| ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ | 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ | ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠬᠤᠷᠠᠯ ᠳᠤ ᠣᠷᠣᠯᠴᠠᠵᠠᠢ ᠃ | | 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠃ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ | ᡂᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ 2024 ᠣᠨ ᠤ ᠠᠵᠤ ᠠᠬᠤᠢ ᠶᠢᠨ ᠠᠵᠢᠯ ᠢ ᠳ᠋ᠦᠩᠨᠡᠵᠦ ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠂ | 2025 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ ᠃ ᠯᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ | ᠱᠠᠭᠠᠷᠳᠠᠯᠭ᠎ᠠ ᠳᠤᠷᠠᠳᠴᠠᠢ ᠃ | ᠬᠤᠷᠠᠯ ᠠᠴᠠ ᠂ ᠡᠨᠡ ᠵᠢᠯ ᠪᠣᠯ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠨᠢᠭᠡ ᠵᠢᠯ ᠪᠣᠯᠣᠨ᠎ᠠ ᠃ ᠭᠠᠳᠠᠭᠠᠳᠤ ᠳᠠᠷᠤᠯᠲᠠ ᠨᠡᠮᠡᠭᠳᠡᠵᠦ ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ | ᠪᠠᠶᠢᠳᠠᠯ ᠤᠨ ᠡᠮᠦᠨ᠎ᠡ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ ᠂ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠵᠦ ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ ᠂ ᠴᠢᠨᠠᠷ ᠰᠠᠶᠢᠲᠠᠢ | ᠬᠥᠭᠵᠢᠯᠲᠡ ᠯᠠᠪᠳᠠᠭᠤᠨ ᠪᠠᠲᠤᠲᠠᠢ ᠠᠬᠢᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠣᠯ᠎ᠠ ᠃ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ ᠂ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠦᠲᠦᠮᠵᠢᠲᠡᠶ ᠶᠠᠪᠤᠭᠳᠠᠵᠤ ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠣᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠪᠠ ᠃ | ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠶᠡᠷᠦ ᠪᠤᠰᠤ ᠶᠢᠨ ᠪᠠᠶᠢᠵᠤ ᠂ ᠠᠮᠵᠢᠯᠲᠠ ᠪᠦᠲᠦᠮᠵᠢ ᠬᠥᠮᠥᠰ ᠢ ᠵᠣᠷᠢᠭᠵᠢᠭᠤᠯᠤᠭᠰᠠᠨ ᠪᠠᠶᠢᠨ᠎ᠠ ᠂ ᠢᠯᠠᠩᠭᠤᠶ᠎ᠠ | 9 ᠰᠠᠷ᠎ᠠ ᠶᠢᠨ 26 ᠤ ᠡᠳᠦᠷ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠡᠷᠡᠰ | ᠰᠢᠭᠤᠷᠬᠠᠢ ᠪᠠᠷ ᠠᠯᠢ ᠤᠯᠠᠨ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ ᠂ ᠨᠡᠶᠢᠭᠡᠮ ᠤᠨ ᠢᠲᠡᠭᠡᠯ ᠵᠣᠷᠢᠭ ᠢ ᠪᠦᠲᠦᠮᠵᠢᠲᠡᠢ ᠬᠥᠭᠵᠢᠭᠡᠵᠦ ᠂ ᠠᠵᠤ | ᠠᠬᠤᠢ ᠢᠯᠡᠳᠲᠡ ᠳᠡᠭᠡᠭᠰᠢᠯᠡᠪᠡ ᠭᠡᠵᠦ ᠦᠵᠡᠵᠡᠢ ᠃ | ᠬᠤᠷᠠᠯ ᠠᠴᠠ ᠂ ᠣᠳᠣᠬᠠᠨ ᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠭᠦᠨᠵᠡᠭᠡᠶᠢᠷᠡᠵᠦ ᠂ ᠮᠠᠨ ᠤ | ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ ᠂ ᠭᠤᠣᠯᠳᠠᠭᠤ ᠤᠯᠤᠰ ᠤᠨ | ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠦᠭᠡᠢ ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯᠲᠡᠢ ᠂ ᠤᠯᠠᠨ ᠲᠦᠮᠡᠨ ᠤ ᠠᠵᠢᠯ | ᠣᠯᠭᠤᠯᠲᠠ ᠣᠷᠣᠯᠭ᠎ᠠ ᠶᠢᠨ ᠨᠡᠮᠡᠭᠳᠡᠯ ᠳᠠᠷᠤᠯᠲᠠ ᠳᠤ ᠲᠤᠯᠭᠠᠷᠠᠵᠤ ᠂ ᠠᠶᠤᠯ ᠲᠦᠭᠰᠢᠭᠦᠷᠢ ᠭᠡᠮ ᠰᠣᠭᠤᠭ ᠮᠥᠨ ᠬᠦ ᠨᠡᠯᠢᠶᠡᠳ ᠤᠯᠠᠨ ᠪᠠᠶᠢᠨ᠎ᠠ ᠃ ᠡᠭᠦᠨ ᠤ ᠬᠠᠮᠲᠤ ᠂ | ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ ᠂ ᠳᠠᠪᠠᠭᠤᠯᠢᠭ ᠣᠯᠠᠨ ᠂ ᠤᠶᠠᠨ ᠴᠢᠨᠠᠷ ᠴᠢᠩᠭ᠎ᠠ ᠂ ᠳᠠᠯᠳᠠ ᠴᠢᠳᠠᠪᠤᠷᠢ ᠶᠡᠭᠡ ᠂ ᠣᠷᠳᠣ | ᠬᠤᠭᠤᠴᠠᠭ᠎ᠠ ᠪᠠᠷ ᠰᠠᠶᠢᠵᠢᠷᠠᠬᠤ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ ᠃ | ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ ᠂ ᠢᠲᠡᠭᠡᠯ ᠵᠣᠷᠢᠭ ᠢᠶᠠᠨ ᠪᠠᠲᠤᠳᠬᠠᠨ ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ | ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠦᠢᠯᠡᠳᠦᠯᠭᠡ ᠶᠢᠨ ᠳᠤᠮᠳᠠ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠣᠷᠠᠯᠳᠠ ᠦᠭᠡᠢ | ᠭᠦᠨᠵᠡᠭᠡᠶᠢᠷᠡᠭᠦᠯᠪᠡ ᠃ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ | ᠦᠨᠳᠦᠰᠦᠨ ᠪᠠᠲᠤᠯᠠᠭ᠎ᠠ ᠮᠥᠨ ᠂ ᠵᠠᠩᠭᠢᠯᠠᠭ᠎ᠠ ᠶᠢᠨ ᠴᠠᠭ ᠮᠥᠴᠡ ᠂ ᠴᠢᠬᠤᠯᠠ ᠴᠠᠭ ᠦᠶ᠎ᠡ ᠳᠤ ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ | ᠰᠤᠳᠤᠯᠤᠨ ᠮᠠᠭᠠᠳᠯᠠᠵᠤ ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ ᠂ ᠮᠠᠨ ᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠶᠢᠨ ᠰᠠᠯᠬᠢ | ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠪᠠ ᠃ ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ | ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ︽ ᠠᠮᠢᠳᠤᠯᠢᠭ ᠪᠤᠯᠭᠠᠬᠤ ︾ ᠮᠥᠷᠲᠡᠭᠡᠨ ︽ ᠬᠠᠮᠢᠶᠠᠷᠴᠤ | ᠲᠡᠶᠢᠯᠭᠦ ︾ ᠠᠵᠤ ᠠᠬᠤᠢ ᠶᠢᠨ ᠡᠮᠬᠢ ᠳᠢᠭᠯᠢᠮ ᠢ ᠪᠤᠢ ᠪᠤᠯᠭᠠᠬᠤ ᠬᠡᠷᠡᠭᠲᠡᠢ ᠃ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ | ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ ᠃ ᠡᠷᠬᠡᠪᠰᠢ ᠰᠢᠨ᠎ᠡ | ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠃ ᠡᠷᠬᠡᠪᠰᠢ ᠨᠡᠮᠡᠭᠳᠡᠯ ᠢ | ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠃ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ | ᠪᠤᠵᠠᠭᠠᠶᠢᠷᠠᠭᠤᠯᠬᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠣᠳᠠᠰ ᠤᠨ | ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠦᠵᠡᠪᠡ ᠃ | ᠬᠤᠷᠠᠯ ᠠᠴᠠ ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ ᠂ | ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠲᠠᠸᠠᠷ ᠤᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠰᠲ᠋ᠣᠺ ᠤᠨ | ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠭᠠᠳᠤ ᠠᠴᠠ ᠢᠷᠡᠬᠦ ᠴᠣᠬᠢᠯᠲᠠ ᠶᠢ ᠰᠡᠷᠭᠡᠶᠢᠯᠡᠨ | ᠠᠷᠢᠯᠭᠠᠵᠤ ᠂ ᠵᠢᠱᠢᠯᠲᠡ ᠶᠢ ᠲᠣᠭᠲᠠᠪᠤᠷᠢᠵᠢᠭᠤᠯᠵᠤ ᠂ ᠠᠮᠢᠵᠢᠷᠠᠯ ᠤᠨ ᠬᠦᠴᠦᠨ ᠢ ᠬᠥᠭᠵᠢᠭᠡᠵᠦ ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ | ᠠᠬᠢᠭᠤᠯᠵᠤ ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠤᠯᠠᠵᠤ ᠂ ︽ | ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ ᠂ ︽ ᠠᠷᠪᠠᠨ ᠲᠠᠪᠤᠳᠤᠭᠠᠷ ᠲᠠᠪᠤᠨ ᠵᠢᠯ ︾ | ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠢᠷᠡᠬᠦ ᠵᠢᠯ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠵᠤ ᠂ ᠠᠵᠢᠯ ᠣᠯᠭᠤᠯᠲᠠ ᠂ ᠪᠠᠷᠠᠭᠠᠨ ᠤ ᠦᠨ᠎ᠡ ᠶᠢᠨ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠠᠲᠤᠯᠠᠵᠤ ᠂ ᠤᠯᠠᠨ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ ᠪᠠᠲᠤᠯᠠᠵᠤ ᠂ | ᠰᠠᠭᠤᠭᠠᠯᠢ ᠠᠷᠠᠳ ᠤᠨ ᠣᠷᠣᠯᠭ᠎ᠠ ᠪᠣᠯᠣᠨ ᠠᠵᠤ ᠠᠬᠤᠢ ᠶᠢᠨ ᠵᠡᠷᠭᠡ ᠪᠠᠷ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ ᠂ ᠰᠢᠰᠲ᠋ᠧᠮᠵᠢᠭᠦᠯᠦᠨ | ᠬᠤᠷᠠᠭᠤᠯᠵᠤ ᠂ ᠬᠠᠮᠵᠢᠯᠴᠠᠨ ᠠᠵᠢᠯᠯᠠᠵᠤ ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠪᠠᠷᠠᠯᠠᠯᠳᠤ ᠴᠢᠨᠠᠷ ᠂ ᠬᠠᠨᠳᠤᠯᠭᠠᠲᠤ ᠴᠢᠨᠠᠷ ᠂ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ | ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ ᠃ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ | ᠳᠡᠭᠡᠭᠰᠢᠯᠡᠭᠦᠯᠵᠦ ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠯᠡᠬᠦ ᠂ ᠨᠡᠩ ᠦᠷ᠎ᠡ ᠪᠦᠲᠦᠮᠵᠢᠲᠡᠢ ᠪᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ ᠃ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ ᠂ ᠭᠤᠣᠯᠳᠠᠯᠭ᠎ᠠ ᠲᠠᠢ ᠬᠦᠷᠢᠶᠡᠨ ᠳᠠᠬᠢ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ | ᠭᠡᠳᠤ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢ ᠲᠠᠷᠬᠠᠭᠠᠬᠤ ᠶᠢ ᠨᠡᠮᠡᠭᠳᠡᠭᠦᠯᠵᠦ ᠂ ︽ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ︾ ᠶᠢᠨ ᠲᠥᠷᠥᠯ ᠵᠦᠢᠯ ᠪᠠ ︽ | ᠶᠡᠭᠡ ᠬᠡᠮᠵᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ︾ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠬᠦ ᠬᠡᠷᠡᠭᠲᠡᠢ ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ | ᠬᠡᠷᠡᠭᠯᠡᠬᠦ ᠶᠢ ᠨᠡᠮᠡᠭᠳᠡᠭᠦᠯᠵᠦ ᠂ ᠪᠡᠯᠡ ᠣᠷᠣᠭᠤᠯᠤᠯᠲᠠ ᠶᠢᠨ ᠴᠢᠭᠯᠡᠯ ᠤᠨ ᠬᠦᠷᠢᠶ᠎ᠡ ᠴᠠᠷᠠᠭ᠎ᠠ ᠪᠠ ᠲᠦᠷᠦᠯ ᠵᠦᠢᠯ ᠤᠨ ᠬᠥᠷᠥᠩᠭᠡ ᠮᠥᠩᠭᠦ ᠪᠣᠯᠭᠠᠨ ᠬᠡᠷᠡᠭᠯᠡᠬᠦ | ᠬᠡᠪᠴᠢᠶ᠎ᠡ ᠶᠢ ᠥᠷᠭᠡᠳᠬᠡᠬᠦ ᠬᠡᠷᠡᠭᠲᠡᠢ ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠬᠡᠷᠡᠭᠯᠡᠭᠡ ᠶᠢ ᠠᠬᠢᠭᠤᠯᠬᠤ ᠂ ᠨᠥᠭᠡᠴᠡ ᠬᠦᠴᠦᠨ ᠢ ᠨᠡᠮᠡᠭᠳᠡᠭᠦᠯᠬᠦ ᠶᠢ ᠨᠡᠩ | ᠴᠢᠬᠤᠯᠠᠴᠢᠯᠠᠵᠤ ᠂ ᠦᠨᠳᠦᠰᠦᠨ ᠱᠠᠲᠤᠨ ᠤ ︽ ᠭᠤᠷᠪᠠ ᠶᠢ ᠪᠠᠲᠤᠯᠠᠬᠤ ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠨᠠᠮ ᠵᠠᠰᠠᠭ ᠤᠨ ᠪᠠᠶᠢᠭᠤᠯᠭ᠎ᠠ | ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠬᠡᠷᠡᠭᠲᠡᠢ ᠃ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ | ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠦᠢᠯᠡᠳᠦᠯ ᠴᠢᠳᠠᠮᠵᠢ ᠶᠢ ᠰᠠᠶᠢᠲᠤᠷ ᠪᠠᠳᠠᠷᠠᠭᠤᠯᠵᠤ ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ | ᠨᠣᠷᠮ᠎ᠠ ᠬᠠᠳᠠᠭᠠᠯᠠᠮᠵᠢ ᠪᠠ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ ᠂ ᠭᠦᠢᠯᠭᠡᠭᠡᠨ ᠤ ᠴᠢᠨᠠᠷ ᠢᠶᠠᠷ ᠭᠦᠢᠴᠡᠳ | ᠪᠠᠶᠢᠬᠤ ᠶᠢ ᠪᠠᠲᠤᠯᠠᠨ ᠂ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠂ ᠦᠨ᠎ᠡ ᠬᠠᠩᠰᠢ ᠶᠢᠨ ᠶᠡᠷᠦᠩᠬᠡᠢ ᠬᠢᠷᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠬᠠᠷᠢᠯᠴᠠᠨ ᠲᠣᠬᠢᠷᠠᠯᠴᠠᠭᠤᠯᠬᠤ ᠬᠡᠷᠡᠭᠲᠡᠢ ᠃ ᠠᠷᠠᠳ ᠤᠨ | ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ | ᠪᠠᠲᠤᠯᠠᠬᠤ ᠬᠡᠷᠡᠭᠲᠡᠢ ᠃ ᠲᠥᠪ ᠪᠠᠩᠬᠢ ᠶᠢᠨ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠪᠠᠶᠢᠬᠤ ᠪᠠ ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ | ᠦᠢᠯᠡᠳᠦᠯ ᠴᠢᠳᠠᠮᠵᠢ ᠶᠢ ᠰᠦᠪᠡᠭᠴᠢᠯᠡᠨ ᠥᠷᠭᠡᠳᠬᠡᠵᠦ ᠂ ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠮᠥᠩᠭᠦᠨ ᠭᠦᠢᠯᠭᠡᠭᠡᠨ ᠤ | ᠵᠠᠬ᠎ᠠ ᠳᠡᠯᠭᠡᠭᠦᠷ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠃ | ᠲᠦᠷᠦ ᠶᠢᠨ ᠪᠣᠳᠣᠯᠭ᠎ᠠ ᠶᠢᠨ ︽ ᠬᠠᠮ ᠠᠷᠭ᠎ᠠ ᠬᠡᠮᠵᠢᠶ᠎ᠡ ︾ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ ᠃ ᠡᠳ᠋ ᠤᠨ ᠵᠠᠰᠠᠭ ᠂ ᠵᠣᠭᠤᠰ ᠂ ᠠᠵᠢᠯ ᠣᠯᠭᠤᠯᠲᠠ ᠂ | ᠠᠵᠤ ᠦᠢᠯᠡᠰ ᠂ ᠣᠷᠣᠨ ᠪᠦᠰᠡ ᠂ ᠠᠷᠠᠯᠵᠢᠶ᠎ᠠ ᠂ ᠣᠷᠴᠢᠨ ᠲᠣᠭᠤᠷᠢᠨ ᠤ ᠬᠠᠮᠠᠭᠠᠯᠠᠯᠲᠠ ᠂ ᠬᠢᠨᠠᠯᠲᠠ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠪᠠ | ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ ᠂ ᠰᠠᠯᠠᠭ᠎ᠠ ᠮᠥᠴᠢᠷ ᠤᠨ ᠬᠤᠭᠤᠷᠣᠨᠳᠣᠭᠢ ᠪᠦᠲᠦᠮᠵᠢᠲᠡᠢ | ᠨᠡᠪᠲᠡᠷᠡᠯᠴᠡᠭᠡ ᠂ ᠵᠥᠪᠳᠡᠯᠴᠡᠨ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠲᠦᠷᠦ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠴᠢᠩᠭᠠᠷᠠᠭᠤᠯᠬᠤ | ᠬᠡᠷᠡᠭᠲᠡᠢ ᠃ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠠ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ | ᠬᠠᠨᠳᠤᠰᠢ ᠶᠢᠨ ᠨᠢᠭᠡᠳᠦᠯᠲᠡᠢ ᠴᠢᠨᠠᠷ ᠢ ᠦᠨᠡᠯᠡᠬᠦ ᠬᠡᠪᠴᠢᠶᠡᠨ ᠳᠤ ᠣᠷᠣᠭᠤᠯᠵᠤ ᠂ ᠲᠥᠷᠥ ᠶᠢᠨ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠪᠦᠭᠦ ᠶᠠᠪᠤᠴᠠ ᠶᠢ | ᠨᠢᠭᠡᠳᠦᠯᠲᠡᠢ ᠲᠥᠯᠥᠪᠵᠢᠭᠦᠯᠦᠨ ᠂ ᠲᠥᠷᠥ ᠶᠢᠨ ᠪᠣᠳᠣᠯᠭ᠎ᠠ ᠶᠢᠨ ᠪᠦᠬᠦᠯᠢ ᠴᠣᠭᠴᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠂ ᠢᠷᠡᠬᠦ ᠵᠢᠯ ᠳᠣᠣᠷᠠᠬᠢ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ ᠭᠡᠵᠦ ᠲᠣᠭᠲᠠᠪᠠ ᠃ | ᠨᠢᠭᠡ ᠳᠤ ᠂ ᠬᠡᠷᠡᠭᠯᠡᠭᠡ ᠶᠢ ᠶᠡᠭᠡ ᠪᠠᠷ ᠬᠥᠭᠵᠢᠭᠡᠵᠦ ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠬᠦ ᠬᠡᠷᠡᠭᠲᠡᠢ ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ ᠂ ᠳᠤᠮᠳᠠ ᠳᠣᠣᠷ᠎ᠠ ᠣᠷᠣᠯᠭ᠎ᠠ ᠲᠠᠢ | ᠬᠥᠮᠥᠰ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ ᠂ ᠬᠡᠷᠡᠭᠯᠡᠭᠡ ᠶᠢᠨ ᠴᠢᠳᠠᠪᠤᠷᠢ ᠂ ᠬᠦᠰᠡᠯ ᠡᠷᠡᠮᠡᠯᠵᠡᠯ ᠪᠠ ᠱᠠᠲᠤ | ᠳᠠᠪᠬᠤᠷᠭ᠎ᠠ ᠶᠢ ᠳᠡᠭᠡᠭᠰᠢᠯᠡᠭᠦᠯᠭᠦ ᠬᠡᠷᠡᠭᠲᠡᠢ ᠃ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ | ᠳᠡᠭᠡᠭᠰᠢᠯᠡᠭᠦᠯᠵᠦ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠵᠦ ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ ᠃ ︽ | ᠬᠤᠶᠠᠷ ᠰᠢᠨ᠎ᠡ ︾ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠬᠦᠴᠦᠯᠡᠨ ᠥᠷᠭᠡᠳᠬᠡᠵᠦ ᠂ ᠤᠯᠠᠨ ᠡᠰᠢᠵᠢᠭᠰᠡᠨ ᠬᠡᠷᠡᠭᠯᠡᠭᠡ ᠶᠢᠨ ᠦᠵᠡᠭᠳᠡᠯ | ᠪᠠᠶᠢᠳᠠᠯ ᠤᠨ ᠰᠢᠨ᠎ᠡ ᠶᠢ ᠡᠭᠦᠳᠴᠦ ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ | ᠬᠡᠷᠡᠭᠲᠡᠢ ᠃ ᠠᠩᠬ᠎ᠠ ᠲᠠᠷᠬᠠᠭᠠᠬᠤ ᠠᠵᠤ ᠠᠬᠤᠢ ᠂ ᠮᠥᠰᠥ ᠴᠠᠰᠤᠨ ᠤ ᠠᠵᠤ ᠠᠬᠤᠢ ᠂ ᠪᠤᠭᠤᠷᠤᠯᠴᠤᠳ ᠤᠨ ᠠᠵᠤ ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ ᠃ | ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ ᠂ ︽ ᠬᠤᠶᠠᠷ ᠴᠢᠬᠤᠯᠠ ︾ ᠲᠥᠷᠥᠯ ᠵᠦᠢᠯ ᠢ ᠨᠠᠩ ᠬᠦᠴᠦᠲᠡᠢ ᠳᠡᠮᠵᠢᠬᠦ | ᠬᠡᠷᠡᠭᠲᠡᠢ ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠵᠣᠬᠢᠰᠲᠠᠢ ᠪᠠᠷ ᠨᠡᠮᠡᠭᠳᠡᠭᠦᠯᠬᠦ ᠬᠡᠷᠡᠭᠲᠡᠢ ᠃ ᠡᠳ᠋ ᠤᠨ ᠵᠠᠰᠠᠭ ᠬᠢᠭᠡᠳ ᠮᠥᠩᠭᠦᠨ | ᠭᠦᠢᠯᠭᠡᠭᠡᠨ ᠤ ᠬᠠᠮᠵᠢᠯᠴᠠᠭ᠎ᠠ ᠶᠢ ᠴᠢᠩᠭᠠᠳᠬᠠᠨ ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ | ᠳᠠᠶᠢᠴᠢᠯᠠᠬᠤ ᠬᠡᠷᠡᠭᠲᠡᠢ ᠃ ︽ ᠠᠷᠪᠠᠨ ᠲᠠᠪᠤᠳᠤᠭᠠᠷ ᠲᠠᠪᠤᠨ ᠵᠢᠯ ︾ ᠤᠨ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠤᠬᠠᠭᠠᠯᠠᠨ ᠲᠥᠯᠥᠪᠯᠡᠬᠦ ᠬᠡᠷᠡᠭᠲᠡᠢ ᠃ | ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ ᠃ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠲᠡᠭ ᠢ ᠪᠠᠭᠤᠷᠠᠭᠤᠯᠬᠤ | ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ ᠃ | ᠬᠤᠶᠠᠷ ᠲᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ | ᠬᠥᠲᠥᠯᠥᠨ ᠳᠠᠭᠠᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠃ ᠰᠠᠭᠤᠷᠢ ᠰᠤᠳᠤᠯᠭᠠᠨ ᠪᠠ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠵᠤ ᠂ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠦᠷᠦᠯ ᠵᠦᠢᠯ ᠢ ᠤᠷᠢᠳᠴᠢᠯᠠᠨ | ᠪᠠᠶᠢᠷᠢᠰᠢᠭᠤᠯᠵᠤ ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠦᠵᠡᠭᠳᠡᠯ ᠪᠠᠶᠢᠳᠠᠯ ᠤᠨ ᠶᠡᠭᠡ ᠬᠡᠪᠴᠢᠶᠡᠨ ᠤ ᠬᠡᠷᠡᠭᠯᠡᠭᠡᠨ ᠤ ᠵᠢᠱᠢᠶ᠎ᠡ ᠦᠵᠡᠭᠦᠯᠭᠦ ᠠᠵᠢᠯᠯᠠᠭ᠎ᠠ ᠶᠢ | ᠥᠷᠨᠢᠭᠦᠯᠬᠦ ᠬᠡᠷᠡᠭᠲᠡᠢ ᠃ ︽ ᠵᠣᠬᠢᠶᠠᠮᠠᠯ ᠣᠶᠤᠨ ᠴᠢᠳᠠᠪᠤᠷᠢ + ︾ ᠠᠵᠢᠯᠯᠠᠭ᠎ᠠ ᠶᠢ ᠥᠷᠨᠢᠭᠦᠯᠵᠦ ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠬᠡᠷᠡᠭᠲᠡᠢ ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠣᠯᠠᠨ ᠲᠠᠰ | ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ ᠂ ᠬᠦᠯᠢᠴᠡᠩᠭᠦᠢ ᠬᠥᠷᠥᠩᠭᠡ ᠶᠢ ᠪᠤᠵᠠᠭᠠᠶᠢᠷᠠᠭᠤᠯᠤᠨ ᠂ ᠨᠡᠶᠢᠭᠡᠮ ᠤᠨ | ᠬᠥᠷᠥᠩᠭᠡ ᠶᠢ ᠨᠠᠩ ᠶᠡᠭᠡ ᠡᠷᠴᠢᠮ ᠢᠶᠠᠷ ᠲᠠᠲᠠᠵᠤ ᠦᠢᠯᠡᠰ ᠪᠣᠰᠬᠠᠬᠤ ᠪᠡᠯᠡ ᠣᠷᠣᠭᠤᠯᠤᠯᠲᠠ ᠳᠤ ᠣᠷᠣᠯᠴᠠᠭᠤᠯᠵᠤ ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ | ᠠᠬᠤᠶᠢᠯᠠᠯ ᠢ ᠱᠠᠲᠤᠯᠢᠭ ᠢᠶᠠᠷ ᠪᠤᠶᠢᠵᠢᠭᠤᠯᠬᠤ ᠬᠡᠷᠡᠭᠲᠡᠢ ᠃ ︽ ᠳᠣᠲᠣᠭᠰᠢ ᠬᠤᠮᠢᠷᠠᠬᠤ ᠮᠠᠶ᠋ᠢᠭ ︾ ᠤᠨ ᠥᠷᠢᠰᠦᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠂ | ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ ᠃ ᠲᠣᠭᠠᠴᠢᠯᠠᠭᠰᠠᠨ ᠮᠡᠷᠭᠡᠵᠢᠯ ᠂ ᠪᠣᠬᠢᠷᠳᠤᠯ | ᠦᠭᠡᠢ ᠲᠦ᠋ᠭᠨᠢᠭ ᠮᠡᠷᠭᠡᠵᠢᠯ ᠢ ᠢᠳᠡᠪᠬᠢᠲᠡᠢ ᠬᠡᠷᠡᠭᠯᠡᠵᠦ ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠬᠡᠷᠡᠭᠲᠡᠢ ᠃ | ᠭᠤᠷᠪᠠ ᠳᠤ ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠂ ᠪᠡᠯᠭᠡ ᠲᠡᠮᠳᠡᠭ ᠤᠨ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠨᠡᠶᠢᠲᠡᠯᠡᠬᠦ ᠬᠡᠷᠡᠭᠲᠡᠢ ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠬᠡᠷᠡᠭᠲᠡᠢ ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ | ᠵᠢᠯᠣᠭᠤᠳᠤᠮᠵᠢ ᠶᠢ ᠲᠣᠭᠲᠠᠭᠠᠬᠤ ᠬᠡᠷᠡᠭᠲᠡᠢ ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ ᠃ ᠡᠳ᠋ ᠤᠨ ᠵᠠᠰᠠᠭ ᠭᠠᠶᠢᠯᠢ ᠶᠢᠨ ᠲᠠᠯ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠣᠷᠣᠨ | ᠨᠤᠲᠤᠭ ᠤᠨ ᠪᠡᠶ᠎ᠡ ᠪᠠᠨ ᠳᠠᠭᠠᠭᠠᠭᠰᠠᠨ ᠡᠳ᠋ ᠤᠨ ᠬᠦᠴᠦᠨ ᠢ ᠨᠡᠮᠡᠭᠳᠡᠭᠦᠯᠬᠦ ᠬᠡᠷᠡᠭᠲᠡᠢ ᠃ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠪᠡᠯᠡ | ᠬᠤᠷᠠᠮᠳᠤᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ | ᠣᠷᠣᠬᠤ ᠬᠤᠷᠢᠭ᠎ᠠ ᠴᠡᠭ ᠢ ᠨᠠᠪᠲᠠᠷᠡᠭᠦᠯᠵᠦ ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠤᠨ ᠪᠠᠭᠲᠠᠭᠠᠮᠵᠢᠲᠤ ᠴᠢᠨᠠᠷ ᠂ ᠵᠣᠬᠢᠴᠠᠬᠤ ᠴᠢᠨᠠᠷ ᠢ ᠴᠢᠩᠭᠠᠷᠠᠭᠤᠯᠬᠤ | ᠬᠡᠷᠡᠭᠲᠡᠢ ᠃ | ᠳᠥᠷᠪᠡ ᠳᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠂ ᠭᠠᠳᠠᠭᠠᠳᠤ | ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ ᠃ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠪᠠ ᠭᠠᠭᠴᠠ ᠲᠠᠯᠠᠲᠤ ᠨᠡᠭᠡᠭᠡᠯᠲᠡ ᠶᠢ ᠡᠮᠬᠢ ᠵᠢᠷᠤᠮ ᠲᠠᠢ ᠥᠷᠭᠡᠳᠬᠡᠨ ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠬᠡᠬᠦ ᠶᠢ ᠠᠬᠢᠭᠤᠯᠵᠤ ᠂ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ ᠤᠨ ᠭᠤᠣᠯᠯᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠃ | ᠦᠢᠯᠡᠴᠢᠯᠡᠭᠡᠨ ᠤ ᠠᠷᠠᠯᠵᠢᠶ᠎ᠠ ᠂ ᠪᠣᠬᠢᠷᠳᠤᠯ ᠦᠭᠡᠢ ᠠᠷᠠᠯᠵᠢᠶ᠎ᠠ ᠂ ᠲᠣᠭᠠᠴᠢᠯᠠᠭᠰᠠᠨ ᠠᠷᠠᠯᠵᠢᠶ᠎ᠠ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ ᠃ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ ᠃ ᠦᠢᠯᠡᠴᠢᠯᠡᠭᠡᠨ ᠤ | ᠦᠢᠯᠡᠰ ᠤᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ ᠂ ᠴᠠᠭᠢᠯᠭᠠᠨ ᠴᠢᠮᠡᠭᠡ ᠬᠤᠯᠪᠤᠭ᠎ᠠ ᠂ ᠡᠮᠴᠢᠯᠡᠭᠡᠨ ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ | ᠨᠡᠭᠡᠭᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠨ ᠂ ︽ ᠳᠤᠮᠳᠠᠳᠤ ᠤᠯᠤᠰ ᠲᠤ ᠪᠡᠯᠡ ᠣᠷᠣᠭᠤᠯᠬᠤ ︾ ᠲᠦᠷᠦᠯ ᠲᠡᠮᠳᠡᠭ ᠢ ᠦᠷᠭᠦᠯᠵᠢᠯᠡᠨ ᠡᠭᠦᠳᠬᠦ ᠬᠡᠷᠡᠭᠲᠡᠢ ᠃ | ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠂ | ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ | ᠲᠠᠪᠤ ᠳᠤ ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ | ᠵᠣᠭᠰᠣᠭᠠᠵᠤ ᠲᠣᠭᠲᠠᠭᠤᠨ ᠪᠠᠶᠢᠳᠠᠯ ᠳᠤ ᠣᠷᠣᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ ᠂ ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ | ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠬᠢᠵᠦ ᠂ ᠬᠠᠲᠠᠭᠤ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ ᠃ ᠰᠢᠨ᠎ᠡ ᠪᠠᠷ ᠨᠡᠮᠡᠭᠳᠡᠭᠰᠡᠨ ᠭᠡᠷ ᠭᠠᠵᠠᠷ ᠤᠨ ᠬᠥᠷᠥᠩᠭᠡ ᠳᠤ ᠬᠡᠷᠡᠭᠯᠡᠬᠦ ᠭᠠᠵᠠᠷ | ᠰᠢᠷᠣᠢ ᠶᠢᠨ ᠬᠠᠩᠭᠠᠯᠭ᠎ᠠ ᠶᠢ ᠵᠦᠢ ᠵᠣᠬᠢᠰᠲᠠᠢ ᠬᠢᠵᠠᠭᠠᠷᠯᠠᠵᠤ ᠂ ᠨᠥᠭᠡᠴᠡ ᠭᠠᠵᠠᠷ ᠰᠢᠷᠣᠢ ᠪᠠ ᠬᠤᠳᠠᠯᠳᠤᠭ᠎ᠠ ᠡᠵᠡᠩᠨᠡᠯᠲᠡ ᠳᠤ ᠬᠡᠷᠡᠭᠯᠡᠬᠦ ᠪᠠ ᠠᠯᠪᠠᠯᠠᠬᠤ ᠳᠤ | ᠬᠡᠷᠡᠭᠯᠡᠬᠦ ᠭᠡᠷ ᠪᠠᠶᠢᠰᠢᠩ ᠢ ᠠᠮᠢᠳᠤᠯᠢᠭᠵᠢᠭᠤᠯᠵᠤ ᠂ ᠨᠥᠭᠡᠴᠡ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ ᠠᠵᠢᠯ ᠢ ᠠᠬᠢᠭᠤᠯᠬᠤ ᠬᠡᠷᠡᠭᠲᠡᠢ ᠃ ᠭᠡᠷ ᠭᠠᠵᠠᠷ ᠤᠨ | ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠵᠤ ᠂ ᠬᠤᠯᠪᠣᠭᠳᠠᠯ ᠪᠦᠬᠦᠢ ᠰᠠᠭᠤᠷᠢᠯᠠᠬᠤ ᠴᠢᠨᠠᠷᠲᠠᠢ ᠳᠦᠷᠢᠮ ᠢ ᠡᠮᠬᠢ | ᠵᠢᠷᠤᠮ ᠲᠠᠢ ᠪᠠᠷ ᠪᠠᠶᠢᠭᠤᠯᠬᠤ ᠬᠡᠷᠡᠭᠲᠡᠢ ᠃ ᠣᠷᠣᠨ ᠨᠤᠲᠤᠭ ᠤᠨ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠯᠠᠪᠳᠠᠭᠤᠨ | ᠲᠣᠬᠢᠷᠠᠮᠵᠢᠲᠠᠢ ᠰᠢᠢᠳᠪᠦᠷᠢᠯᠡᠬᠦ ᠬᠡᠷᠡᠭᠲᠡᠢ ᠃ ᠲᠥᠪ ᠤᠨ ᠪᠠ ᠣᠷᠣᠨ ᠨᠤᠲᠤᠭ ᠤᠨ ᠬᠢᠨ ᠬᠦᠴᠦ ᠪᠠᠨ ᠬᠠᠮᠲᠤᠳᠬᠠᠨ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠢ ᠃ | ᠵᠢᠷᠭᠤᠭ᠎ᠠ ᠳᠤ ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠃ ᠲᠠᠷᠢᠶᠠᠨ ᠭᠠᠵᠠᠷ ᠤᠨ ᠤᠯᠠᠭᠠᠨ | ᠱᠤᠭᠤᠮ ᠢ ᠴᠢᠩᠭ᠎ᠠ ᠰᠠᠬᠢᠵᠤ ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ ᠃ ᠠᠮᠤ | ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠵᠤ ᠂ | ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠠᠮᠤ ᠪᠤᠳᠠᠭ᠎ᠠ ᠲᠠᠷᠢᠬᠤ ᠲᠠᠷᠢᠶᠠᠴᠢᠨ ᠪᠠ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠢᠳᠡᠪᠬᠢᠵᠢᠯ ᠢ ᠬᠠᠮᠠᠭᠠᠯᠠᠵᠤ ᠂ ᠠᠮᠤ ᠪᠤᠳᠠᠭᠠᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠢ ᠬᠥᠭᠵᠢᠭᠦᠯᠬᠦ ᠂ ᠰᠢᠶᠠᠨ ᠢ ᠬᠦᠴᠦᠷᠬᠡᠭᠵᠢᠭᠦᠯᠬᠦ ᠂ ᠠᠷᠠᠳ ᠢ | ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ ᠂ ᠠᠷᠭ᠎ᠠ ᠪᠦᠭᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ | ᠠᠷᠭ᠎ᠠ ᠵᠠᠮ ᠢ ᠥᠷᠭᠡᠳᠬᠡᠬᠦ ᠬᠡᠷᠡᠭᠲᠡᠢ ᠃ ᠣᠳᠣᠬᠢᠴᠢᠯᠠᠭᠰᠠᠨ ᠶᠡᠭᠡ ᠬᠤᠲᠠ ᠶᠢᠨ ᠲᠣᠭᠤᠷᠢᠭ ᠢ ᠬᠥᠭᠵᠢᠭᠦᠯᠵᠦ ᠂ ᠭᠡᠲᠦ ᠲᠣᠮᠣ ᠣᠨᠴᠠ ᠲᠣᠮᠣ ᠬᠤᠲᠠ ᠶᠢᠨ | ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ ᠃ | ᠲᠤᠯᠤᠭ᠎ᠠ ᠳᠤ ᠂ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠣᠷᠣᠨ ᠪᠦᠰᠡ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ ᠃ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠂ ᠣᠷᠣᠨ ᠪᠦᠰᠡ ᠶᠢᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠳᠠᠪᠬᠤᠷ ᠦᠢᠯᠡᠳᠦᠯ ᠨᠥᠯᠥᠭᠡ ᠶᠢ | ᠪᠠᠳᠠᠷᠠᠭᠤᠯᠵᠤ ᠂ ᠰᠢᠨ᠎ᠡ ᠨᠡᠮᠡᠭᠳᠡᠯ ᠤᠨ ᠲᠦᠢᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ ᠃ ᠠᠵᠤ ᠠᠬᠤᠢ ᠶᠢᠨ ᠬᠥᠭᠵᠢᠯᠲᠡ ᠪᠠᠷ ᠳᠠᠪᠠᠭᠤᠯᠢᠭ ᠣᠷᠣᠨ ᠪᠦᠰᠡ ᠶᠢᠨ | ᠰᠢᠨ᠎ᠡ ᠶᠢ ᠡᠭᠦᠳᠬᠦ ᠴᠢᠳᠠᠪᠤᠷᠢ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠭᠦ ᠬᠡᠷᠡᠭᠲᠡᠢ ᠃ ᠠᠵᠤ ᠠᠬᠤᠢ ᠶᠢᠨ ᠲᠣᠮᠣ ᠮᠤᠵᠢ ᠶᠢᠨ ᠲᠤᠯᠭᠠᠭᠤᠷᠢ | ᠬᠦᠴᠦᠨ ᠪᠤᠯᠬᠤ ᠶᠢ ᠲᠡᠮᠵᠢᠵᠤ ᠂ ᠪᠤᠰᠤᠳ ᠭᠠᠵᠠᠷ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠲᠤᠰ ᠲᠤᠰ ᠤᠨ ᠳᠠᠪᠠᠭᠤᠯᠢᠭ ᠢᠶᠠᠨ | ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ ᠃ ᠵᠡᠭᠦᠨ ᠂ ᠳᠤᠮᠳᠠ ᠂ ᠪᠠᠷᠠᠭᠤᠨ ᠪᠠ ᠵᠡᠭᠦᠨ ᠬᠤᠶᠢᠲᠤ ᠶᠢᠨ ᠭᠠᠵᠠᠷ ᠣᠷᠣᠨ ᠤ ᠠᠵᠤ ᠦᠢᠯᠡᠰ ᠤᠨ ᠬᠠᠮᠵᠢᠯᠴᠠᠭ᠎ᠠ ᠶᠢ | ᠭᠦᠨᠵᠡᠭᠡᠶᠢᠷᠡᠭᠦᠯᠵᠦ ᠂ ᠳᠠᠯᠠᠢ ᠲᠠᠩᠭᠢᠰ ᠤᠨ ᠠᠵᠤ ᠠᠬᠤᠢ ᠪᠠ ᠪᠤᠯᠤᠩ ᠤᠨ ᠣᠷᠣᠨ ᠤ ᠠᠵᠤ ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ ᠃ | ᠨᠠᠢᠮᠠ ᠳᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠂ ᠪᠣᠬᠢᠷᠳᠤᠯ ᠢ ᠪᠠᠭᠠᠰᠬᠠᠬᠤ ᠂ ᠨᠣᠭᠤᠭᠠᠷᠠᠭᠤᠯᠤᠯᠲᠠ ᠶᠢ ᠥᠷᠭᠡᠳᠬᠡᠬᠦ ᠂ | ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠬᠡᠷᠡᠭᠲᠡᠢ ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠠᠮᠢ ᠠᠬᠤᠢ ᠶᠢ ᠪᠤᠢ ᠪᠤᠯᠭᠠᠵᠤ ᠂ | ᠪᠣᠬᠢᠷᠳᠤᠯ ᠦᠭᠡᠢ ᠪᠠᠷᠢᠯᠭ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠢ ᠃ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠴᠢᠬᠤᠯᠠ ᠦᠷ᠎ᠡ ᠪᠦᠲᠦᠭᠡᠯ ᠣᠯᠬᠤ ᠶᠢ ᠠᠬᠢᠭᠤᠯᠵᠤ ᠂ ︽ ᠡᠯᠡᠰᠦ ᠭᠤᠪᠢ ᠴᠦᠯ ︾ ᠳᠠᠬᠢ ᠰᠢᠨ᠎ᠡ ᠡᠨᠧᠷᠭᠢ ᠶᠢᠨ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠃ ᠨᠢᠭᠡ ᠪᠦᠯᠦᠭ ᠨᠡᠭᠦᠷᠡᠰᠦᠲᠥ᠋ᠷᠥᠭᠴᠢ ᠥᠯᠤ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ | ᠪᠠᠶᠢᠭᠤᠯᠵᠤ ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ | ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠂ ᠨᠡᠭᠦᠷᠡᠰᠦᠲᠥ᠋ᠷᠥᠭᠴᠢ ᠶᠢᠨ ᠲᠡᠮᠳᠡᠭ ᠢᠯᠡᠳᠬᠡᠮᠵᠢ ᠭᠡᠷᠡᠴᠢᠯᠡᠬᠦ ᠳᠦᠷᠢᠮ ᠢ ᠪᠠᠶᠢᠭᠤᠯᠬᠤ ᠬᠡᠷᠡᠭᠲᠡᠢ ᠃ ᠬᠥᠬᠡ | ᠣᠭᠲᠠᠷᠭᠤᠢ ᠂ ᠬᠥᠬᠡᠮᠳᠦᠭ ᠤᠰᠤ ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠃ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠬᠤ ᠬᠡᠷᠡᠭᠲᠡᠢ ᠃ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ | ᠶᠢᠰᠦ ᠳᠤ ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ | ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠂ ᠭᠤᠣᠯᠳᠠᠯᠭ᠎ᠠ ᠲᠠᠢ ᠠᠵᠢᠯ ᠲᠥᠷᠥᠯ ᠂ | ᠬᠤᠲᠠ ᠬᠥᠳᠡᠭᠡ ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ ᠂ | ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ ᠃ ᠠᠮᠢᠳᠤᠯᠢᠭ ᠢᠶᠠᠷ ᠠᠵᠢᠯ ᠣᠯᠣᠭᠰᠠᠳ ᠪᠠ ᠰᠢᠨ᠎ᠡ ᠠᠵᠢᠯ ᠣᠯᠭᠤᠯᠲᠠ ᠶᠢᠨ | ᠭᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ ᠠᠵᠤ ᠦᠢᠯᠡᠰ ᠂ ᠠᠵᠢᠯ ᠣᠯᠭᠤᠯᠲᠠ ᠵᠡᠷᠭᠡ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ | ᠪᠠᠲᠤᠯᠠᠵᠤ ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠪᠥᠭᠡᠳ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ ᠂ ᠴᠢᠨᠠᠷ ᠰᠠᠶᠢᠲᠠᠢ ᠵᠢᠩᠬᠢᠨᠢ ᠠᠩᠭᠢ ᠶᠢᠨ ᠪᠠᠭᠲᠠᠭᠠᠮᠵᠢ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠦᠷᠡᠵᠢᠯ ᠢ ᠠᠬᠢᠭᠤᠯᠬᠤ ᠲᠦᠷᠦ ᠶᠢᠨ | ᠪᠣᠳᠣᠯᠭ᠎ᠠ ᠶᠢ ᠲᠣᠭᠲᠠᠭᠠᠬᠤ ᠬᠡᠷᠡᠭᠲᠡᠢ ᠃ ᠨᠡᠶᠢᠭᠡᠮ ᠲᠣᠭᠤᠷᠢᠭ ᠠᠴᠠ ᠳᠡᠮᠵᠢᠬᠦ ᠭᠡᠷ ᠲᠡᠭᠡᠨ ᠰᠠᠭᠤᠵᠤ ᠠᠰᠠᠷᠠᠮᠵᠢ ᠭᠦᠷᠳᠡᠭᠦ ᠨᠠᠰᠤᠵᠢᠯ ᠤᠨ ᠠᠰᠠᠷᠠᠮᠵᠢ ᠶᠢ | ᠬᠥᠭᠵᠢᠭᠦᠯᠵᠦ ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠭᠡᠳᠬᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ︽ | ᠹᠧᠩᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮᠲᠦ ᠵᠠᠰᠠᠯᠲᠠ ᠶᠢ ᠴᠢᠩᠭᠠᠳᠬᠠᠬᠤ ᠬᠡᠷᠡᠭᠲᠡᠢ ᠃ | ᠬᠤᠷᠠᠯ ᠠᠴᠠ ᠂ ᠤᠬᠠᠮᠰᠠᠷ ᠠᠴᠠ ᠪᠠᠨ ᠪᠠᠶᠢᠳᠠᠯ ᠬᠠᠨᠳᠤᠰᠢ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠮᠠᠭᠠᠳᠯᠠᠯᠲᠠ ᠪᠠᠷ ᠦᠵᠡᠯ | ᠰᠠᠨᠠᠭ᠎ᠠ ᠪᠠᠨ ᠨᠢᠭᠡᠳᠬᠡᠵᠦ ᠂ ᠵᠣᠷᠢᠯᠲᠠ ᠪᠠᠨ ᠨᠢᠭᠡᠳᠬᠡᠵᠦ ᠂ ᠦᠢᠯᠡ ᠠᠵᠢᠯᠯᠠᠭ᠎ᠠ ᠪᠠᠨ ᠨᠢᠭᠡᠳᠬᠡᠵᠦ ᠂ ᠶᠡᠷᠦᠩᠬᠡᠢ ᠬᠠᠨᠳᠤᠰᠢ ᠶᠢ ᠡᠵᠡᠮᠳᠡᠵᠦ ᠂ ᠢᠲᠡᠭᠡᠯ ᠵᠣᠷᠢᠭ ᠢᠶᠠᠨ | ᠪᠠᠲᠤᠳᠬᠠᠬᠤ ᠬᠡᠷᠡᠭᠲᠡᠢ ᠪᠥᠭᠡᠳ ᠪᠠᠰᠠ ᠬᠦᠴᠢᠷᠳᠡᠯ ᠳᠤ ᠵᠥᠪ ᠬᠠᠨᠳᠤᠵᠤ ᠂ ᠰᠡᠷᠭᠡᠭ ᠪᠠᠶᠢᠬᠤ ᠬᠡᠷᠡᠭᠲᠡᠢ ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠶᠡᠷᠦᠩᠬᠡᠢ ᠱᠠᠭᠠᠷᠳᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ | ᠴᠢᠬᠤᠯᠠᠴᠢᠯᠠᠵᠤ ᠂ ᠨᠡᠮᠡᠭᠳᠡᠯ ᠲᠣᠭᠲᠠᠭᠤᠨ ᠂ ᠠᠵᠢᠯ ᠣᠯᠭᠤᠯᠲᠠ ᠲᠣᠭᠲᠠᠭᠤᠨ ᠪᠠ ᠪᠠᠷᠠᠭᠠᠨ ᠤ ᠦᠨ᠎ᠡ ᠵᠣᠬᠢᠰᠲᠠᠢ ᠳᠡᠭᠡᠭᠰᠢᠯᠡᠭᠰᠡᠨ ᠰᠢᠯᠢᠳᠡᠭᠵᠢᠭᠰᠡᠨ ᠶᠡᠷᠦᠩᠬᠡᠢ | ᠪᠠᠶᠢᠳᠠᠯ ᠢ ᠬᠦᠴᠦᠯᠡᠨ ᠪᠡᠶᠡᠯᠡᠭᠦᠯᠬᠦ ᠭᠡᠷᠡᠭᠲᠡᠢ ︔ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠵᠦ ᠂ ᠴᠠᠭ ᠲᠣᠭᠢᠶᠠᠯ ᠢ ᠠᠮᠵᠢᠬᠤ ᠡᠷᠴᠢᠮ ᠢ ᠡᠷᠬᠢᠮᠯᠡᠵᠦ ᠂ | ᠡᠯ᠎ᠡ ᠵᠦᠢᠯ ᠤᠨ ᠠᠵᠢᠯ ᠢ ᠡᠷᠲᠡᠬᠡᠨ ᠰᠢᠭ ᠬᠢᠵᠦ ᠂ ᠴᠢᠩᠭ᠎ᠠ ᠪᠥᠭᠡᠳ ᠪᠣᠳᠠᠲᠠᠢ ᠠᠳᠬᠤᠵᠤ ᠂ ᠭᠦᠢᠴᠡᠳ ᠡᠷᠴᠢᠮᠲᠡᠢ ᠪᠠᠶᠢᠬᠤ ᠶᠢ ᠪᠠᠲᠤᠯᠠᠬᠤ ᠭᠡᠷᠡᠭᠲᠡᠶ ︔ | ᠰᠢᠰᠲ᠋ᠧᠮᠳᠤ ᠰᠡᠳᠬᠢᠬᠦᠢ ᠪᠠᠨ ᠴᠢᠩᠭᠠᠷᠠᠭᠤᠯᠵᠤ ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ | ᠵᠣᠬᠢᠴᠠᠯᠳᠤᠨ ᠬᠠᠮᠵᠢᠯᠴᠠᠬᠤ ᠶᠢ ᠴᠢᠬᠤᠯᠠᠴᠢᠯᠠᠨ ᠂ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠶᠢ ᠥᠷᠭᠡᠳᠬᠡᠬᠦ ᠬᠡᠷᠡᠭᠲᠡᠢ ᠃ ᠵᠠᠩᠭᠢᠯᠠᠭ᠎ᠠ ᠶᠢᠨ ᠭᠤᠭᠴᠤᠭ᠎ᠠ ᠶᠢ | ᠴᠢᠩᠭ᠎ᠠ ᠠᠳᠬᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠪᠡᠶᠡᠯᠡᠭᠦᠯᠵᠦ ᠂ ᠬᠡᠷᠡᠭᠴᠡᠭᠡ ᠬᠦᠷᠦᠯᠴᠡᠬᠦ ᠦᠭᠡᠢ | ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠂ ᠳᠣᠲᠣᠭᠠᠳᠤ ᠬᠡᠷᠡᠭᠴᠡᠭᠡ ᠢᠯᠠᠩᠭᠤᠶ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠦᠴᠦᠯᠡᠨ | ᠬᠥᠭᠵᠢᠭᠡᠬᠦ ᠭᠡᠷᠡᠭᠲᠡᠢ ︔ ᠭᠦᠭᠵᠢᠯᠲᠡ ᠶᠢ ᠬᠦᠯᠢᠶᠡᠰᠦᠯᠡᠵᠦ ᠪᠠᠶᠢᠭ᠎ᠠ ᠭᠦᠨ ᠳᠡᠰ ᠳᠠᠪᠬᠤᠷᠭ᠎ᠠ ᠶᠢᠨ ᠬᠠᠷᠰᠢ ᠰᠠᠭᠠᠳ ᠪᠣᠯᠣᠨ ᠭᠠᠳᠠᠭᠠᠳᠤ ᠥᠷᠢᠰᠦᠯᠳᠦᠭᠡᠨ ᠳᠤ | ᠴᠢᠭᠯᠡᠭᠦᠯᠦᠨ ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠭᠡᠷᠡᠭᠳᠡᠢ ︔ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠪᠣᠭᠤᠮᠢ ᠶᠢᠨ ᠬᠢᠵᠠᠭᠠᠷᠯᠠᠯ ᠳᠤ ᠴᠢᠭᠯᠡᠭᠦᠯᠦᠨ ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠲᠣᠭᠲᠠᠭᠤᠨ ᠢᠶᠠᠷ ᠵᠠᠯᠭᠠᠯᠳᠤᠨ | ᠰᠣᠯᠢᠭᠳᠠᠬᠤ ᠶᠢ ᠠᠬᠢᠭᠤᠯᠬᠤ ᠭᠡᠷᠡᠭᠳᠡᠢ ︔ ᠠᠵᠤ ᠠᠬᠤᠶᠢᠯᠠᠯ ᠤᠨ ᠡᠵᠡᠩᠨᠡᠯᠲᠡ ᠳᠠᠬᠢ ᠠᠩᠬᠠᠷᠤᠯ ᠲᠠᠯᠪᠢᠵᠤ ᠪᠠᠶᠢᠭ᠎ᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ ᠂ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠭᠡᠷᠡᠭᠳᠡᠢ ︔ ᠭᠤᠣᠯᠳᠠᠯᠭ᠎ᠠ ᠲᠠᠢ ᠬᠦᠷᠢᠶᠡᠨ ᠳᠠᠬᠢ | ᠠᠶᠤᠯ ᠲᠦᠭᠰᠢᠭᠦᠷᠢ ᠭᠡᠮ ᠰᠣᠭᠤᠭ ᠲᠤ ᠴᠢᠭᠯᠡᠭᠦᠯᠦᠨ ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ ᠂ ᠦᠨᠳᠦᠰᠦᠨ ᠱᠠᠲᠤᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ | ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠨᠠᠩ ᠰᠠᠶᠢᠲᠤᠷ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ | ᠢᠲᠡᠭᠡᠯ ᠵᠣᠷᠢᠭ ᠢᠶᠠᠨ ᠬᠥᠪᠴᠢᠯᠡᠵᠦ ᠂ ᠬᠦᠴᠢᠷ ᠢ ᠰᠥᠷᠦᠨ ᠤᠷᠤᠭᠰᠢᠯᠠᠵᠤ ᠂ ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ ᠂ ᠨᠠᠮ ᠤᠨ ᠲᠥᠪ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠵᠥᠪ | ᠲᠠᠯ᠎ᠠ ᠠᠴᠠ ᠵᠣᠷᠢᠭᠵᠢᠭᠤᠯᠬᠤ ᠶᠢ ᠴᠢᠩᠭᠠᠳᠬᠠᠵᠤ ᠂ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ ᠃ ᠦᠨᠳᠦᠰᠦᠨ | ᠱᠠᠲᠤᠨ ᠤ ᠬᠦᠯᠢᠶᠡᠰᠦ ᠶᠢ ᠦᠨᠡᠨ ᠬᠦ ᠰᠤᠯᠠᠯᠠᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠂ ᠠᠵᠢᠯ ᠬᠢᠬᠦ ᠰᠠᠨᠠᠭ᠎ᠠ ᠲᠠᠢ ᠂ ᠠᠵᠢᠯ ᠬᠢᠵᠦ ᠴᠢᠳᠠᠬᠤ ᠺᠠᠳ᠋ᠷ ᠢ ᠠᠵᠢᠯ | ᠬᠢᠵᠦ ᠴᠢᠳᠠᠬᠤ ᠂ ᠠᠵᠢᠯ ᠪᠦᠲᠦᠭᠡᠵᠦ ᠳᠡᠶᠢᠯᠭᠦ ᠪᠤᠯᠭᠠᠬᠤ ᠬᠡᠷᠡᠭᠲᠡᠢ ᠃ ᠢᠯᠵᠢᠷᠡᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠢᠳᠬᠡᠵᠦ ᠂ ᠡᠷᠬᠡ ᠲᠡᠭᠰᠢ ᠲᠥᠪ | ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠂ ᠣᠪᠣᠷ ᠰᠤᠷᠲᠠᠯ ᠲᠥᠪ ᠴᠢᠬᠡᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠠᠲᠤᠯᠠᠬᠤ ᠬᠡᠷᠡᠭᠲᠡᠢ ᠃ | ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ ᠂ ᠳᠡᠭᠡᠷ᠎ᠡ ᠱᠠᠲᠤᠨ ᠳᠤ ᠬᠢᠵᠦ ᠦᠵᠡᠭᠦᠯᠭᠦ ᠳᠤᠷ᠎ᠠ ᠲᠠᠢ ᠂ ᠳᠣᠣᠷ᠎ᠠ ᠱᠠᠲᠤᠨ ᠳᠠᠭᠠᠨ ᠬᠠᠷᠢᠭᠤᠴᠠᠬᠤ | ᠦᠭᠡᠢ ᠂ ᠪᠣᠳᠠᠲᠤ ᠦᠷ᠎ᠡ ᠪᠦᠲᠦᠮᠵᠢ ᠶᠢ ᠪᠣᠳᠣᠯᠬᠢᠯᠠᠬᠤ ᠦᠭᠡᠢ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠡᠰᠡᠷᠭᠦᠴᠡᠬᠦ ᠬᠡᠷᠡᠭᠲᠡᠢ ᠃ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ ᠂ ᠨᠡᠶᠢᠭᠡᠮ ᠤᠨ ᠠᠮᠤᠷ ᠲᠦᠪᠰᠢᠨ ᠤ ᠬᠡᠷᠡᠭ ᠢ | ᠪᠦᠲᠦᠮᠵᠢᠲᠡᠢ ᠪᠠᠷ ᠰᠡᠷᠭᠡᠶᠢᠯᠡᠨ ᠴᠠᠭ ᠲᠤᠬᠠᠢ ᠳᠤᠨᠢ ᠠᠷᠭᠠᠴᠠᠭᠠᠬᠤ ᠬᠡᠷᠡᠭᠲᠡᠢ ᠃ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ ᠂ ᠥᠪᠡᠷᠮᠡᠲᠡᠭᠡᠢ ᠦᠵᠡᠯ ᠢ | ᠡᠰᠡᠷᠭᠦᠴᠡᠵᠦ ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠵᠢᠱᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠶᠢ ᠬᠥᠲᠥᠯᠥᠨ ᠵᠢᠯᠤᠭᠤᠳᠬᠤ ᠶᠢ ᠬᠠᠮᠵᠢᠯᠴᠠᠨ ᠠᠬᠢᠭᠤᠯᠵᠤ ᠂ ᠲᠥᠷᠥ ᠶᠢᠨ ᠪᠣᠳᠣᠯᠭ᠎ᠠ ᠶᠢᠨ ᠬᠥᠲᠥᠯᠥᠨ | ᠵᠢᠯᠤᠭᠤᠳᠬᠤ ᠬᠦᠴᠦᠨ ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠡᠭᠦᠨ ᠤ ᠬᠠᠮᠲᠤ ᠂ ᠳᠡᠯᠡᠬᠡᠢ ᠶᠢᠨ ᠪᠠᠶᠢᠳᠠᠯ ᠤᠯᠤᠰ ᠤᠨ ᠪᠠᠶᠢᠳᠠᠯ ᠨᠠᠮ ᠤᠨ | ᠪᠠᠶᠢᠳᠠᠯ ᠨᠡᠶᠢᠭᠡᠮ ᠤᠨ ᠪᠠᠶᠢᠳᠠᠯ ᠢ ᠣᠨᠣᠪᠴᠢᠲᠠᠢ ᠡᠵᠡᠮᠳᠡᠵᠦ ᠂ ᠪᠠᠶᠢᠯᠳᠤᠬᠤ ᠪᠣᠳᠣᠯᠭ᠎ᠠ ᠶᠢᠨ ᠤᠬᠠᠭᠠᠯᠠᠨ ᠲᠥᠯᠥᠪᠯᠡᠬᠦ ᠪᠠᠨ ᠴᠢᠩᠭᠠᠳᠬᠠᠨ ᠂ ᠲᠥᠪ ᠤᠨ ︽ ᠠᠷᠪᠠᠨ | ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠰᠠᠶᠢᠲᠤᠷ ᠲᠣᠭᠲᠠᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠣᠨ ᠤ ᠡᠴᠦᠰ ᠵᠢᠯ ᠤᠨ ᠡᠬᠢᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ | ᠠᠵᠢᠯ ᠢ ᠰᠠᠶᠢᠲᠤᠷ ᠬᠢᠵᠦ ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠪᠣᠯᠣᠨ ᠠᠶᠤᠯ ᠲᠦᠭᠰᠢᠭᠦᠷᠢ ᠭᠡᠮ ᠰᠣᠭᠤᠭ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠂ ᠪᠦᠭᠦ ᠨᠠᠮ ᠪᠦᠭᠦ ᠤᠯᠤᠰ ᠪᠦᠭᠦ ᠨᠡᠶᠢᠭᠡᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠰᠤᠭᠠᠢ ᠭᠡᠵᠦ | ᠤᠷᠢᠶᠠᠯᠠᠪᠠ ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ | ᠨᠥᠬᠦᠳ ᠂ ᠲᠦᠷᠦ ᠶᠢᠨ ᠶᠠᠪᠤᠳᠠᠯ ᠤᠨ ᠭᠡᠰᠢᠭᠦᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠭᠡᠰᠢᠭᠦᠨ ᠵᠡᠷᠭᠡ ᠬᠥᠮᠥᠰ ᠬᠤᠷᠠᠯ ᠳᠤ ᠣᠷᠣᠯᠴᠠᠪᠠ ᠃ | ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠳᠠ ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠣᠨ ᠠᠵᠤ ᠠᠬᠤᠶᠢᠯᠠᠯ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ ᠃ | | | |