭ᠎ᠠ ᠶᠢᠨ ᠮᠡᠷᠭᠡᠵᠢᠯ ᠤᠨ | ᠰᠤᠳᠤᠯᠭᠠᠨ ᠬᠢᠭᠡᠳ ᠵᠢᠱᠢᠶ᠎ᠡ ᠦᠵᠡᠭᠦᠯᠬᠦ ︾ ᠲᠥᠷᠥᠯ ᠵᠦᠢᠯ ᠨᠢ ᠬᠠᠲᠤᠨ ᠭᠤᠤᠯ ᠤᠨ ᠰᠠᠪᠠ ᠭᠠᠵᠠᠷ ᠲᠠᠬᠢ ᠲᠡᠵᠢᠭᠡᠯ ᠪᠣᠷᠳᠣᠭᠠᠨ ᠤ ᠪᠦᠰᠡ ᠶᠢᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠤᠰᠤ ᠬᠦᠷᠦᠰᠦ ᠶᠢᠨ ᠡᠬᠢ ᠪᠠᠶᠠᠯᠢᠭ ᠲᠤ ᠬᠢᠵᠠᠭᠠᠷᠯᠠᠭᠳᠠᠵᠤ ᠪᠠᠶᠢᠭ᠎ᠠ ᠂ ᠤᠰᠤ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠪᠠᠷ ᠳᠣᠤᠷ᠎ᠠ | ᠪᠠᠶᠢᠬᠤ ᠪᠠ ᠲᠡᠵᠢᠭᠡᠯ ᠪᠣᠷᠳᠣᠭᠠᠨ ᠤ ᠭᠠᠵᠠᠷ ᠤᠨ ᠤᠰᠤ ᠬᠡᠷᠡᠭᠯᠡᠬᠦ ᠮᠡᠷᠭᠡᠵᠢᠯ ᠬᠢᠭᠡᠳ ᠬᠠᠮᠢᠶᠠᠷᠤᠯᠲᠠ ᠶᠢᠨ ᠬᠢᠷᠢ ᠲᠦᠪᠰᠢᠨ ᠥᠨᠳᠥᠷ ᠪᠢᠰᠢ ᠪᠠᠶᠢᠬᠤ ᠵᠡᠷᠭᠡ | ᠠᠰᠠᠭᠤᠳᠠᠯ ᠳᠤ ᠴᠢᠭᠯᠡᠭᠦᠯᠦᠨ ᠬᠠᠮᠵᠢᠯᠴᠠᠨ ᠰᠢᠨ᠎ᠡ ᠶᠢ ᠡᠭᠦᠳᠴᠦ ᠂ ᠳᠠᠬᠢᠨ ᠬᠠᠭᠤᠯᠪᠤᠷᠢᠯᠠᠵᠤ ᠪᠣᠯᠬᠤ ᠂ ᠳᠡᠯᠭᠡᠷᠡᠭᠦᠯᠬᠦ ᠳᠤ ᠬᠢᠯᠪᠠᠷ ᠪᠦᠬᠦᠢ ᠤᠰᠤ ᠶᠢ ᠠᠷᠪᠢᠯᠠᠵᠤ | ᠣᠨᠠᠯᠲᠠ ᠶᠢ ᠨᠢ ᠨᠡᠮᠡᠭᠳᠡᠭᠦᠯᠬᠦ ᠮᠡᠷᠭᠡᠵᠢᠯ ᠤᠨ ᠬᠡᠪ ᠵᠠᠭᠪᠤᠷ ᠤᠨ ᠲᠤᠭᠲᠠᠯᠴᠠᠭ᠎ᠠ ᠶᠢ ᠪᠣᠶ ᠪᠣᠯᠭᠠᠵᠤ ᠂ ᠤᠰᠤ ᠶᠢ ᠠᠷᠪᠢᠯᠠᠬᠤ ᠬᠢᠷᠢ ᠲᠦᠪᠰᠢᠨ ᠢᠶᠠᠨ 10% ᠪᠠᠷ | ᠳᠡᠭᠡᠭᠰᠢᠯᠡᠭᠦᠯᠵᠦ ᠂ ᠤᠨᠠᠯᠲᠠ ᠶᠢ ᠨᠢ 8% ᠪᠠᠷ ᠨᠡᠮᠡᠭᠳᠡᠭᠦᠯᠪᠡ ᠃ ᠣᠳᠣᠬᠠᠨ ᠳᠤ ᠂ ᠬᠠᠮᠢᠶ᠎ᠠ ᠪᠥᠬᠦᠶ ᠮᠡᠷᠭᠡᠵᠢᠯ ᠢ ᠨᠢᠭᠡᠨᠲᠡ ᠬᠥᠬᠡᠬᠤᠲᠠ ᠂ ᠣᠷᠳᠣᠰ ᠬᠤᠲᠠ ᠂ | ᠪᠠᠶᠠᠨᠨᠠᠭᠤᠷ ᠬᠤᠲᠠ ᠶᠢᠨ ᠬᠥᠮᠦᠨ ᠤ ᠬᠦᠴᠦᠨ ᠤ ᠲᠡᠵᠢᠭᠡᠯ ᠪᠤᠷᠳᠤᠭ᠎ᠠ ᠶᠢᠨ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ ᠳᠤ | ᠵᠢᠱᠢᠶ᠎ᠡ ᠦᠵᠡᠭᠦᠯᠬᠦ ᠪᠠ ᠳᠡᠯᠭᠡᠷᠡᠭᠦᠯᠵᠦ ᠂ ᠵᠢᠱᠢᠶ᠎ᠡ ᠦᠵᠡᠭᠦᠯᠬᠦ ᠲᠠᠯᠠᠪᠠᠶ ᠨᠢ 1 ᠲᠦᠮᠡᠨ ᠮᠥ ᠪᠠᠶᠢᠵᠤ ᠂ ᠬᠠᠲᠤᠨ ᠭᠤᠤᠯ ᠤᠨ ᠰᠠᠪᠠ ᠭᠠᠵᠠᠷ ᠲᠠᠬᠢ ᠲᠡᠵᠢᠭᠡᠯ | ᠪᠣᠷᠳᠣᠭᠠᠨ ᠤ ᠭᠠᠵᠠᠷ ᠤᠨ ᠪᠥᠲᠥᠭᠡᠨ ᠪᠠᠶᠢᠭᠤᠯᠤᠯᠲᠠ ᠳᠤ ᠪᠦᠷᠢᠨ ᠢᠵᠢ ᠮᠡᠷᠭᠡᠵᠢᠯ ᠤᠨ ᠲᠤᠯᠭᠠᠭᠤᠷᠢᠯᠠᠯ ᠪᠠ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ | ᠬᠠᠩᠭᠠᠭᠰᠠᠨ ᠪᠠᠶᠢᠨ᠎ᠠ ᠃ ︵ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ︶ | | | |