| 12 ᠰᠠᠷ᠎ᠠ ᠶᠢᠨ 3 ᠤ ᠡᠳᠦᠷ ᠂ ᠭᠤᠸᠠᠩᠮᠢᠩ ᠡᠳᠦᠷ ᠤᠨ ᠰᠣᠨᠢᠨ ︽ ᠥᠪᠥᠷ ᠮᠣᠩᠭᠤᠯ ᠤᠨ ᠵᠡᠭᠦᠨᠭᠠᠷ ᠬᠤᠰᠢᠭᠤ ᠄ ᠮᠠᠩᠬᠠᠨ ᠠᠶᠠᠯᠭᠤ ᠪᠠᠨ ᠬᠠᠩᠭᠢᠨᠠᠲᠠᠯ᠎ᠠ | ᠳᠠᠭᠤᠯᠠᠨ᠎ᠠ︾ ᠭᠡᠬᠦ ᠵᠣᠬᠢᠶᠠᠯ ᠨᠡᠶᠢᠲᠡᠯᠡᠵᠦ ᠂ ᠮᠠᠩᠬᠠᠨ ᠠᠶᠠᠯᠭᠤ ᠨᠢ ᠵᠡᠭᠦᠨᠭᠠᠷ ᠬᠤᠰᠢᠭᠤᠨ ᠳᠤ ᠯᠠ ᠣᠨᠴᠠ ᠪᠠᠶᠢᠳᠠᠭ ᠰᠣᠶᠣᠯ ᠤᠷᠠᠯᠢᠭ ᠤᠨ ᠡᠬᠢ ᠪᠠᠶᠠᠯᠢᠭ | ᠪᠤᠯᠤᠬᠰᠠᠨ ᠤ ᠬᠤᠪᠢ ᠳᠤ ᠂ ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ ᠂ ᠮᠠᠩᠬᠠᠨ ᠠᠶᠠᠯᠭᠤ ᠶᠢᠨ | ᠤᠯᠠᠮᠵᠢᠯᠠᠭᠴᠢ ᠶᠢ ᠬᠥᠮᠥᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠮᠠᠩᠬᠠᠨ ᠠᠶᠠᠯᠭᠤ ᠶᠢ ᠤᠯᠠᠮᠵᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠪᠠᠶᠢᠨ᠎ᠠ᠃ | ᠲᠡᠷᠡᠴᠢᠯᠡᠨ ᠮᠠᠩᠬᠠᠨ ᠠᠶᠠᠯᠭᠤ ᠶᠢᠨ ᠤᠯᠠᠨ ᠤᠯᠤᠰ ᠤᠨ︽ᠨᠠᠶᠢᠵᠢ ᠶᠢᠨ ᠳᠤᠭᠤᠷᠢᠭ︾ ᠢ ᠢᠳᠡᠪᠬᠢᠲᠡᠢ ᠥᠷᠭᠡᠳᠬᠡᠨ ᠂ ᠳᠠᠮᠵᠢᠭᠤᠯᠬᠤ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠴᠦ ᠂ ᠮᠠᠩᠬᠠᠨ ᠠᠶᠠᠯᠭᠤ ᠶᠢᠨ ᠲᠤᠬᠠᠢ ᠶᠢᠨ ᠭᠠᠵᠠᠷ ᠤᠨ ᠠᠷᠠᠳ ᠤᠯᠠᠨ ᠤ ᠠᠮᠢᠳᠤᠷᠠᠯ ᠳᠤ ᠠᠭᠤᠰᠤᠯᠴᠠᠬᠤ ᠶᠢ ᠠᠬᠢᠭᠤᠯᠤᠨ ᠂ ᠮᠠᠩᠬᠠᠨ | ᠠᠶᠠᠯᠭᠤ ᠶᠢᠨ ︽ᠭᠠᠳᠠᠭᠰᠢ ᠪᠠᠨ ᠭᠠᠷᠬᠤ︾ ︽ᠬᠤᠯᠠ ᠳᠤ ᠠᠯᠳᠠᠷᠰᠢᠬᠤ︾ ᠶᠢ ᠠᠬᠢᠭᠤᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠳᠡᠯᠡᠬᠡᠢ | ᠳ᠋ᠠᠬᠢᠨ ᠳᠤ ᠨᠡᠩ ᠰᠠᠶᠢᠨ ᠠᠯᠳᠠᠷᠰᠢᠬᠤ ᠶᠢ ᠠᠬᠢᠭᠤᠯᠵᠤ ᠪᠠᠶᠢᠨ᠎ᠠ᠃ ᠬᠤᠶᠢᠰᠢᠳᠠ ᠵᠡᠭᠦᠨᠭᠠᠷ ᠬᠤᠰᠢᠭᠤ ᠰᠣᠶᠣᠯ ᠤᠨ ᠰᠢᠨ᠎ᠡ ᠡᠭᠦᠷᠭᠡ ᠶᠢ ᠤᠬᠠᠮᠰᠠᠷ ᠠᠴᠠ ᠪᠠᠨ | ᠡᠭᠦᠷᠭᠡᠯᠡᠨ ᠂ ᠮᠠᠩᠬᠠᠨ ᠠᠶᠠᠯᠭᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠪᠠᠷᠢᠮᠲᠠᠯᠠᠵᠤ ᠂ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ | ᠴᠢᠨᠠᠷᠲᠠᠢ ᠬᠥᠭᠵᠢᠯᠲᠡ ᠶᠢ ᠠᠬᠢᠭᠤᠯᠵᠤ ᠂ ᠵᠡᠭᠦᠨᠭᠠᠷ ᠤᠨ ᠦᠯᠢᠭᠡᠷ᠂ ᠳᠤᠮᠳᠠᠳᠤ ᠤᠯᠤᠰ ᠤᠨ ᠦᠯᠢᠭᠡᠷ ᠢ ᠦᠷᠭᠦᠯᠵᠢᠯᠡᠨ ᠶᠠᠷᠢᠨᠠᠭᠡᠵᠦ ᠮᠡᠳᠡᠭᠡᠯᠡᠵᠡᠢ ᠃ | | ᠥᠪᠥᠷ ᠮᠣᠩᠭᠤᠯ ᠤᠨ ᠵᠡᠭᠦᠨᠭᠠᠷ ᠬᠤᠰᠢᠭᠤ ᠄ ᠮᠠᠩᠬᠠᠨ ᠠᠶᠠᠯᠭᠤ ᠪᠠᠨ ᠬᠠᠩᠭᠢᠨᠠᠲᠠᠯ᠎ᠠ ᠳᠠᠭᠤᠯᠠᠨ᠎ᠠ | ᠭᠤᠸᠠᠩᠮᠢᠩ ᠡᠳᠦᠷ ᠤᠨ ᠰᠣᠨᠢᠨ ᠤ ᠰᠢᠯᠵᠢᠶ᠎ᠠ ᠭᠤᠸᠠᠩᠮᠢᠩ ᠡᠳᠦᠷ ᠤᠨ ᠰᠣᠨᠢᠨ ᠤ ᠬᠠᠮ | ᠵᠠᠭᠤᠴᠢᠯᠠᠭᠤᠷ ᠤᠨ ᠰᠤᠷᠪᠤᠯᠵᠢᠯᠠᠭᠴᠢ ᠭᠤᠤ ᠫᠢᠩ᠂ ᠸᠠᠩ ᠰᠢᠶᠣᠣ ᠴᠢᠮᠡᠭᠡᠯᠡᠭᠴᠢ ᠶᠣᠣ ᠷᠦᠢ ᠰᠢᠤᠸᠠᠢ | | 2024 ᠣᠨ ᠤ 5 ᠰᠠᠷ᠎ᠠ ᠳᠤ ᠂ ᠮᠠᠩᠬᠠᠨ ᠠᠶᠠᠯᠭᠤ ᠶᠢᠨ ᠣᠷᠳᠣᠰ ᠬᠤᠳᠠ ᠶᠢᠨ ᠲᠡᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠤᠯᠬᠤ ᠶᠤᠸᠠᠢ ᠸᠧᠨ | ᠰᠢᠶᠠᠩ ᠮᠠᠩᠬᠠᠨ ᠠᠶᠠᠯᠭᠤ ᠪᠠᠨ ᠳᠠᠭᠤᠯᠠᠨ 2024 ᠣᠨ ᠤ ᠹᠷᠠᠨᠼᠢ ᠶᠢᠨ ᠫᠠᠷᠢᠰ ᠤᠨ ᠤᠯᠠᠨ ᠤᠯᠤᠰ ᠤᠨ ᠦᠵᠡᠰᠬᠦᠯᠡᠩ ᠢ ᠳᠤᠩᠰᠤᠯᠭᠠᠵᠤ ᠂ ︽ ᠪᠢᠳᠠ | ᠬᠠᠩᠭᠢᠨᠠᠳᠠᠯ᠎ᠠ ᠳᠠᠭᠤᠯᠠᠬᠰᠠᠨ ᠳᠤ ᠂ ᠬᠥᠮᠥᠰ ᠴᠤᠭᠯᠠᠷᠠᠨ ᠢᠷᠡᠵᠤ ᠰᠣᠨᠣᠰᠤᠭᠠᠳ ᠂ ᠰᠠᠶᠢᠬᠠᠨ ᠳᠠᠭᠤᠯᠠᠵᠠᠢ ᠭᠡᠵᠦ ᠶᠠᠷᠢᠵᠠᠭᠠᠨ᠎ᠠ︾ ᠃ ᠶᠤᠸᠠᠢ ᠸᠧᠨ ᠰᠢᠶᠠᠩ ᠥᠪᠥᠷ | ᠮᠣᠩᠭᠤᠯ ᠤᠨ ᠵᠡᠭᠦᠨᠭᠠᠷ ᠬᠤᠰᠢᠭᠤᠨ ᠤ ᠮᠠᠩᠬᠠᠨ ᠠᠶᠠᠯᠭᠤ ᠶᠢ ᠤᠯᠤᠰ ᠤᠨ ᠡᠭᠦᠳᠡᠨ ᠠᠴᠠ ᠪᠠᠨ ᠭᠠᠷᠭᠠᠭᠰᠠᠨ ᠳᠠᠭᠠᠨ ᠣᠮᠣᠭᠰᠢᠵᠤ ᠪᠠᠶᠢᠯ᠎ᠠ᠃ | ᠮᠠᠩᠬᠠᠨ ᠠᠶᠠᠯᠭᠤ ᠪᠣᠯ ᠣᠷᠴᠢᠨ ᠣᠲᠣ ᠦᠶ᠎ᠡ ᠶᠢᠨ ᠵᠡᠭᠦᠨᠭᠠᠷ ᠬᠤᠰᠢᠭᠤᠨ ᠳᠤ ᠪᠣᠶ ᠪᠣᠯᠤᠭᠰᠠᠨ ᠰᠢᠨ᠎ᠡ ᠳᠠᠭᠤᠤ ᠶᠢᠨ ᠲᠥᠷᠥᠯ ᠪᠠᠶᠢᠵᠤ ᠂ ᠮᠣᠩᠭᠤᠯ ᠬᠢᠲᠠᠳ | ᠬᠤᠶᠠᠷ ᠦᠨᠳᠦᠰᠦᠲᠡᠨ ᠤ ᠳᠠᠭᠤᠤ ᠬᠥᠭᠵᠢᠮ ᠤᠨ ᠰᠣᠶᠣᠯ ᠤᠨ ᠰᠣᠯᠢᠯᠴᠠᠭ᠎ᠠ ᠶᠢᠨ ᠠᠭᠤᠰᠤᠯᠴᠠᠯ ᠤᠨ ᠣᠬᠢ ᠪᠦᠲᠦᠭᠡᠯ ᠪᠤᠯᠬᠤ ᠶᠤᠮ ᠃ ᠵᠡᠭᠦᠨᠭᠠᠷ ᠬᠤᠰᠢᠭᠤᠨ ᠳᠤ | ᠠᠮᠢᠳᠤᠷᠠᠵᠤ ᠪᠠᠶᠢᠬᠰᠠᠨ ᠮᠣᠩᠭᠤᠯᠴᠤᠳ ᠪᠠ ᠨᠡᠭᠦᠵᠦ ᠢᠷᠡᠭᠰᠡᠨ ᠬᠢᠲᠠᠳ ᠦᠨᠳᠦᠰᠦᠲᠡᠨ ᠤ ᠣᠯᠠᠨ ᠲᠦᠮᠡᠨ ᠮᠥᠷᠥ ᠵᠡᠷᠭᠡᠴᠡᠨ ᠠᠵᠢᠯᠯᠠᠵᠤ ᠂ ᠳᠣᠲᠣᠨᠣᠰᠤᠭ ᠢᠶᠠᠷ | ᠶᠠᠪᠤᠯᠴᠠᠭᠰᠠᠨ ᠠᠴᠠ ᠣᠷᠳᠣᠰ ᠮᠣᠩᠭᠤᠯ ᠤᠨ ᠪᠣᠭᠤᠨᠢ ᠠᠶᠠᠯᠭᠤᠲᠤ ᠠᠷᠠᠳ ᠤᠨ ᠳᠠᠭᠤᠤ ᠪᠠᠷ ᠡᠬᠡ ᠠᠶ᠎ᠠ ᠪᠣᠯᠭᠠᠬᠰᠠᠨ ᠂ ᠱᠠᠨ ᠰᠢ ᠂ ᠱᠠᠨᠰᠢ ᠶᠢᠨ ᠠᠷᠠᠳ ᠤᠨ | ᠳᠠᠭᠤᠤ ᠶᠢ ᠠᠭᠤᠰᠬᠠᠭᠰᠠᠨ ᠵᠠᠷᠢᠮ ᠬᠦᠭ ᠠᠶᠢᠵᠢᠮ ᠪᠠ ᠠᠶᠠᠯᠭᠤᠲᠤ ᠮᠠᠩᠬᠠᠨ ᠠᠶᠠᠯᠭᠤ ᠶᠢ ᠪᠦᠷᠢᠯᠳᠦᠭᠦᠯᠦᠭᠰᠡᠨ ᠨᠢ ᠵᠡᠭᠦᠨᠭᠠᠷ ᠬᠤᠰᠢᠭᠤᠨ ᠳᠤ ᠣᠨᠴᠠ ᠪᠠᠶᠢᠳᠠᠭ | ᠰᠣᠶᠣᠯ ᠤᠷᠠᠯᠢᠭ ᠤᠨ ᠡᠬᠢ ᠪᠠᠶᠠᠯᠢᠭ ᠪᠣᠯᠤᠭᠰᠠᠨ ᠪᠠᠶᠢᠨ᠎ᠠ ᠃ | ᠵᠡᠭᠦᠨᠭᠠᠷ ᠬᠤᠰᠢᠭᠤ ᠮᠠᠩᠬᠠᠨ ᠠᠶᠠᠯᠭᠤ ᠶᠢᠨ ᠣᠯᠠᠨ ᠤᠯᠤᠰ ᠤᠨ ︽ ᠨᠠᠶᠢᠵᠠ ᠶᠢᠨ ᠲᠣᠭᠤᠷᠢᠭ ︾ ᠢ ᠢᠳᠡᠪᠬᠢᠲᠡᠢ ᠪᠠᠷ ᠥᠷᠭᠡᠳᠬᠡᠵᠦ ᠂ ᠳᠠᠮᠵᠢᠭᠤᠯᠬᠤ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ ᠂ ᠮᠠᠩᠬᠠᠨ ᠠᠶᠠᠯᠭᠤ ᠶᠢ ᠲᠤᠬᠠᠢ ᠶᠢᠨ ᠭᠠᠵᠠᠷ ᠤᠨ ᠠᠷᠠᠳ ᠣᠯᠠᠨ ᠤ ᠠᠮᠢᠳᠤᠷᠠᠯ ᠳᠤ ᠠᠭᠤᠰᠬᠠᠨ ᠣᠷᠣᠭᠤᠯᠵᠤ ᠂ | ᠮᠠᠩᠬᠠᠨ ᠠᠶᠠᠯᠭᠤ ᠶᠢ ︽ ᠭᠠᠳᠠᠭᠰᠢ ᠪᠠᠨ ᠭᠠᠷᠬᠤ ︾ ︽ ᠬᠤᠯᠠ ᠳᠤ ᠠᠯᠳᠠᠷᠰᠢᠬᠤ ︾ ᠪᠣᠯᠭᠠᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠯᠡᠬᠡᠢ | ᠳ᠋ᠠᠬᠢᠨ ᠳᠤ ᠨᠠᠩ ᠰᠠᠶᠢᠨ ᠠᠯᠳᠠᠷᠰᠢᠬᠤ ᠶᠢ ᠠᠬᠢᠭᠤᠯᠤᠨ᠎ᠠ ᠃ | | ᠵᠢᠷᠤᠭ ᠄ ᠮᠠᠩᠬᠠᠨ ᠠᠶᠠᠯᠭᠤ ᠶᠢ 2024 ᠣᠨ ᠤ ᠹᠷᠠᠨᠼᠢ ᠶᠢᠨ ᠫᠠᠷᠢᠰ ᠤᠨ ᠤᠯᠠᠨ ᠤᠯᠤᠰ ᠤᠨ ᠦᠵᠡᠰᠬᠦᠯᠡᠩ ᠳᠡᠭᠡᠷ᠎ᠠ ᠬᠠᠩᠭᠢᠨᠠᠲᠠᠯ᠎ᠠ ᠳᠠᠭᠤᠯᠠᠨ᠎ᠠ | | ᠮᠠᠩᠬᠠᠨ ᠠᠶᠠᠯᠭᠤ ᠶᠢᠨ ᠠᠶᠠᠯᠭᠤ ᠨᠢ ᠢᠷᠠᠭᠤ ᠰᠠᠶᠢᠬᠠᠨ ᠂ ᠢᠳᠡᠷᠡᠭᠦᠨ ᠣᠮᠣᠭᠯᠠᠩ ᠂ ᠥᠪᠡᠷᠮᠢᠴᠡ ᠬᠥᠭ ᠠᠶᠠᠰ ᠲᠠᠢ ᠂ ᠭᠤᠣᠯ ᠣᠨᠴᠠᠯᠢᠭ ᠨᠢ ᠭᠡᠪᠡᠯ ᠨᠢᠭᠡ | ᠦᠭᠡ ᠣᠯᠠᠨ ᠠᠶᠠᠯᠭᠤ ᠲᠠᠢ ᠂ ᠨᠢᠭᠡ ᠠᠶᠠᠯᠭᠤ ᠣᠯᠠᠨ ᠦᠭᠡ ᠲᠠᠢ ᠂ ᠡᠷᠡᠭᠲᠡᠢ ᠡᠮᠡᠭᠲᠡᠢ ᠠᠶᠠᠯᠭᠤ ᠨᠢᠭᠡᠲᠡᠢ ᠪᠠᠶᠢᠵᠤ ᠂ ᠠᠪᠤᠨ ᠳᠣᠣᠷ᠎ᠠ ᠪᠠᠨ ᠵᠤᠬᠢᠶᠠᠵᠤ | ᠳᠠᠭᠤᠯᠠᠵᠤ ᠪᠤᠯᠳᠠᠭ ᠃ ᠳᠠᠭᠤᠯᠠᠬᠤ ᠦᠶ᠎ᠡ ᠳᠤ ᠭᠤᠷᠪᠠᠨ ᠲᠣᠮᠣ ᠬᠦᠭᠵᠢᠮ ︵ ᠶᠠᠩᠴᠢᠨ ᠂ ᠳᠥᠷᠪᠡᠨ ᠤᠲᠠᠰᠤᠲᠤ ᠬᠤᠭᠤᠷ ᠂ ᠯᠢᠩᠪᠦ ︶ ᠢᠶᠠᠷ ᠪᠦᠷᠢᠯᠳᠦᠭᠰᠡᠨ ᠵᠢᠵᠢᠭ | ᠬᠥᠭᠵᠢᠮ ᠤᠨ ᠠᠩᠭᠢ ᠬᠠᠪᠰᠤᠷᠤᠨ ᠬᠥᠭᠵᠢᠮᠳᠡᠳᠡᠭ ᠃ 1996 ᠣᠨ ᠳᠤ ᠂ ᠵᠡᠭᠦᠨᠭᠠᠷ ᠬᠤᠰᠢᠭᠤ ᠶᠢ ᠤᠯᠤᠰ ᠤᠨ ᠰᠣᠶᠣᠯ ᠤᠨ ᠶᠠᠮᠤᠨ ᠠᠴᠠ ︽ ᠳᠤᠮᠳᠠᠳᠤ | ᠤᠯᠤᠰ ᠤᠨ ᠠᠷᠠᠳ ᠤᠨ ᠰᠣᠶᠣᠯ ᠤᠷᠠᠯᠢᠭ ︾ ︵ ᠮᠠᠩᠬᠠᠨ ᠠᠶᠠᠯᠭᠤ︶ ᠤᠨ ᠨᠤᠲᠤᠭ ᠭᠡᠵᠦ ᠨᠡᠷᠡᠶᠢᠳᠪᠡ ︔ 2008 ᠣᠨ ᠳᠤ ᠮᠠᠩᠬᠠᠨ ᠠᠶᠠᠯᠭᠤ ᠶᠢ ᠤᠯᠤᠰ ᠤᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ ᠂ ᠲᠣᠰ ᠵᠢᠯ ᠳᠤ ᠵᠡᠭᠦᠨᠭᠠᠷ ᠬᠤᠰᠢᠭᠤᠨ ᠤ | ᠮᠠᠩᠬᠠᠨ ᠠᠶᠠᠯᠭᠤ ᠶᠢᠨ ᠤᠷᠠᠯᠢᠭ ᠤᠨ ᠰᠤᠳᠤᠯᠭᠠᠨ ᠤ ᠭᠠᠵᠠᠷ ᠢ ᠪᠠᠶᠢᠭᠤᠯᠪᠠ ︔ 2015 ᠣᠨ ᠳᠤ ᠮᠠᠩᠬᠠᠨ ᠠᠶᠠᠯᠭᠤ ᠶᠢᠨ ᠤᠯᠠᠮᠵᠢᠯᠠᠨ ᠰᠤᠷᠭᠠᠬᠤ ᠭᠠᠵᠠᠷ ᠢ 6 | ᠪᠠᠶᠢᠭᠤᠯᠵᠤ ᠂ ᠤᠯᠠᠮᠵᠢᠯᠠᠨ ᠰᠤᠷᠭᠠᠬᠤ ᠭᠠᠵᠠᠷ ᠨᠢᠭᠡᠪᠤᠷᠢ ᠳᠤ ᠮᠠᠩᠬᠠᠨ ᠠᠶᠠᠯᠭᠤ ᠶᠢᠨ ᠲᠥᠯᠥᠭᠡᠯᠡᠬᠦ ᠴᠢᠨᠠᠷᠲᠠᠢ 2 ᠤᠯᠠᠮᠵᠢᠯᠠᠨ ᠵᠠᠯᠭᠠᠮᠵᠢᠯᠠᠭᠴᠢ ᠲᠡᠳᠡᠨ ᠤ | ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠬᠠᠷᠢᠭᠤᠴᠠᠵᠤ ᠪᠤᠢ ᠃ | ᠮᠠᠩᠬᠠᠨ ᠠᠶᠠᠯᠭᠤ ᠶᠢ ᠤᠯᠠᠮᠵᠢᠯᠠᠨ ᠵᠠᠯᠭᠠᠮᠵᠢᠯᠠᠬᠤ ᠂ ᠬᠥᠭᠵᠢᠭᠦᠯᠬᠦ ᠪᠠ ᠬᠠᠮᠠᠭᠠᠯᠠᠬᠤ ᠶᠢᠨ ᠵᠠᠩᠭᠢᠯᠠᠭ᠎ᠠ ᠨᠢ ᠪᠦᠲᠦᠭᠡᠯ ᠳᠤ ᠪᠤᠢ ᠃ | ᠵᠡᠭᠦᠨᠭᠠᠷ ᠬᠤᠰᠢᠭᠤ ᠤᠷᠢᠳ ᠬᠤᠵᠢᠳ ︽ ᠨᠠᠷᠢᠨ ᠭᠤᠣᠯ ᠤᠨ ᠳᠡᠨᠵᠢᠨ ᠳᠤ ︾ ᠂ ︽ ᠬᠠᠢ ᠬᠤᠩ ᠵᠢᠮᠢᠰ ᠠᠮᠳᠠᠳᠠᠢ ︾ ᠂ ︽ ᠰᠡᠳᠬᠢᠯ ᠤᠨ ᠠᠷᠭᠠᠮᠵᠢᠶ᠎ᠠ ︾ ᠂ ︽ | ᠠᠭᠤᠯᠠ ᠶᠢᠨ ᠴᠠᠭᠠᠨ᠎ᠠ ︾ ᠂ ︽ ᠲᠦᠩ ᠰᠢᠨ ᠵᠢᠢ ︾ ᠵᠡᠷᠭᠡ ᠮᠠᠩᠬᠠᠨ ᠠᠶᠠᠯᠭᠤ ᠶᠢᠨ ᠣᠯᠠᠨ ᠳᠠᠭᠤᠤ ᠬᠥᠭᠵᠢᠮᠲᠦ ᠵᠦᠴᠦᠭᠡ ᠂ ᠲᠠᠶᠢᠰᠠᠨ ᠤ ᠵᠦᠴᠦᠭᠡ ᠂ ᠣᠲᠣ | ᠦᠶ᠎ᠡ ᠶᠢᠨ ᠵᠦᠴᠦᠭᠡ ᠶᠢ ᠵᠣᠬᠢᠶᠠᠨ ᠪᠦᠲᠦᠭᠡᠵᠦ ᠂ ᠣᠯᠠᠨ ᠡᠰᠢᠲᠦ ᠪᠦᠲᠦᠭᠡᠯ ᠤᠨ ᠬᠡᠯᠪᠡᠷᠢ ᠪᠠᠷ ᠮᠠᠩᠬᠠᠨ ᠠᠶᠠᠯᠭᠤ ᠶᠢ ᠰᠢᠨ᠎ᠡ ᠴᠠᠭ ᠦᠶ᠎ᠡ ᠶᠢᠨ | ᠦᠵᠡᠭᠴᠢᠳ ᠲᠤ ᠨᠠᠩ ᠢᠯᠡᠭᠦᠦ ᠳᠠᠭᠠᠰᠢᠶᠠᠬᠳᠠᠬᠤ ᠪᠤᠯᠭᠠᠵᠠᠢ ᠃ | | ᠵᠢᠷᠤᠭ ᠄ ᠮᠠᠩᠬᠠᠨ ᠠᠶᠠᠯᠭᠤ ᠶᠢᠨ ᠳᠠᠭᠤᠤ ᠬᠥᠭᠵᠢᠮᠲᠦ ᠵᠦᠴᠦᠭᠡ ︽ ᠰᠡᠳᠬᠢᠯ ᠤᠨ ᠠᠷᠭᠠᠮᠵᠢᠶ᠎ᠠ ︾ | | ᠳᠥᠷᠪᠡᠳᠦᠭᠡᠷ ᠬᠤᠭᠤᠴᠠᠭᠠᠨ ᠤ ᠣᠷᠳᠣᠰ ᠤᠨ ᠬᠠᠲᠤᠨ ᠭᠤᠣᠯ ᠤᠨ ᠳᠤᠬᠤᠢ ᠶᠢᠨ ᠰᠣᠶᠣᠯ ᠵᠤᠭᠠᠴᠠᠯ ᠤᠨ ᠪᠠᠶᠠᠷ ᠤᠨ ︽ ᠬᠠᠲᠤᠨ ᠭᠤᠣᠯ ᠤᠨ | ᠬᠥᠪᠡᠭᠡᠨ ᠳᠠᠬᠢ ᠮᠠᠩᠬᠠᠨ ᠠᠶᠠᠯᠭᠤ ᠶᠢᠨ ᠲᠣᠭᠯᠠᠯᠲᠠ ︾ ᠂ ᠵᠡᠭᠦᠨᠭᠠᠷ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠮᠠᠩᠬᠠᠨ ᠠᠶᠠᠯᠭᠤ ᠶᠢᠨ ᠳᠠᠭᠤᠴᠢᠨ ᠤ ᠪᠡᠯᠡᠨ | ᠦᠭᠡ ᠵᠤᠬᠢᠶᠠᠵᠤ ᠳᠠᠭᠤᠯᠠᠬᠤ ᠲᠠᠶᠢᠰᠠᠨ ᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠡᠭᠡᠷ᠎ᠠ ᠂ ︽ ᠲᠠᠪᠤᠨ ᠲᠣᠭᠰᠢᠭᠤᠷ ︾ ᠂ ︽ ᠨᠤᠲᠤᠭ ᠮᠢᠨᠢ | ᠭᠤᠶᠤ ︾ ᠂ ︽ ᠮᠠᠩᠬᠠᠨ ᠠᠶᠠᠯᠭᠤ ᠶᠢᠨ ᠦᠨᠡᠨ ᠰᠡᠳᠬᠢᠯᠭᠡ ᠶᠢᠨ ᠦᠴᠢᠯ︾ ᠵᠡᠷᠭᠡ ᠪᠦᠲᠦᠭᠡᠯ ᠨᠢ ᠦᠵᠡᠭᠴᠢᠳ ᠢ ᠰᠣᠭᠲᠣᠭᠤᠷᠠᠭᠤᠯᠤᠭᠰᠠᠨ ᠪᠠᠶᠢᠨ᠎ᠠ᠃ ᠮᠠᠩᠬᠠᠨ | ᠠᠶᠠᠯᠭᠤ ᠶᠢᠨ ᠳᠠᠭᠤᠴᠢᠨ ᠠᠪᠤᠨ ᠳᠣᠣᠷ᠎ᠠ ᠪᠠᠨ ᠵᠤᠬᠢᠶᠠᠵᠤ ᠳᠠᠭᠤᠯᠠᠬᠤ ᠶᠢ ᠨᠡᠩ ᠴᠤ ᠲᠠᠶᠢᠰᠠᠨ ᠳᠣᠣᠷᠠᠬᠢ ᠦᠵᠡᠭᠴᠢᠳ ᠤᠤᠬᠠᠶᠢᠯᠠᠨ ᠮᠠᠬᠳᠠᠵᠤ ᠂ ᠲᠡᠳᠡ | ᠳᠥᠭᠦᠮ ᠣᠶᠢᠯᠠᠭᠠᠮᠵᠢᠲᠠᠢ ᠦᠭᠡ ᠶᠠᠷᠢᠶ᠎ᠠ ᠪᠠᠷ ᠵᠡᠭᠦᠨᠭᠠᠷ ᠤᠨ ᠬᠠᠲᠤᠨ ᠭᠤᠣᠯ ᠤᠨ ᠳᠤᠮᠤ ᠬᠠᠪᠴᠢᠯ ᠵᠡᠷᠭᠡ ᠵᠡᠭᠦᠨᠭᠠᠷ ᠬᠤᠰᠢᠭᠤᠨ ᠤ ᠵᠤᠭᠠᠴᠠᠯ ᠤᠨ ᠦᠵᠡᠮᠵᠢ ᠶᠢᠨ | ᠭᠠᠵᠠᠷ ᠢ ᠮᠠᠬᠳᠠᠨ ᠳᠠᠭᠤᠯᠠᠵᠤ ᠂ ᠪᠠᠰᠠ ᠢᠰᠬᠦᠯᠡᠩ ᠰᠢᠩᠭᠡᠨ ᠪᠤᠳᠠᠭ᠎ᠠ ᠂ ᠬᠠᠢ ᠬᠤᠩ ᠵᠢᠮᠢᠰ ᠂ ᠰᠡᠷᠭᠡ ᠵᠡᠷᠭᠡ ᠵᠡᠭᠦᠨᠭᠠᠷ ᠨᠤᠲᠤᠭ ᠤᠨ ᠣᠨᠴᠠᠯᠢᠭ ᠢ ᠮᠠᠬᠳᠠᠨ | ᠳᠠᠭᠤᠯᠠᠨ᠎ᠠ ᠃ ᠡᠨᠡ ᠤᠳᠠᠭᠠᠨ ᠤ ᠮᠠᠩᠬᠠᠨ ᠠᠶᠠᠯᠭᠤ ᠶᠢᠨ ᠦᠪᠡᠳᠡᠭᠰᠢ ᠳᠠᠶᠢᠯᠠᠯᠭ᠎ᠠ ᠶᠢ ᠢᠩᠬᠢᠵᠤ ᠮᠠᠬᠳᠠᠵᠠᠭᠠᠨᠠ᠄ ᠮᠠᠩᠬᠠᠨ ᠠᠶᠠᠯᠭᠤ ᠨᠢ ᠠᠮᠢᠳᠤᠷᠠᠯ ᠳᠤ | ᠣᠶᠢᠷᠠᠲᠤᠵᠤ ᠂ ᠳᠦᠬᠦᠮ ᠣᠶᠢᠯᠠᠭᠠᠮᠵᠢᠲᠠᠢ ᠂ ᠢᠯᠠᠩᠭᠤᠶ᠎ᠠ ᠪᠡᠯᠡᠨ ᠵᠤᠬᠢᠶᠠᠬᠰᠠᠨ ᠦᠭᠡᠰ ᠨᠢ ᠬᠠᠮᠤᠭ ᠠᠴᠠ ᠰᠣᠨᠢᠷᠬᠠᠯᠲᠠᠢ ᠭᠡᠵᠦ ᠶᠠᠷᠢᠨ᠎ᠠ︕ | ᠮᠠᠩᠬᠠᠨ ᠠᠶᠠᠯᠭᠤ ᠶᠢ ᠤᠯᠠᠮᠵᠢᠯᠠᠨ ᠵᠠᠯᠭᠠᠮᠵᠢᠯᠠᠬᠤ ᠂ ᠬᠥᠭᠵᠢᠭᠦᠯᠬᠦ ᠪᠠ ᠬᠠᠮᠠᠭᠠᠯᠠᠬᠤ ᠶᠢᠨ ᠵᠠᠩᠭᠢᠯᠠᠭ᠎ᠠ ᠨᠢ ᠤᠯᠠᠮᠵᠢᠯᠠᠭᠴᠢ ᠳᠤ ᠪᠣᠶ ᠃ | ︽ ᠮᠤᠷᠤᠯᠵᠠᠨ ᠤᠷᠤᠰᠬᠤ ᠬᠠᠳᠤᠨ ᠭᠤᠤᠯ ᠨᠤᠳᠤᠭ ᠢᠶᠠᠨ ᠡᠷᠬᠢᠨ᠎ᠠ᠁ ︾ ᠡᠨᠡ ᠬᠦ ᠮᠠᠩᠬᠠᠨ ᠠᠶᠠᠯᠭᠤ ᠶᠢᠨ ᠳᠠᠭᠤᠤ ︽ ᠬᠠᠲᠤᠨ ᠭᠤᠣᠯ ︾ ᠪᠣᠯ ᠴᠢ ᠹᠦ᠋ | ᠯᠢᠨ ᠤ ᠲᠥᠯᠥᠭᠡᠯᠡᠬᠦ ᠪᠦᠲᠦᠭᠡᠯ ᠶᠤᠮ ᠃ ᠳᠠᠭᠤᠯᠠᠬᠤ ᠪᠦᠷᠢ ᠬᠥᠮᠥᠰ ᠤᠨ ᠰᠡᠳᠬᠢᠯ ᠵᠢᠷᠤᠭᠡ ᠶᠢ ᠳᠤᠬᠳᠤᠯᠤᠭᠤᠯᠤᠨ ᠂ ᠥᠪᠡᠷ ᠤᠨ ᠡᠷᠬᠡ ᠦᠭᠡᠢ ᠠᠯᠠᠭ᠎ᠠ ᠲᠠᠰᠢᠨ | ᠮᠠᠭᠲᠠᠵᠠᠭᠠᠨ᠎ᠠ ᠃ | ᠴᠢ ᠹᠦ᠋ ᠯᠢᠨ ᠪᠣᠯ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠮᠠᠩᠬᠠᠨ ᠠᠶᠠᠯᠭᠤ ᠶᠢᠨ ᠤᠷᠠᠯᠢᠭ ᠤᠨ ᠲᠥᠯᠥᠭᠡᠯᠡᠬᠦ ᠴᠢᠨᠠᠷᠲᠠᠢ | ᠤᠯᠠᠮᠵᠢᠯᠠᠭᠴᠢ ᠪᠤᠯᠤᠨ᠎ᠠ ᠃ ᠤᠯᠠᠨ ᠵᠢᠯ ᠤᠨ ᠲᠤᠷᠰᠢ᠂ ᠴᠢ ᠹᠦ᠋ ᠯᠢᠨ ᠨᠢᠭᠡ ᠪᠦᠯᠦᠭ ᠱᠠᠪᠢ ᠶᠢ ᠬᠦᠮᠤᠵᠢᠬᠦᠯᠤᠨ ᠭᠠᠷᠭᠠᠵᠤ ᠂ ᠤᠳᠤᠬᠠᠨ ᠳᠤ ᠱᠠᠪᠢ ᠨᠠᠷ ᠨᠢ ᠪᠠᠰᠠ | ᠨᠢᠭᠡ ᠪᠦᠯᠦᠭ ᠱᠠᠪᠢ ᠶᠢ ᠬᠦᠮᠤᠵᠢᠬᠦᠯᠤᠨ ᠂ ᠨᠢᠭᠡ ᠪᠦᠯᠦᠭ ᠤᠯᠠᠮᠵᠢᠯᠠᠨ ᠵᠠᠯᠭᠠᠮᠵᠢᠯᠠᠬᠤ ᠬᠥᠮᠥᠰ ᠢ ᠬᠦᠮᠤᠵᠢᠬᠦᠯᠤᠨ ᠭᠠᠷᠭᠠᠬᠰᠠᠨ ᠪᠠᠶᠢᠨ᠎ᠠ᠃ | ᠴᠢ ᠹᠦ᠋ ᠯᠢᠨ ᠤ ᠶᠡᠭᠡ ᠱᠠᠪᠢ ᠶᠤᠸᠠᠢ ᠸᠧᠨ ᠰᠢᠶᠠᠩ ᠦᠷᠭᠦᠯᠵᠢ ᠰᠤᠷᠭᠠᠭᠤᠯᠢ ᠳᠤ ᠣᠴᠢᠵᠤ ᠰᠤᠷᠤᠭᠴᠢᠳ ᠲᠤ ᠬᠢᠴᠢᠶᠡᠯ ᠣᠷᠣᠳᠠᠭ ᠪᠠᠶᠢᠯ᠎ᠠ᠃ ︽ ᠮᠠᠩᠬᠠᠨ | ᠠᠶᠠᠯᠭᠤ ᠶᠢ ᠨᠡᠩ ᠰᠠᠶᠢᠨ ᠠᠭᠤᠳᠠᠯᠤᠨ ᠤᠯᠠᠮᠵᠢᠯᠠᠬᠤ ᠶᠢᠨ ᠳᠤᠰᠠᠳᠠ ᠂ ᠪᠢᠳᠡ ᠮᠠᠩᠬᠠᠨ ᠠᠶᠠᠯᠭᠤ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠤᠬᠰᠠᠨ ᠶᠤᠮ ᠂ | ᠬᠡᠦᠬᠡᠳ ᠤᠳ ᠡᠭᠦᠨ ᠢ ᠣᠨᠴᠠᠭᠠᠶ ᠪᠠᠭ᠋ᠠᠷᠬᠠᠳᠠᠭ ᠂ ᠭᠡᠷ ᠤᠨ ᠠᠬᠠᠮᠠᠳ ᠪᠠᠰᠠ ᠮᠠᠩᠬᠠᠨ ᠠᠶᠠᠯᠭᠤ ᠶᠢ ᠵᠡᠭᠦᠨᠭᠠᠷ ᠬᠤᠰᠢᠭᠤᠨ ᠤ ᠰᠢᠯᠢᠳᠡᠭ ᠤᠯᠠᠮᠵᠢᠯᠠᠯᠲᠤ ᠰᠣᠶᠣᠯ | ᠭᠡᠵᠦ ᠲᠠᠨᠢᠭᠰᠠᠨ ᠪᠥᠭᠡᠳ ᠬᠡᠦᠬᠡᠳ ᠤᠳ ᠤᠨ ᠰᠤᠷᠤᠯᠴᠠᠬᠤ ᠶᠢ ᠮᠠᠰᠢ ᠳᠡᠮᠵᠢᠳᠡᠭ︾ ᠃ | | ᠵᠢᠷᠤᠭ ᠄ ᠮᠠᠩᠬᠠᠨ ᠠᠶᠠᠯᠭᠤ ᠰᠤᠷᠭᠠᠭᠤᠯᠢ ᠶᠢᠨ ᠬᠦᠷᠢᠶᠡᠨ ᠳᠤ ᠣᠷᠣᠯ᠎ᠠ | | ᠤᠯᠠᠮᠵᠢᠯᠠᠭᠴᠢ ᠨᠢ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ ᠃ ︽ 8 ᠨᠠᠰᠤᠳᠠᠢ ᠬᠡᠤᠬᠡᠳ ᠠᠴᠠ 80 ᠨᠠᠰᠤ ᠬᠦᠷᠦᠭᠰᠡᠨ | ᠨᠠᠰᠤᠳᠠᠶᠢᠴᠤᠳ ᠬᠦᠷᠳᠡᠯ᠎ᠠ ᠮᠠᠩᠬᠠᠨ ᠠᠶᠠᠯᠭᠤ ᠶᠢ ᠳᠠᠭᠤᠯᠠᠵᠤ ᠰᠤᠷᠤᠶ᠎ᠠ ᠭᠡᠪᠡᠯ ᠵᠡᠭᠦᠨᠭᠠᠷ ᠬᠤᠰᠢᠭᠤᠨ ᠳᠤ ᠤᠴᠢᠭᠠᠷᠠᠢ ᠂ ᠳᠡᠨᠳᠡ ᠵᠢᠭᠠᠨ ᠰᠤᠷᠭᠠᠬᠤ ᠭᠠᠵᠠᠷ ᠲᠠᠢ ︾ ᠃ | ᠡᠨᠡ ᠪᠣᠯ ᠵᠡᠭᠦᠨᠭᠠᠷ ᠬᠤᠰᠢᠭᠤᠨ ᠤ ᠮᠠᠩᠬᠠᠨ ᠠᠶᠠᠯᠭᠤ ᠶᠢᠨ ᠤᠷᠠᠯᠢᠭ ᠤᠨ ᠰᠤᠳᠤᠯᠭᠠᠨ ᠤ ᠭᠠᠵᠠᠷ ᠤᠨ ᠳᠠᠷᠤᠭ᠎ᠠ ᠸᠠᠩ ᠮᠧᠶ ᠵᠧᠨ ᠤ ᠥᠩᠭᠡᠷᠡᠭᠰᠡᠨ ᠤ ᠬᠦᠰᠡᠯ | ᠡᠷᠡᠮᠡᠯᠵᠡᠯ ᠪᠠᠶᠢᠵᠤ ᠂ ᠣᠲᠣ ᠨᠢᠭᠡᠨᠲᠡ ᠪᠣᠳᠠᠲᠤ ᠠᠬᠤᠢ ᠪᠣᠯᠣᠨ ᠪᠡᠶᠡᠯᠡᠭᠳᠡᠵᠡᠢ ᠃ | ︽ ᠣᠳᠣ ᠪᠤᠯᠳᠠᠯ᠎ᠠ ᠶᠢᠰᠦᠨ ᠬᠤᠭᠤᠴᠠᠭᠠᠨ ᠤ ᠮᠠᠩᠬᠠᠨ ᠠᠶᠠᠯᠭᠤ ᠶᠢᠨ ᠤᠷᠠᠯᠢᠭ ᠤᠨ ᠪᠠᠶᠠᠷ ᠢ ᠠᠮᠵᠢᠯᠲᠠ ᠲᠠᠢ ᠡᠷᠭᠢᠯᠡᠵᠦ ᠂ ᠥᠷᠭᠡᠨ ᠳᠡᠯᠭᠡᠷ ᠨᠥᠯᠥᠭᠡ ᠲᠠᠢ | ᠣᠯᠠᠨ ᠲᠦᠮᠡᠨᠴᠢ ᠴᠢᠨᠠᠷᠲᠠᠢ ᠰᠣᠶᠣᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠪᠣᠯᠵᠤ ᠬᠤᠪᠢᠷᠠᠬᠰᠠᠨ ᠪᠠᠶᠢᠨ᠎ᠠ ᠂ ᠮᠠᠩᠬᠠᠨ ᠠᠶᠠᠯᠭᠤ ᠶᠢᠨ ᠴᠢᠳᠠᠪᠤᠷᠢᠲᠠᠨ ᠢ ᠮᠠᠰᠢ | ᠣᠯᠠᠨ ᠬᠥᠮᠥᠵᠢᠭᠦᠯᠵᠦ ᠂ ᠡᠯ᠎ᠡ ᠨᠡᠶᠢᠭᠡᠮ ᠲᠣᠭᠤᠷᠢᠭ ᠲᠤ ᠤᠷᠲᠤ ᠬᠤᠭᠤᠴᠠᠭ᠎ᠠ ᠪᠠᠷ ᠮᠠᠩᠬᠠᠨ ᠠᠶᠠᠯᠭᠤ ᠶᠢᠨ ᠤᠷᠠᠯᠢᠭ ᠤᠨ ᠪᠣᠯᠪᠠᠰᠤᠷᠠᠯ ᠢ ᠥᠷᠨᠢᠭᠦᠯᠦᠭᠰᠡᠨ | ᠪᠥᠭᠡᠳ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠢᠭᠠᠨ ᠰᠤᠷᠭᠠᠯᠲᠠ ᠶᠢ | ᠥᠷᠨᠢᠭᠦᠯᠵᠦ ᠂ ᠲᠡᠳᠡᠨ ᠤ ᠤᠯᠠᠮᠵᠢᠯᠠᠬᠤ ᠬᠦᠴᠦᠨ ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠠᠢ ︾ ᠭᠡᠵᠦ ᠸᠠᠩ ᠮᠧᠢ ᠵᠧᠨ ᠶᠠᠷᠢᠨ᠎ᠠ᠃ | | ᠵᠢᠷᠤᠭ ᠄ ᠵᠡᠭᠦᠨᠭᠠᠷ ᠬᠤᠰᠢᠭᠤᠨ ᠤ 2024 ᠣᠨ ᠤ ᠮᠠᠩᠬᠠᠨ ᠠᠶᠠᠯᠭᠤ ᠶᠢᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠨᠠᠷ ᠵᠤᠨ ᠤ ᠤᠯᠠᠷᠢᠯ ᠤᠨ ᠲᠤᠰᠬᠠᠢ | ᠲᠣᠭᠯᠠᠯᠲᠠ ᠭᠠᠷᠭᠠᠵᠤ ᠪᠠᠶᠢᠭ᠎ᠠ ᠨᠢ | | ᠣᠶᠢᠯᠠᠭᠠᠭᠰᠠᠨ ᠢᠶᠠᠷ ᠂ ᠵᠡᠭᠦᠨᠭᠠᠷ ᠬᠤᠰᠢᠭᠤᠨ ᠳᠤ ᠣᠲᠣ ᠮᠠᠩᠬᠠᠨ ᠤ ᠠᠶᠠᠯᠭᠤ ᠶᠢᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ 60 ᠬᠥᠮᠥᠨ ᠪᠣᠶ ᠂ ᠡᠭᠦᠨ ᠳᠤ | ᠤᠯᠤᠰ ᠤᠨ ᠲᠠᠰ ᠤᠨ 1 ᠬᠥᠮᠥᠨ ᠂ ᠥᠪᠡᠷᠲᠡᠭᠡᠨ ᠵᠠᠰᠠᠬᠤ ᠣᠷᠣᠨ ᠤ ᠲᠠᠰ ᠤᠨ 2 ᠬᠥᠮᠥᠨ ᠂ ᠬᠤᠲᠠ ᠶᠢᠨ ᠲᠠᠰ ᠤᠨ 8 ᠬᠥᠮᠥᠨ ᠂ ᠬᠤᠰᠢᠭᠤᠨ ᠤ ᠲᠠᠰ ᠤᠨ | 60 ᠬᠥᠮᠥᠨ ᠪᠣᠶ ᠃ ᠳᠡᠳᠡ ᠪᠥᠬᠦ ᠬᠤᠰᠢᠭᠤᠨ ᠤ ᠡᠯ᠎ᠡ ᠠᠵᠢᠯᠯᠠᠭ᠎ᠠ ᠶᠢᠨ ᠴᠡᠭ ᠲᠤ ᠮᠠᠩᠬᠠᠨ ᠠᠶᠠᠯᠭᠤ ᠶᠢᠨ ᠤᠯᠠᠮᠵᠢᠯᠠᠯ ᠤᠨ ᠠᠵᠢᠯᠯᠠᠭ᠎ᠠ ᠶᠢ ᠶᠠᠪᠤᠭᠳᠠᠭᠤᠯᠵᠤ | ᠪᠠᠶᠢᠳᠠᠭ᠃ | ᠮᠠᠩᠬᠠᠨ ᠠᠶᠠᠯᠭᠤ ᠨᠢ ᠂ ᠬᠠᠲᠤᠨ ᠭᠤᠣᠯ ᠤᠨ ᠳᠤᠬᠤᠢ ᠶᠢᠨ ᠬᠥᠪᠡᠭᠡᠨ ᠳᠤ ᠳᠡᠯᠭᠡᠷᠡᠭᠰᠡᠨ ᠵᠡᠭᠦᠨᠭᠠᠷ ᠬᠤᠰᠢᠭᠤᠨ ᠤ ᠭᠠᠶᠢᠬᠠᠮᠰᠢᠭᠲᠤ ᠰᠠᠶᠢᠬᠠᠨ ᠤᠷᠠᠯᠢᠭ ᠤᠨ | ᠴᠡᠴᠡᠭ ᠪᠠᠶᠢᠵᠤ ᠂ ᠰᠢᠨ᠎ᠡ ᠴᠠᠭ ᠦᠶ᠎ᠡ ᠳᠤ ᠣᠨᠴᠠᠭᠠᠢ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᠵᠡᠭᠦᠨᠭᠠᠷ ᠬᠤᠰᠢᠭᠤ ᠰᠢᠨ᠎ᠡ ᠰᠣᠶᠣᠯ ᠤᠨ ᠡᠭᠦᠷᠭᠡ ᠶᠢ | ᠤᠬᠠᠮᠰᠠᠷ ᠠᠴᠠ ᠪᠠᠨ ᠡᠭᠦᠷᠭᠡᠯᠡᠵᠦ ᠂ ᠮᠠᠩᠬᠠᠨ ᠠᠶᠠᠯᠭᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠪᠠᠷᠢᠮᠲᠠᠯᠠᠵᠤ ᠂ ᠲᠡᠭᠦᠨ ᠤ ᠪᠦᠲᠦᠭᠡᠯᠴᠢ ᠴᠢᠨᠠᠷᠲᠠᠢ | ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ ᠂ ᠵᠡᠭᠦᠨᠭᠠᠷ ᠤᠨ ᠦᠯᠢᠭᠡᠷ᠂ ᠳᠤᠮᠳᠠᠳᠤ ᠤᠯᠤᠰ ᠤᠨ ᠦᠯᠢᠭᠡᠷ ᠢ ᠦᠷᠭᠦᠯᠵᠢᠯᠡᠨ | ᠶᠠᠷᠢᠨ᠎ᠠ᠃ | |